| 12 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ | ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠭᠤᠣᠯ | ᠴᠣᠭᠴᠠ ᠶᠢᠨ ᠬᠠᠷᠢᠭᠤᠴᠠᠯᠭ᠎ᠠ ᠶᠢᠨ ᠠᠯᠪᠠᠨ ᠭᠡᠷ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ ᠠᠯᠪᠠᠨ ᠭᠡᠷ ᠪᠣᠯᠤᠨ ᠬᠤᠯᠪᠣᠭᠳᠠᠯ ᠪᠦᠬᠦᠢ ᠠᠵᠢᠯᠯᠠᠬᠤ | ᠳᠤᠭᠤᠶᠢᠯᠠᠩ ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠵᠠᠰᠠᠯᠲᠠ ᠶᠢᠨ ᠡᠭᠦᠷᠭᠡ ᠶᠢ | ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ | ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠸᠠᠩ ᠯᠢ ᠰᠢᠶᠠ᠂ ᠮᠧᠩ ᠹᠠᠨ ᠯᠢ᠂ ᠯᠢᠦ ᠱᠤᠸᠠᠩ᠂ ᠳ᠋ᠢᠩ ᠰᠢᠤ ᠹᠧᠩ᠂ ᠬᠤᠸᠠᠩ ᡁᠢ ᠴᠢᠶᠠᠩ᠂ ᠠᠢ ᠯᠢ | ᠬᠤᠸᠠ᠂ ᠡᡁᠧᠩ ᠰᠢᠶᠤᠤ ᠹᠠᠨ᠂ ᠴᠢ᠊ ᠪᠠᠲᠤ ᠬᠤᠷᠠᠯ ᠳᠤ ᠣᠷᠣᠯᠴᠠᠵᠠᠢ᠃ | ᠬᠤᠷᠠᠯ ᠠᠴᠠ᠂ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠣᠷᠣᠨ ᠳᠠᠶᠠᠭᠠᠷ ᠲᠤᠰᠬᠠᠶ ᠴᠡᠭᠴᠡᠯᠡᠨ ᠵᠠᠰᠠᠬᠤ ᠠᠵᠢᠯ ᠢ ᠡᠷᠡᠰ | ᠬᠦᠴᠦᠲᠡᠶ ᠠᠬᠢᠭᠤᠯᠵᠤ᠂ 20 ᠵᠢᠯ ᠭᠡᠳᠡᠷᠭᠦ ᠪᠠᠶᠢᠴᠠᠭᠠᠬᠤ ᠪᠠᠷ ᠳᠡᠮᠵᠢᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠨᠢᠭᠡ ᠪᠦᠯᠦᠭ ᠲᠦᠷᠢᠮ | ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠰᠢᠶᠳᠪᠦᠷᠢᠯᠡᠵᠦ᠂ ᠲᠤᠰᠬᠠᠶ ᠴᠡᠭᠴᠡᠯᠡᠨ ᠵᠠᠰᠠᠬᠤ ᠠᠵᠢᠯ ᠴᠢᠬᠤᠯᠠ ᠦᠷ᠎ᠡ ᠪᠦᠲᠦᠮᠵᠢ | ᠤᠯᠪᠠ᠃ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠲᠠᠯ᠎ᠠ ᠶᠢᠨ ᠬᠢᠨ ᠲᠤᠰᠬᠠᠶ ᠴᠡᠭᠴᠡᠯᠡᠨ ᠵᠠᠰᠠᠯᠲᠠ ᠶᠢ ᠰᠠᠶᠢᠲᠤᠷ ᠠᠳᠬᠤᠬᠤ ᠶᠢᠨ ᠲᠤᠶᠢᠯ ᠤᠨ ᠴᠢᠬᠤᠯᠠ ᠴᠢᠨᠠᠷ ᠢ | ᠭᠦᠨᠵᠡᠭᠡᠶ ᠲᠠᠨᠢᠵᠤ᠂ ᠪᠠᠶᠢᠩᠭᠤᠵᠢᠭᠰᠠᠨ ᠵᠠᠰᠠᠯᠲᠠ ᠬᠢᠭᠰᠡᠨ ᠠᠴᠠ ᠨᠠᠭᠠᠰᠢ ᠢᠯᠡᠷᠡᠭᠰᠡᠨ ᠠᠰᠠᠭᠤᠳᠠᠯ ᠢ ᠰᠡᠷᠭᠡᠭ ᠢᠶᠠᠷ ᠲᠠᠨᠢᠵᠤ᠂ ᠤᠯᠤᠰ ᠲᠥᠷᠥ ᠶᠢᠨ ᠲᠣᠭᠲᠠᠯ | ᠬᠦᠴᠦᠨ ᠢᠶᠠᠨ ᠢᠮᠠᠭᠲᠠ ᠪᠠᠲᠤᠯᠠᠵᠤ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠡᠷᠴᠢ ᠰᠤᠯᠠᠷᠠᠵᠤ ᠴᠠᠯᠠᠭᠠᠶᠢᠷᠠᠬᠤ ᠪᠠ ᠠᠯᠪᠠ ᠬᠠᠰᠢᠵᠤ ᠦᠩᠭᠡᠷᠡᠭᠡᠬᠦ | ᠦᠵᠡᠯ ᠰᠠᠨᠠᠭ᠎ᠠ ᠶᠢ ᠡᠷᠡᠰ ᠲᠡᠪᠴᠢᠵᠦ᠂ ᠡᠷᠡᠰ ᠵᠣᠷᠢᠭ ᠬᠤᠪᠢᠷᠠᠬᠤ ᠦᠭᠡᠢ᠂ ᠪᠠᠷᠢᠮᠵᠢᠶ᠎ᠠ ᠪᠠᠭᠤᠷᠠᠬᠤ ᠥᠬᠡᠶ᠂ ᠡᠷᠴᠢ ᠰᠤᠯᠠᠷᠠᠬᠤ ᠥᠬᠡᠶ᠂ ᠬᠦᠴᠦ ᠪᠠᠭᠠᠰᠬᠤ ᠦᠭᠡᠢ | ᠪᠠᠶᠢᠬᠤ ᠶᠢ ᠪᠠᠷᠢᠮᠲᠠᠯᠠᠵᠤ᠂ ︽ᠴᠢᠩᠭ᠎ᠠ︾ ᠪᠠᠶᠢᠬᠤ ᠭᠤᠤᠯ ᠬᠥᠭ ᠠᠶᠠᠰ᠂ ︽ᠵᠠᠰᠠᠯᠳᠠ︾ ᠶᠢᠨ ᠰᠠᠶᠢᠨ ᠪᠠᠶᠢᠳᠠᠯ ᠢ ᠣᠷᠳᠣ ᠬᠤᠭᠤᠴᠠᠭ᠎ᠠ ᠪᠠᠷ ᠪᠠᠲᠤᠯᠠᠵᠤ᠂ | ᠲᠤᠰᠬᠠᠶ ᠴᠡᠭᠴᠡᠯᠡᠨ ᠵᠠᠰᠠᠯᠲᠠ ᠶᠢᠨ ᠨᠠᠩ ᠶᠡᠭᠡ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠭᠤᠣᠯᠳᠠᠯᠭ᠎ᠠ ᠲᠠᠢ ᠠᠰᠠᠭᠤᠳᠠᠯ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠦᠷᠭᠦᠯᠵᠢᠯᠡᠨ ᠬᠦᠴᠦᠯᠡᠨ ᠪᠣᠭᠤᠮᠲᠠ | ᠰᠢᠪᠲᠤᠯᠵᠤ᠂ ᠬᠦᠴᠦ ᠪᠠᠨ ᠲᠥᠪᠯᠡᠷᠡᠭᠦᠯᠦᠨ ᠰᠥᠨᠥᠭᠡᠯᠳᠡ ᠶᠢᠨ ᠳᠠᠶᠢᠯᠠᠯᠳᠤᠭᠠᠨ᠂ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠲᠦᠷᠢᠮ | ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠪᠣᠳᠠᠲᠠᠢ ᠴᠡᠭᠴᠡᠯᠡᠨ ᠵᠠᠰᠠᠬᠤ ᠶᠢ ᠲᠦᠷᠭᠡᠳᠭᠡᠨ ᠠᠬᠢᠭᠤᠯᠬᠤ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠠᠴᠠ ᠲᠤᠰᠢᠶᠠᠵᠤ ᠦᠭᠭᠦᠭᠰᠡᠨ ᠠᠰᠠᠭᠤᠳᠠᠯ ᠤᠨ ᠨᠠᠷᠢᠨ ᠳᠠᠩᠰᠠ᠂ ᠰᠢᠶᠳᠪᠦᠷᠢᠯᠡᠬᠦ ᠱᠠᠭᠠᠷᠳᠠᠯᠭ᠎ᠠ ᠶᠣᠰᠣᠭᠠᠷ᠂ ᠴᠡᠭᠴᠡᠯᠡᠨ ᠵᠠᠰᠠᠬᠤ ᠶᠢᠨ ︽ᠴᠠᠭ ᠤᠨ | ᠬᠦᠰᠦᠨᠦᠭᠲᠦ︾ ᠪᠠ ︽ᠵᠠᠮ ᠱᠤᠭᠤᠮ ᠤᠨ ᠵᠢᠷᠤᠭ︾ ᠢ ᠲᠣᠳᠣᠷᠬᠠᠶᠢᠯᠠᠵᠤ᠂ ᠨᠢᠭᠡ ᠨᠢᠭᠡ ᠭᠠᠵᠠᠷ ᠤᠷᠤᠨ ᠢᠶᠠᠷ ᠭᠦᠶᠴᠡᠳᠭᠡᠵᠦ᠂ ᠨᠢᠭᠡ ᠨᠢᠭᠡ ᠡᠭᠦᠷᠭᠡ ᠪᠠᠷ | ᠤᠷᠤᠭᠰᠢ ᠠᠬᠢᠭᠤᠯᠵᠤ᠂ ᠬᠠᠷᠠᠯᠲᠠ ᠳᠠᠭᠠᠨ ᠵᠤᠷᠢᠨ ᠤᠷᠤᠭᠰᠢᠯᠠᠵᠤ᠂ ᠠᠰᠠᠭᠤᠳᠠᠯ ᠢ ᠵᠤᠷᠢᠨ ᠰᠠᠶᠢᠵᠢᠷᠠᠭᠤᠯᠵᠤ᠂ ᠦᠷ᠎ᠡ ᠳ᠋ᠦᠩ ᠢᠶᠠᠨ ᠪᠠᠷᠢᠵᠤ ᠲᠠᠩᠰᠠ ᠲᠤᠰᠢᠶᠠᠬᠤ | ᠬᠡᠷᠡᠭᠲᠡᠶ᠃ ᠠᠰᠠᠭᠤᠳᠠᠯ ᠢ ᠴᠡᠭᠴᠡᠯᠡᠨ ᠵᠠᠰᠠᠬᠤ ᠶᠠᠰᠤ ᠴᠢᠨᠠᠷ ᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠪᠠᠷᠢᠮᠵᠢᠶ᠎ᠠ ᠶᠢ ᠪᠠᠭᠤᠷᠠᠭᠤᠯᠬᠤ᠂ ᠱᠠᠭᠠᠷᠳᠠᠯᠭ᠎ᠠ ᠶᠢ | ᠳᠤᠷᠤᠭᠰᠢᠯᠠᠭᠤᠯᠬᠤ ᠶᠢ ᠤᠬᠳᠤ ᠵᠥᠪᠰᠢᠶᠡᠷᠡᠬᠦ ᠦᠭᠡᠢ᠂ ᠴᠡᠭᠴᠡᠯᠡᠨ ᠵᠠᠰᠠᠬᠰᠠᠨ ᠠᠵᠢᠯ ᠨᠢ ᠬᠢᠷᠢ ᠲᠡᠩᠴᠡᠬᠦ ᠦᠭᠡᠢ᠂ ᠪᠠᠷᠢᠮᠵᠢᠶ᠎ᠠ ᠳᠤ ᠬᠦᠷᠬᠦ ᠦᠭᠡᠢ ᠪᠤᠯ ᠳᠠᠬᠢᠵᠤ | ᠬᠢᠯᠭᠡᠬᠦ ᠪᠠᠷ ᠱᠠᠭᠠᠷᠳᠠᠬᠤ ᠬᠡᠷᠡᠭᠲᠡᠢ᠃ ᠲᠤᠰᠬᠠᠶ ᠴᠡᠭᠴᠡᠯᠡᠨ ᠵᠠᠰᠠᠯᠳᠠ ᠶᠢᠨ ᠲᠥᠪᠯᠡᠷᠡᠩᠭᠦᠶ ᠳᠠᠶᠢᠯᠠᠯᠳᠤᠭᠠᠨ ᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ | ᠪᠡᠶᠡᠯᠡᠭᠦᠯᠵᠦ ᠳᠡᠶᠢᠯᠦᠭᠡᠳᠦᠶ ᠪᠠ ᠱᠠᠲᠤᠴᠢ ᠴᠢᠨᠠᠷᠲᠠᠶ ᠪᠠᠷ ᠪᠡᠶᠡᠯᠡᠭᠦᠯᠦᠭᠰᠡᠨ ᠴᠡᠭᠴᠡᠯᠡᠨ ᠵᠠᠰᠠᠬᠤ ᠡᠭᠦᠷᠭᠡ ᠶᠢ ᠨᠢᠭᠡ ᠨᠢᠭᠡ ᠪᠠᠷ ᠰᠤᠳᠤᠯᠤᠨ ᠰᠢᠶᠳᠪᠦᠷᠢᠯᠡᠵᠦ᠂ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠤᠬᠢᠷᠠᠯ ᠢ ᠨᠡᠬᠡᠮᠵᠢᠯᠡᠨ ᠬᠤᠷᠢᠶᠠᠬᠤ᠂ ᠬᠠᠤᠯᠢ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠬᠡᠷᠡᠭ ᠢ | ᠰᠢᠶᠳᠪᠦᠷᠢᠯᠡᠬᠦ᠂ ᠨᠡᠭᠦᠷᠡᠰᠦ ᠳᠤ ᠬᠤᠯᠪᠣᠭᠳᠠᠭᠰᠠᠨ ᠢᠯᠵᠠᠷᠠᠯ ᠤᠨ ᠬᠡᠷᠡᠭ ᠢ ᠪᠠᠶᠢᠴᠠᠭᠠᠨ ᠰᠢᠶᠳᠪᠦᠷᠢᠯᠡᠬᠦ ᠵᠡᠷᠭᠡ ᠭᠤᠤᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ | ᠲᠣᠪᠣᠶᠢᠮ᠎ᠠ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠤᠯᠬᠤ ᠶᠢ ᠦᠨᠡᠨ ᠬᠦ ᠠᠬᠢᠭᠤᠯᠬᠤ | ᠬᠡᠷᠡᠭᠲᠡᠶ᠃ ᠬᠤᠬᠢᠷᠠᠯ ᠢ ᠨᠡᠬᠡᠮᠵᠢᠯᠡᠬᠦ ᠬᠤᠬᠢᠷᠠᠯ ᠢ ᠡᠭᠡᠭᠦᠯᠦᠨ ᠠᠪᠴᠢᠷᠠᠬᠤ ᠪᠠ ᠡᠬᠢ ᠪᠠᠶᠠᠯᠢᠭ ᠢ ᠴᠡᠪᠡᠷᠯᠡᠨ ᠬᠤᠷᠢᠶᠠᠬᠤ ᠶᠢ ᠵᠠᠰᠠᠯᠲᠠ ᠶᠢ ᠭᠦᠨᠵᠡᠭᠡᠶᠢᠷᠡᠭᠦᠯᠬᠦ ᠶᠢᠨ | ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠬᠠᠷᠠᠯᠲᠠ ᠡᠭᠦᠷᠭᠡ ᠶᠢ ᠣᠨᠣᠪᠴᠢᠲᠠᠶ ᠲᠣᠭᠲᠠᠭᠠᠵᠤ᠂ ᠬᠠᠷᠢᠭᠤᠴᠠᠯᠭ᠎ᠠ ᠶᠢᠨ ᠭᠤᠤᠯ ᠴᠣᠭᠴᠠ ᠶᠢ | ᠲᠣᠳᠣᠷᠬᠠᠶᠢᠯᠠᠨ᠂ ᠠᠵᠢᠯ ᠤᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠬᠠᠤᠯᠢ ᠲᠣᠭᠲᠠᠭᠠᠯ ᠶᠣᠰᠣᠭᠠᠷ᠂ ᠲᠥᠷᠥᠯ ᠬᠤᠪᠢᠶᠠᠨ ᠰᠢᠶᠳᠪᠦᠷᠢᠯᠡᠬᠦ ᠶᠢ ᠪᠠᠷᠢᠮᠲᠠᠯᠠᠨ᠂ | ᠨᠡᠭᠦᠷᠡᠰᠦ ᠲᠠᠢ ᠬᠤᠯᠪᠣᠭᠳᠠᠭᠰᠠᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠠᠴᠠ ᠪᠣᠯᠤᠭᠰᠠᠨ ᠬᠤᠬᠢᠷᠠᠯ ᠢ | ᠬᠠᠮᠤᠭ ᠤᠨ ᠶᠡᠭᠡ ᠬᠡᠮᠵᠢᠶ᠎ᠡ ᠪᠠᠷ ᠨᠡᠬᠡᠮᠵᠢᠯᠡᠨ ᠬᠤᠷᠢᠶᠠᠵᠤ ᠡᠭᠡᠭᠦᠯᠦᠨ ᠠᠪᠴᠢᠷᠠᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠤᠬᠢᠷᠠᠯ ᠤᠨ ︽ᠭᠠᠭᠴᠠ | ᠮᠦᠬᠦᠯᠢᠭ ᠢ ᠴᠤ ᠰᠦᠢᠳᠭᠡᠬᠦ ᠦᠭᠡᠢ ᠪᠠᠷ ᠡᠭᠡᠭᠦᠯᠬᠦ︾ ᠬᠡᠷᠡᠭᠲᠡᠶ ᠭᠡᠵᠤ ᠴᠢᠬᠤᠯᠠᠴᠢᠯᠠᠵᠠᠢ᠃ | ᠬᠤᠷᠠᠯ ᠠᠴᠠ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ | ᠴᠡᠭᠴᠡᠯᠡᠨ ᠵᠠᠰᠠᠬᠤ ᠨᠢ ᠨᠢᠭᠡ ᠯᠡ ᠳᠡᠭᠡᠷ᠎ᠡ ᠪᠦᠲᠦᠴᠢᠬᠡᠬᠦ ᠶᠠᠪᠤᠳᠠᠯ ᠪᠢᠰᠢ ᠶᠤᠮ᠂ ᠦᠷᠭᠦᠯᠵᠢᠯᠡᠨ ᠵᠠᠰᠠᠬᠤ᠂ ᠬᠠᠤᠯᠢ ᠶᠣᠰᠣᠭᠠᠷ ᠵᠠᠰᠠᠬᠤ᠂ ᠡᠬᠢ ᠡᠭᠦᠰᠦᠯ ᠠᠴᠠ ᠨᠢ | ᠵᠠᠰᠠᠬᠤ ᠶᠢ ᠪᠠᠷᠢᠮᠲᠠᠯᠠᠵᠤ᠂ ᠪᠠᠶᠢᠩᠭᠤ ᠶᠢᠨ ᠴᠢᠨᠠᠷ ᠤᠨ ᠤᠷᠳᠤ ᠬᠤᠭᠤᠴᠠᠭᠠᠨ ᠤ ᠪᠦᠲᠦᠮᠵᠢᠲᠡᠢ ᠵᠠᠰᠠᠯᠲᠠ ᠶᠢ ᠠᠬᠢᠭᠤᠯᠬᠤ ᠳᠡᠭᠡᠷ᠎ᠡ ᠬᠦᠴᠦ ᠣᠷᠣᠭᠤᠯᠵᠤ᠂ ᠪᠣᠳᠠᠲᠠᠢ | ᠦᠷ᠎ᠡ ᠪᠦᠲᠦᠮᠵᠢ ᠶᠢ ᠡᠷᠬᠢᠮᠯᠡᠵᠤ᠂ ᠲᠦᠷᠢᠮ ᠤᠨ ᠲᠠᠯ᠎ᠠ ᠠᠴᠠ ᠦᠨᠳᠦᠰᠦ ᠰᠠᠭᠤᠷᠢ ᠠᠴᠠ ᠨᠢ ᠳᠤᠳᠠᠭᠳᠠᠯ ᠢ ᠵᠠᠯᠠᠷᠠᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ | ᠬᠡᠷᠡᠭᠲᠡᠢ᠃ ᠨᠡᠭᠦᠷᠡᠰᠦᠨ ᠤ ᠡᠬᠢ ᠪᠠᠶᠠᠯᠢᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠥᠷᠥᠯ ᠵᠦᠶᠯ ᠢ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠪᠠᠨ ᠪᠥᠬᠦ | ᠲᠠᠯ᠎ᠠ ᠪᠠᠷ ᠴᠢᠩᠭᠠᠳᠬᠠᠵᠤ᠂ ᠨᠥᠬᠦᠴᠡᠯ ᠡᠯᠧᠮᠧᠨ᠋ᠲ ᠢ ᠨᠠᠷᠢᠯᠢᠬᠵᠢᠭᠤᠯᠤᠨ᠂ ᠠᠵᠢᠯ ᠤᠨ ᠳᠡᠰ ᠳᠠᠷᠠᠭᠠᠯᠠᠯ ᠢ ᠲᠡᠭᠦᠯᠳᠡᠷᠵᠢᠭᠦᠯᠵᠦ᠂ ᠪᠥᠬᠦ ᠶᠠᠪᠤᠴᠠ ᠳᠤ ᠲᠠᠩᠰᠠ | ᠡᠪᠬᠡᠮᠡᠯ ᠦᠯᠡᠳᠡᠭᠡᠵᠦ᠂ ᠪᠥᠬᠦ ᠬᠡᠯᠬᠢᠶ᠎ᠡ᠂ ᠪᠥᠬᠦ ᠶᠠᠪᠤᠴᠠ ᠶᠢ ᠪᠠᠶᠢᠴᠠᠭᠠᠨ ᠯᠠᠪᠯᠠᠵᠤ ᠪᠣᠯᠬᠤ᠂ ᠮᠥᠷᠳᠡᠵᠦ ᠪᠣᠯᠬᠤ᠂ ᠪᠠᠶᠢᠴᠠᠭᠠᠵᠤ ᠪᠣᠯᠬᠤ᠂ ᠬᠠᠷᠢᠭᠤᠴᠠᠯᠭ᠎ᠠ | ᠨᠡᠬᠡᠮᠵᠢᠯᠡᠵᠦ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠡᠭᠦᠷᠡᠰᠦ ᠳᠤ ᠬᠤᠯᠪᠣᠭᠳᠠᠬᠤ ᠠᠵᠤ ᠠᠬᠤᠶᠢᠯᠠᠯ ᠤᠨ ᠲᠥᠷᠥᠯ ᠵᠦᠢᠯ ᠢ ᠬᠢᠵᠤ ᠪᠠᠶᠢᠭ᠎ᠠ ᠦᠶ᠎ᠠ ᠪᠠ | ᠬᠢᠵᠤ ᠪᠠᠷᠠᠭᠰᠠᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠲᠣᠭᠲᠡᠴᠡ ᠶᠢ ᠪᠠᠶᠢᠭᠤᠯᠤᠨ ᠪᠦᠷᠢᠨᠰᠢᠭᠦᠯᠵᠦ᠂ ᠥᠮᠴᠢᠯᠡᠬᠦ ᠡᠷᠬᠡ ᠶᠢᠨ ᠠᠷᠠᠯᠵᠢᠶ᠎ᠠ᠂ ᠡᠬᠢ ᠪᠠᠶᠠᠯᠢᠭ ᠤᠨ | ᠲᠣᠬᠢᠷᠠᠭᠤᠯᠤᠯᠲᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠳᠦᠷᠢᠮ ᠲᠣᠭᠲᠡᠴᠡ ᠶᠢ | ᠲᠠᠰᠤᠷᠠᠯᠲᠠ ᠤᠢᠭᠡᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ᠃ ᠲᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠵᠤ᠂ ᠲᠣᠭᠲᠠᠭᠰᠠᠨ ᠬᠤᠭᠤᠴᠠᠭ᠎ᠠ ᠲᠠᠢ ᠪᠠᠷ | ᠱᠠᠯᠠᠪᠳᠠᠭᠤᠯᠤᠨ ᠪᠠᠶᠢᠴᠠᠭᠠᠵᠤ᠂ ᠦᠨᠡᠯᠡᠨ ᠵᠢᠱᠢᠵᠦ ᠦᠷ᠎ᠡ ᠪᠦᠲᠦᠮᠵᠢ ᠶᠢ ᠠᠰᠠᠭᠤᠬᠤ ᠶᠢ ᠴᠢᠩᠭ᠎ᠠ ᠬᠡᠷᠡᠭᠵᠢᠭᠦᠯᠵᠦ᠂ ᠲᠦᠷᠢᠮ ᠲᠤᠭᠳᠠᠭᠠᠯ ᠢ ᠬᠠᠳᠠᠭᠤ ᠴᠢᠩᠭ᠎ᠠ᠂ | ᠵᠠᠷᠯᠢᠭ ᠴᠠᠭᠠᠵᠠ ᠶᠢ ᠰᠦᠷ ᠬᠦᠴᠦᠨ ᠲᠠᠢ ᠪᠤᠯᠭᠠᠬᠤ ᠬᠡᠷᠡᠭᠳᠠᠢ ᠭᠡᠵᠤ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠳᠤᠭᠤᠶᠢᠯᠠᠩ ᠵᠢᠴᠢ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠠᠯᠪᠠᠨ ᠬᠡᠷ᠂ ᠬᠢᠨᠠᠯᠲᠠ | ᠲᠠᠯᠪᠢᠬᠤ ᠬᠠᠷᠢᠭᠤᠴᠠᠯᠭ᠎ᠠ ᠶᠢᠨ ᠠᠯᠪᠠᠨ ᠬᠡᠷ᠂ ᠡᠯ᠎ᠡ ᠠᠵᠢᠯᠯᠠᠬᠤ ᠳᠤᠭᠤᠶᠢᠯᠠᠩ ᠤᠨ ᠬᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠡᠴᠦᠰ ᠲᠤᠨᠢ ᠲᠤᠯᠲᠠᠯ᠎ᠠ | ᠪᠣᠳᠠᠲᠠᠶᠢᠵᠢᠭᠤᠯᠵᠤ᠂ ᠡᠯ᠎ᠡ ᠱᠠᠲᠤ ᠡᠯ᠎ᠡ ᠲᠠᠯ᠎ᠠ ᠶᠢᠨ ᠬᠢᠨ ᠦᠷᠭᠦᠯᠵᠢᠯᠡᠨ ᠪᠠᠶᠢᠯᠳᠤᠬᠤ᠂ ᠦᠷᠭᠦᠯᠵᠢᠯᠡᠨ ᠪᠣᠭᠤᠮᠲᠠ ᠰᠢᠪᠲᠤᠯᠬᠤ ᠡᠷᠴᠢ ᠵᠣᠷᠢᠭ ᠢᠶᠠᠨ ᠢᠮᠠᠭᠲᠠ | ᠪᠠᠲᠤᠯᠠᠬᠤ ᠶᠢ ᠬᠥᠲᠥᠯᠥᠨ ᠳᠠᠭᠠᠭᠤᠯᠬᠤ ᠪᠠ ᠠᠬᠢᠭᠤᠯᠵᠤ᠂ ᠲᠤᠰᠬᠠᠶ ᠴᠡᠭᠴᠡᠯᠡᠨ ᠵᠠᠰᠠᠯᠲᠠ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠣᠷᠳᠣ ᠬᠤᠭᠤᠴᠠᠭ᠎ᠠ ᠪᠠᠷ | ᠴᠢᠩᠭ᠎ᠠ ᠠᠳᠬᠤᠬᠤ ᠴᠢᠩᠭ᠎ᠠ ᠳᠣᠬᠢᠶ᠎ᠠ ᠶᠢ ᠦᠷᠭᠦᠯᠵᠢᠯᠡᠨ ᠲᠠᠯᠪᠢᠬᠤ ᠬᠡᠷᠡᠭᠲᠡᠶ᠃ ᠠᠵᠢᠯ ᠤᠨ ᠠᠬᠢᠴᠠ ᠨᠢ ᠤᠳᠠᠭᠠᠨ᠂ ᠠᠷᠭ᠎ᠠ ᠬᠡᠮᠵᠢᠶ᠎ᠡ ᠨᠢ ᠬᠦᠴᠦᠨ ᠦᠭᠡᠢ᠂ | ᠦᠷ᠎ᠡ ᠪᠦᠲᠦᠮᠵᠢ ᠨᠢ ᠢᠯᠡᠷᠬᠡᠶ ᠪᠤᠰᠤ ᠭᠠᠵᠠᠷ ᠣᠷᠣᠨ ᠪᠠ ᠰᠠᠯᠠᠭ᠎ᠠ ᠮᠥᠴᠢᠷ ᠢ ᠱᠠᠯᠠᠪᠳᠠᠭᠤᠯᠤᠨ ᠰᠢᠶᠳᠪᠦᠷᠢᠯᠡᠭᠦᠯᠬᠦ ᠶᠣᠰᠣᠲᠠᠶ ᠶᠢ ᠨᠢ ᠱᠠᠯᠠᠪᠳᠠᠭᠤᠯᠤᠨ | ᠰᠢᠶᠳᠪᠦᠷᠢᠯᠡᠭᠦᠯᠵᠦ᠂ ᠵᠠᠷᠯᠠᠬᠤ ᠶᠣᠰᠣᠲᠠᠶ ᠶᠢ ᠨᠢ ᠵᠠᠷᠯᠠᠵᠤ᠂ ᠠᠯᠪᠠ ᠬᠠᠰᠢᠵᠤ ᠬᠠᠰᠢ ᠶᠠᠰᠢ ᠬᠢᠭᠰᠡᠨ᠂ ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠦᠨ ᠥᠬᠡᠶ ᠪᠤᠯ | ᠴᠢᠩᠭ᠎ᠠ ᠬᠠᠷᠢᠭᠤᠴᠠᠯᠭ᠎ᠠ ᠨᠡᠬᠡᠮᠵᠢᠯᠡᠵᠤ ᠬᠠᠷᠢᠭᠤᠴᠠᠯᠭ᠎ᠠ ᠲᠤᠯᠭᠠᠬᠤ ᠬᠡᠷᠡᠭᠳᠠᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ | ᠬᠠᠷᠢᠭᠤᠴᠠᠯᠭ᠎ᠠ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠪᠠᠲᠤ ᠡᠭᠦᠷᠭᠡᠯᠡᠵᠦ᠂ ᠬᠠᠷᠢᠭᠤᠴᠠᠯᠭ᠎ᠠ ᠶᠢ ᠴᠢᠩᠭᠠᠳᠬᠠᠵᠤ᠂ ᠠᠵᠢᠯ ᠤᠨ ᠡᠷᠴᠢᠮ ᠢ | ᠴᠢᠩᠭᠠᠷᠠᠭᠤᠯᠵᠤ᠂ ᠭᠦᠨᠵᠡᠭᠡᠶᠢᠷᠡᠭᠦᠯᠦᠨ ᠵᠠᠰᠠᠬᠤ ᠶᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠡᠯ᠎ᠡ ᠲᠦᠷᠦᠯ ᠤᠨ ᠠᠰᠠᠭᠤᠳᠠᠯ ᠢ ᠪᠦᠬᠦ ᠬᠦᠴᠦᠨ ᠢᠶᠠᠷ ᠢᠶᠠᠨ | ᠪᠣᠳᠠᠲᠠᠢ ᠴᠡᠭᠴᠡᠯᠡᠨ ᠲᠤᠶᠢᠯᠪᠤᠷᠢᠲᠠᠢ ᠰᠢᠢᠳᠪᠦᠷᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃ |