|
ᠪᠦᠬᠦ ᠶᠠᠪᠤᠴᠠ ᠤᠯᠠᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠠᠮᠤ ᠪᠤᠳᠠᠭᠠᠨ ᠤ ᠦᠢᠯᠡᠳᠪᠦᠷᠢᠯᠡᠯ ᠢ ᠰᠠᠶᠢᠲᠤᠷ ᠠᠳᠬᠤᠵᠤ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠴᠢᠩᠭ᠎ᠠ ᠪᠣᠳᠠᠲᠠᠶ ᠭᠦᠢᠴᠡᠳᠬᠡᠬᠦ ᠬᠡᠷᠡᠭᠲᠡᠢ |
|
|
ᠨᠡᠶᠢᠲᠡᠯᠡᠭᠰᠡᠨ ᠴᠠᠭ᠄
2021/12/24
|
|
12 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠤᠨ ᠤ ᠲᠡᠷᠢᠭᠦᠯᠡᠭᠴᠢ ᠸᠠᠩ ᠯᠢ ᠰᠢᠶᠠ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠤᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠨ ᠤ ᠣᠷᠤᠨ ᠤ ᠠᠮᠤ ᠪᠤᠳᠠᠭᠠᠨ ᠤ ᠠᠮᠤᠷ ᠲᠦᠪᠰᠢᠨ ᠤ ᠪᠠᠶᠢᠳᠠᠯ ᠢ ᠰᠤᠳᠤᠯᠤᠨ ᠵᠠᠳᠠᠯᠵᠤ᠂ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠸᠠᠩ ᠯᠢ ᠰᠢᠶᠠ᠂ ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠶᠡᠭᠡ ᠶᠠᠪᠤᠳᠠᠯ︾ ᠮᠥᠨ᠂ ᠤᠯᠤᠰ ᠤᠨ ᠠᠮᠤᠷ ᠲᠦᠪᠰᠢᠨ ᠤ ᠴᠢᠬᠤᠯᠠ ᠰᠠᠭᠤᠷᠢ ᠮᠥᠨ᠃ ᠡᠯ᠎ᠡ ᠭᠠᠵᠠᠷ ᠣᠷᠣᠨ ᠡᠯ᠎ᠡ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠤᠬᠠᠶ ᠴᠢᠬᠤᠯᠠ ᠦᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠶᠡᠭᠡ ᠲᠠᠯ᠎ᠠ ᠶᠢ ᠬᠠᠮᠠᠭᠠᠯᠠᠬᠤ ᠳᠤᠮᠳᠠᠬᠢ ᠥᠪᠥᠷ ᠮᠣᠩᠭᠤᠯ ᠤᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠶ ᠲᠠᠨᠢᠵᠤ᠂ ︽ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠦᠷᠢ ᠶᠢ ᠪᠠᠲᠤᠯᠠᠵᠤ︾᠂ ︽ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠢᠯᠡᠳᠪᠦᠷᠢᠯᠡᠬᠦ᠂ ᠨᠥᠭᠡᠴᠡᠯᠡᠬᠦ᠂ ᠡᠳ᠋ᠰᠢᠭᠦᠯᠬᠦ᠂ ᠭᠦᠢᠯᠭᠡᠭᠡᠬᠦ᠂ ᠪᠣᠷᠣᠯᠠᠭᠤᠯᠬᠤ᠂ ᠬᠢᠨᠠᠨ ᠬᠠᠮᠢᠶᠠᠷᠬᠤ ᠪᠥᠬᠦ ᠶᠠᠪᠤᠴᠠ ᠡᠯ᠎ᠡ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠠᠮᠤ ᠪᠤᠳᠠᠭᠠᠨ ᠤ ᠦᠢᠯᠡᠳᠪᠦᠷᠢᠯᠡᠯ ᠢ ᠰᠠᠶᠢᠲᠤᠷ ᠠᠳᠬᠤᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠰᠠᠭᠤᠷᠢᠨ ᠤ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠵᠤ᠂ ᠲᠠᠭᠠᠭᠠᠴᠢᠯᠠᠬᠰᠠᠨ ᠲᠠᠷᠢᠶᠠᠨ ᠭᠠᠵᠠᠷ ᠢ ᠰᠠᠶᠢᠲᠤᠷ ᠰᠠᠬᠢᠵᠤ᠂ ᠠᠮᠤ ᠪᠤᠳᠠᠭᠠᠨ ᠤ ᠨᠦᠬᠡᠴᠡᠯᠡᠯᠲᠡ ᠶᠢ ᠪᠠᠲᠤᠳᠬᠠᠵᠤ᠂ ᠰᠡᠷᠭᠡᠶᠢᠯᠡᠯᠲᠡ ᠶᠢᠨ ᠲᠤᠤᠷ ᠢ ᠨᠢᠭᠲᠠ ᠰᠦᠯᠵᠢᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠸᠠᠩ ᠯᠢ ᠰᠢᠶᠠ᠂ ᠵᠠᠩᠭᠢᠯᠠᠭ᠎ᠠ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ︽ᠠᠮᠤ ᠪᠤᠳᠠᠭ᠎ᠠ ᠶᠢ ᠰᠠᠶᠢᠲᠤᠷ ᠲᠠᠷᠢᠬᠤ︾ ᠳᠡᠭᠡᠷ᠎ᠡ ᠬᠦᠴᠦ ᠲᠠᠯᠪᠢᠵᠤ᠂ ᠲᠠᠷᠢᠶᠠᠨ ᠭᠠᠵᠠᠷ ᠢ ᠬᠠᠮᠠᠭᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠬᠦ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠬᠤ ᠪᠠ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠢ ᠶᠡᠭᠡ ᠪᠠᠷ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠳᠤ ᠲᠥᠪᠯᠡᠷᠡᠭᠦᠯᠵᠦ᠂ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠶᠢ ᠪᠦᠲᠦᠮᠵᠢᠲᠡᠶ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠪᠣᠯᠬᠤ ᠪᠠᠶᠢᠷᠢ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠢ ᠬᠦᠭᠵᠢᠯᠲᠡ ᠶᠢᠨ ᠰᠠᠭᠤᠷᠢ ᠨᠥᠬᠦᠴᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠳᠡᠢ᠃ ︽ᠠᠮᠤ ᠪᠤᠳᠠᠭ᠎ᠠ ᠶᠢ ᠰᠠᠶᠢᠲᠤᠷ ᠬᠠᠩᠭᠠᠬᠤ︾ ᠳᠡᠭᠡᠷ᠎ᠡ ᠬᠦᠴᠦ ᠲᠠᠯᠪᠢᠵᠤ᠂ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ ᠶᠢ ᠱᠠᠳᠤ ᠳᠠᠷᠠᠭᠠᠯᠠᠨ ᠠᠬᠢᠭᠤᠯᠵᠤ᠂ ᠮᠦ ᠨᠢᠭᠡᠴᠢ ᠶᠢᠨ ᠤᠨᠠᠯᠲᠠ ᠶᠢᠨ ᠲᠦᠪᠰᠢᠨ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ᠃ ᠣᠲᠣ ᠦᠶ᠎ᠡ ᠶᠢᠨ ᠲᠡᠵᠢᠭᠡᠨ ᠦᠷᠡᠵᠢᠭᠦᠯᠬᠦ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠂ ᠳᠠᠪᠠᠭᠤᠯᠢᠭ ᠣᠨᠴᠠᠯᠢᠠᠠᠳᠣ ᠠᠵᠤ ᠦᠢᠯᠡᠰ ᠤᠨ ᠰᠦᠷᠦᠭᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠶᠡᠭᠡ ᠪᠠᠷ ᠠᠬᠢᠭᠤᠯᠵᠤ᠂ ᠡᠭᠦᠯᠳᠡᠷ ᠢ ᠰᠢᠯᠢᠳᠡᠭᠵᠢᠭᠦᠯᠦᠨ ᠪᠣᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠲᠥᠷᠥᠯ ᠲᠡᠮᠳᠡᠭᠲᠦ ᠶᠢ ᠴᠣᠭᠴᠠᠯᠠᠬᠤ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠬᠦᠴᠦᠯᠡᠨ ᠠᠬᠢᠭᠤᠯᠵᠤ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠲᠠᠭᠠᠯᠲᠠ ᠪᠦᠲᠦᠭᠡᠭᠳᠡᠬᠦᠨ ᠤ ᠦᠢᠯᠡᠳᠪᠦᠷᠢᠯᠡᠯ ᠤᠨ ᠶᠡᠷᠦᠩᠬᠡᠶ ᠬᠡᠮᠵᠢᠶ᠎ᠡ ᠶᠢ ᠲᠣᠭᠲᠠᠭᠤᠨ ᠪᠠᠶᠢᠯᠭᠠᠬᠤ᠂ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠴᠢᠷᠮᠠᠶᠢᠨ ᠠᠬᠢᠭᠤᠯᠬᠤ ᠬᠡᠷᠡᠭᠳᠡᠢ᠃ ︽ᠰᠠᠶᠢᠨ ᠠᠮᠤ ᠢᠳᠡᠬᠦ︾ ᠳᠡᠭᠡᠷ᠎ᠡ ᠬᠦᠴᠦ ᠲᠠᠯᠪᠢᠵᠤ᠂ ᠭᠠᠷᠤᠯᠲᠠ ᠶᠢᠨ ᠣᠷᠤᠨ ᠤ ᠣᠷᠴᠢᠨ ᠲᠣᠭᠤᠷᠢᠨ ᠢ ᠴᠡᠪᠡᠷᠰᠢᠭᠦᠯᠬᠦ ᠶᠢ ᠪᠦᠬᠦ ᠬᠦᠴᠦᠨ ᠢᠶᠠᠷ ᠠᠬᠢᠭᠤᠯᠵᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ᠂ ᠬᠦᠢᠳᠡᠨ ᠬᠡᠯᠬᠢᠶᠡᠲᠦ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠬᠢ ᠡᠭᠦᠰᠦᠯ ᠤᠨ ᠪᠣᠭᠤᠮᠲᠠ ᠶᠢ ᠰᠠᠶᠢᠲᠤᠷ ᠡᠵᠡᠮᠳᠡᠵᠦ᠂ ᠲᠠᠷᠢᠶᠠᠨ ᠭᠠᠵᠠᠷ ᠮᠠᠯᠵᠢᠯ ᠤᠨ ᠲᠠᠯᠠᠪᠠᠢ ᠠᠴᠠ ᠬᠤᠭᠤᠯᠠᠨ ᠰᠢᠷᠡᠭᠡᠨ ᠳᠤ ᠬᠦᠷᠲᠡᠯᠡᠬᠢ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠦᠨ᠂ ᠠᠷᠠᠳ ᠣᠯᠠᠨ ᠤ ᠰᠠᠨᠠᠭ᠎ᠠ ᠠᠮᠤᠷ ᠢᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ︽ᠠᠮᠤ ᠪᠤᠳᠠᠭ᠎ᠠ ᠶᠢ ᠰᠠᠶᠢᠲᠤᠷ ᠨᠥᠭᠡᠴᠡᠯᠡᠬᠦ︾ ᠳᠡᠭᠡᠷ᠎ᠡ ᠬᠦᠴᠦ ᠲᠠᠯᠪᠢᠵᠤ᠂ ᠠᠮᠤ ᠪᠤᠳᠠᠭ᠎ᠠ ᠨᠥᠭᠡᠴᠡᠯᠡᠬᠦ ᠬᠠᠮᠢᠶᠠᠷᠤᠯᠲᠠ᠂ ᠠᠵᠢᠯᠯᠠᠭᠠᠨ᠂ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠪᠠᠴᠢᠮ ᠪᠠᠢᠳᠠᠯ ᠢ ᠠᠷᠭᠠᠴᠠᠭᠠᠬᠤ ᠶᠢ ᠪᠠᠲᠤᠯᠠᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠠᠮᠤᠷ ᠲᠦᠪᠰᠢᠨ ᠢ ᠪᠠᠲᠤᠯᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ︽ᠠᠮᠤ ᠪᠤᠳᠠᠭ᠎ᠠ ᠶᠢ ᠰᠠᠶᠢᠲᠤᠷ ᠠᠷᠪᠢᠯᠠᠬᠤ︾ ᠳᠡᠭᠡᠷ᠎ᠡ ᠬᠦᠴᠦ ᠲᠠᠯᠪᠢᠵᠤ᠂ ᠠᠮᠤ ᠪᠤᠳᠠᠭ᠎ᠠ ᠶᠢ ᠠᠷᠪᠢᠯᠠᠵᠤ ᠬᠤᠷᠤᠭᠳᠠᠭᠤᠯᠤᠯ ᠢ ᠪᠠᠭᠠᠰᠬᠠᠬᠤ ᠪᠦᠬᠦ ᠬᠡᠯᠬᠢᠶᠡᠨ ᠤ ᠲᠦᠷᠢᠮ ᠤᠨ ᠰᠢᠰᠲ᠋ᠧᠮ᠂ ᠪᠠᠷᠢᠮᠵᠢᠶ᠎ᠠ ᠶᠢᠨ ᠰᠢᠰᠲ᠋ᠧᠮ ᠪᠣᠯᠤᠨ ᠰᠢᠯᠭᠠᠨ ᠪᠠᠶᠢᠴᠠᠭᠠᠬᠤ ᠰᠢᠰᠲ᠋ᠧᠮ ᠢ ᠪᠠᠶᠢᠭᠤᠯᠵᠤ᠂ ᠠᠮᠤ ᠪᠤᠳᠠᠭ᠎ᠠ ᠠᠷᠪᠢᠯᠠᠵᠤ ᠬᠤᠷᠤᠭᠳᠠᠭᠤᠯᠤᠯ ᠢ ᠪᠠᠭᠠᠰᠬᠠᠬᠤ ᠪᠣᠯᠪᠠᠰᠤᠨ ᠤ ᠪᠠᠶᠢᠭᠤᠯᠤᠯᠲᠠ ᠶᠢ ᠥᠷᠨᠢᠭᠦᠯᠵᠦ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠵᠤ᠂ ᠠᠮᠤ ᠪᠤᠳᠠᠭ᠎ᠠ ᠶᠢ ᠬᠠᠶᠢᠷᠠᠯᠠᠬᠤ ᠠᠮᠤ ᠪᠤᠳᠠᠭ᠎ᠠ ᠶᠢ ᠠᠷᠪᠢᠯᠠᠬᠤ ᠮᠠᠶ᠋ᠢᠭ ᠤᠨ ᠨᠡᠶᠢᠭᠡᠮ ᠢ ᠲᠦᠷᠭᠡᠳᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠸᠠᠩ ᠯᠢ ᠰᠢᠶᠠ᠂ ᠡᠯ᠎ᠡ ᠭᠠᠵᠠᠷ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠲᠤ ᠪᠤᠢ ᠪᠣᠯᠭᠠᠵᠤ᠂ ᠠᠮᠤ ᠪᠤᠳᠠᠭᠠᠨ ᠤ ᠠᠮᠤᠷ ᠲᠦᠪᠰᠢᠨ ᠤ ᠡᠨᠡ ᠬᠦ ᠬᠦᠪᠴᠢ ᠶᠢ ᠴᠠᠭ ᠢᠮᠠᠭᠲᠠ ᠴᠢᠩᠭᠠᠯᠠᠵᠤ᠂ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭᠠᠲᠤ ᠰᠡᠳᠭᠢᠯᠭᠡ ᠪᠣᠯᠤᠨ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠣᠲᠤᠭᠠᠳᠤ ᠳᠤ ᠪᠠᠨ ᠠᠩᠬᠠᠷᠤᠯ ᠢᠶᠠᠨ ᠲᠦᠪᠯᠡᠷᠡᠭᠦᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠩᠬᠠᠷᠴᠤ᠂ ᠠᠮᠤ ᠪᠤᠳᠠᠭᠠᠨ ᠤ ᠪᠠᠶᠢᠳᠠᠯ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠠᠷᠢᠭᠤᠨ ᠴᠢᠭᠡᠴᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ᠂ ᠠᠷᠭ᠎ᠠ ᠬᠡᠮᠵᠢᠶ᠎ᠡ᠂ ᠠᠵᠢᠯ ᠢ ᠪᠦᠬᠦ ᠲᠠᠯ᠎ᠠ ᠪᠠᠷ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠤᠨ ᠤ ᠤᠳᠤᠷᠢᠳᠤᠯᠭ᠎ᠠ ᠬᠤᠸᠠᠩ ᡁᠢ ᠴᠢᠶᠠᠩ᠂ ᠯᠢ ᠪᠢᠩ ᠷᠦᠩ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠤᠨ ᠤ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ |
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|