ᠱᠢ ᠲᠠᠢ ᠹᠧᠩ ᠮᠢᠩ ᠶᠠᠩ ᠣᠶᠤᠨᠴᠢ ᠡᠨᠧᠷᠭᠢ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠠᠩ ᠴᠤᠸᠠᠨ ᠸᠧᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2021/12/24

      12 ᠰᠠᠷ᠎ᠠ ᠶᠢᠨ 23 ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠬᠦᠬᠡᠬᠤᠲᠠ ᠳᠤ ᠮᠢᠩ ᠶᠠᠩ ᠣᠶᠤᠨᠴᠢ ᠡᠨᠧᠷᠭᠢ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠠᠩ ᠴᠤᠸᠠᠨ ᠸᠧᠢ ᠲᠠᠢ ᠠᠭᠤᠯᠵᠠᠪᠠ᠃


1224石泰峰会见明阳只会能源集团董事长张传卫.jpg


      ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠵᠠᠩ ᠴᠤᠸᠠᠨ ᠸᠧᠶ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠪᠡ᠃ ᠱᠢ ᠲᠠᠢ ᠹᠧᠩ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠥᠪᠥᠷ ᠮᠣᠩᠭᠤᠯ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠥᠨᠳᠥᠷ ᠬᠠᠷᠢᠴᠠᠯ ᠢᠶᠠᠷ ᠨᠡᠭᠡᠭᠡᠨ ᠠᠰᠢᠭᠯᠠᠬᠤ ᠶᠢ ᠲᠦᠷᠭᠡᠳᠭᠡᠨ ᠠᠬᠢᠭᠤᠯᠵᠤ᠂ ᠰᠢᠨ᠎ᠡ ᠡᠨᠧᠷᠭᠢ ᠶᠢᠨ ᠲᠣᠨᠣᠭᠯᠠᠯ ᠦᠶᠯᠡᠳᠬᠦ ᠪᠠ ᠠᠵᠢᠯᠯᠠᠭᠤᠯᠵᠤ ᠬᠠᠮᠠᠭᠠᠯᠠᠬᠤ ᠦᠶᠯᠡᠴᠢᠯᠡᠭᠡᠨ ᠤ ᠦᠶᠯᠡᠰ ᠢ ᠶᠡᠭᠡ ᠪᠠᠷ ᠬᠥᠭᠵᠢᠭᠦᠯᠵᠦ᠂ ᠰᠢᠨ᠎ᠡ ᠡᠨᠧᠷᠭᠢ ᠶᠢᠨ ᠪᠥᠬᠦ ᠠᠵᠤ ᠦᠶᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠎ᠠ᠃ ᠪᠢᠳᠡ ᠲᠤᠷᠠᠲᠠᠶ᠎ᠠ ᠮᠢᠩ ᠶᠠᠩ ᠪᠦᠯᠦᠭᠯᠡᠯ ᠲᠠᠢ ᠨᠡᠩ ᠥᠨᠳᠥᠷ ᠳᠠᠪᠬᠤᠷᠭ᠎ᠠ᠂ ᠨᠡᠩ ᠥᠷᠭᠡᠨ ᠬᠡᠪᠴᠢᠶᠡᠨ ᠳᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠢᠭᠡ ᠪᠦᠯᠦᠭ ᠴᠢᠨᠠᠷ ᠰᠠᠶᠢᠲᠠᠢ ᠲᠦᠷᠦᠯ ᠵᠦᠢᠯ ᠢ ᠬᠠᠮᠲᠤ ᠪᠠᠷ ᠲᠥᠯᠥᠪᠵᠢᠭᠦᠯᠦᠨ ᠬᠡᠷᠡᠭᠵᠢᠭᠦᠯᠦᠨ᠎ᠡ᠃ ᠪᠦᠬᠦ ᠬᠡᠯᠬᠢᠶ᠎ᠡ᠂ ᠰᠦᠷᠦᠭᠵᠢᠯ ᠮᠠᠶ᠋ᠢᠭ ᠲᠡᠶᠢᠰᠢ ᠬᠦᠭᠵᠢᠵᠦ ᠪᠠᠶᠢᠭ᠎ᠠ ᠠᠵᠤ ᠠᠬᠤᠶᠢᠯᠠᠯ᠂ ᠢᠯᠠᠩᠭᠤᠶ᠎ᠠ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠢᠵᠢ ᠪᠦᠷᠢᠳᠦᠭᠰᠡᠨ ᠠᠵᠤ ᠠᠬᠤᠶᠢᠯᠠᠯ᠂ ᠵᠠᠩᠭᠢᠯᠠᠭ᠎ᠠ ᠶᠢᠨ ᠰᠡᠯᠪᠢᠭ ᠲᠤᠨᠤᠭ ᠦᠢᠯᠡᠳᠬᠦ ᠠᠵᠤ ᠠᠬᠤᠶᠢᠯᠠᠯ ᠤᠨ ᠥᠪᠥᠷ ᠮᠣᠩᠭᠤᠯ ᠳᠤ ᠢᠷᠡᠵᠦ ᠬᠥᠭᠵᠢᠬᠦ ᠶᠢ ᠪᠢᠳᠡ ᠯᠠᠪᠲᠠᠢ ᠪᠦᠬᠦ ᠬᠦᠴᠦ ᠪᠠᠷ ᠢᠶᠠᠨ ᠳᠡᠮᠵᠢᠵᠦ᠂ ᠲᠡᠳᠡᠨ ᠳᠤ ᠰᠢᠯᠢᠳᠡᠭ ᠦᠢᠯᠡᠴᠢᠯᠡᠭᠡ ᠬᠠᠩᠭᠠᠨ᠎ᠠ ᠭᠡᠵᠡᠢ᠃
      ᠵᠠᠩ ᠴᠤᠸᠠᠨ ᠸᠧᠶ᠂ ᠮᠢᠩ ᠶᠠᠩ ᠣᠶᠤᠨᠴᠢ ᠡᠨᠧᠷᠭᠢ ᠶᠢᠨ ᠪᠦᠯᠦᠭᠯᠡᠯ ᠤᠨ ᠬᠢᠨ ᠥᠪᠥᠷ ᠮᠣᠩᠭᠤᠯ ᠳᠠᠬᠢ ᠪᠠᠯᠠ ᠣᠷᠣᠭᠤᠯᠤᠯᠲᠠ ᠶᠢᠨ ᠡᠷᠴᠢᠮ ᠢᠶᠠᠨ ᠤᠯᠠᠮ ᠴᠢᠨᠠᠭᠰᠢᠲᠠ ᠴᠢᠩᠭᠠᠷᠠᠭᠤᠯᠵᠤ᠂ ᠰᠢᠨ᠎ᠡ ᠡᠨᠧᠷᠭᠢ ᠶᠢᠨ ᠳᠡᠭᠡᠳᠦ ᠲᠠᠰ ᠤᠨ ᠲᠣᠨᠣᠭᠯᠠᠯ ᠦᠶᠯᠡᠳᠬᠦ᠂ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠵᠡᠷᠭᠡ ᠶᠢᠨ ᠲᠣᠭᠤᠷᠢᠨ ᠳᠤ ᠥᠪᠥᠷ ᠮᠣᠩᠭᠤᠯ ᠯᠤᠭ᠎ᠠ ᠶᠢᠨ ᠭᠦᠨᠵᠡᠭᠡᠶ ᠬᠠᠮᠲᠤᠷᠠᠯᠴᠠᠭ᠎ᠠ ᠪᠠᠨ ᠴᠢᠩᠭᠠᠳᠬᠠᠵᠤ᠂ ᠥᠪᠥᠷ ᠮᠣᠩᠭᠤᠯ ᠳᠤ ᠨᠠᠩ ᠣᠯᠠᠨ ᠡᠬᠢᠨ ᠤ ᠬᠡᠯᠬᠢᠶ᠎ᠡ ᠪᠠ ᠡᠴᠦᠰ ᠤᠨ ᠬᠡᠯᠬᠢᠶ᠎ᠡ ᠶᠢᠨ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢ ᠲᠡᠳᠡᠨ ᠠᠪᠴᠢᠷᠠᠵᠤ᠂ ᠨᠠᠩ ᠣᠯᠠᠨ ᠴᠢᠨᠠᠷ ᠰᠠᠶᠢᠲᠠᠶ ᠲᠥᠷᠥᠯ ᠵᠦᠶᠯ ᠢ ᠥᠪᠥᠷ ᠮᠣᠩᠭᠤᠯ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ ᠭᠡᠵᠡᠶ᠃
      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠮᠧᠩ ᠹᠠᠨ ᠯᠢ᠂ ᠳ᠋ᠢᠩ ᠰᠢᠤ ᠹᠧᠩ᠂ ᠬᠤᠸᠠᠩ ᡁᠢ ᠴᠢᠶᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ