ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠠᠷᠪᠠᠨ ᠳᠣᠯᠣᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ  ᠱᠢ ᠲᠠᠢ ᠹᠧᠩ ᠬᠤᠷᠠᠯ ᠢ ᠡᠷᠬᠢᠯᠡᠵᠠᠢ
ᠨᠡᠶᠢᠲᠡᠯᠡᠭᠰᠡᠨ ᠴᠠᠭ᠄
2021/12/24
      12 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠠᠷᠪᠠᠨ ᠳᠣᠯᠣᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠳᠡᠳ᠋ ᠡᠷᠬᠢᠯᠡᠭᠴᠢ ᠸᠠᠩ ᠯᠢ ᠰᠢᠶᠠ᠂ ᠮᠧᠩ ᠹᠠᠨ ᠯᠢ᠂ ᠬᠤᠸᠠᠩ ᡁᠢ ᠴᠢᠶᠠᠩ ᠬᠤᠷᠠᠯ ᠳᠤ ᠣᠷᠣᠯᠴᠠᠵᠠᠢ᠃      ᠬᠤᠷᠠᠯ ᠠᠴᠠ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠬᠤᠷᠢᠨ ᠬᠤᠶᠠᠳᠤᠭᠠᠷ᠂ ᠬᠤᠷᠢᠨ ᠭᠤᠷᠪᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ᠂ ᠠᠮᠢ ᠠᠬᠤᠢ ᠶᠢᠨ ᠦᠢᠯᠡᠳᠬᠦᠨ ᠤ ᠦᠷᠲᠡᠭ ᠢ ᠪᠡᠶᠡᠯᠡᠭᠦᠯᠬᠦ ᠲᠣᠭᠲᠡᠴᠡ ᠶᠢ ᠪᠠᠶᠢᠭᠤᠯᠤᠨ ᠲᠡᠭᠦᠯᠳᠡᠷᠵᠢᠭᠦᠯᠬᠦ᠂ ᠨᠠᠰᠤᠵᠢᠯ ᠤᠨ ᠠᠰᠠᠷᠠᠮᠵᠢ ᠪᠠ ᠬᠡᠦᠬᠡᠳ ᠰᠠᠭᠠᠳᠠᠭᠤᠯᠬᠤ ᠦᠢᠯᠡᠴᠢᠯᠡᠭᠡ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠦᠨ᠎ᠡ ᠬᠠᠩᠰᠢ ᠶᠢ ᠲᠤᠬᠢᠷᠠᠭᠤᠯᠤᠨ ᠡᠵᠡᠮᠳᠡᠬᠦ ᠲᠣᠭᠲᠡᠴᠡ ᠶᠢ ᠲᠡᠭᠦᠯᠳᠡᠷᠵᠢᠭᠦᠯᠬᠦ᠂ ᠠᠷᠠᠳ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠵᠢᠷᠤᠮᠵᠢᠭᠤᠯᠬᠤ᠂ ᠲᠥᠰᠥᠪ ᠤᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠬᠦ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠵᠡᠷᠭᠡ ᠥᠭᠡᠷᠡᠴᠢᠯᠡᠯᠲᠡ ᠶᠢᠨ ᠲᠥᠰᠦᠯ ᠢ ᠬᠢᠨᠡᠨ ᠵᠦᠪᠯᠡᠵᠤ᠂ ᠬᠡᠰᠡᠭ ᠠᠶᠢᠮᠠᠭ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠥᠭᠡᠷᠡᠴᠢᠯᠡᠯᠲᠡ ᠶᠢ ᠠᠬᠢᠭᠤᠯᠤᠭᠰᠠᠨ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠡᠨᠧᠷᠭᠢ ᠶᠢᠨ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ᠂ ᠡᠷᠬᠡᠪᠰᠢ ᠨᠠᠩ ᠶᠡᠭᠡ ᠰᠢᠢᠳᠮᠡᠭ ᠵᠣᠷᠢᠭ᠂ ᠨᠠᠩ ᠣᠨᠣᠪᠴᠢᠲᠠᠶ ᠠᠷᠭ᠎ᠠ ᠬᠡᠮᠵᠢᠶ᠎ᠡ ᠪᠠᠷ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠥᠭᠡᠷᠡᠴᠢᠯᠡᠯᠲᠡ ᠶᠢᠨ ᠭᠦᠨᠵᠡᠭᠡᠶᠢᠷᠡᠨ ᠬᠥᠭᠵᠢᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠤᠷᠤᠭᠰᠢᠯᠠᠨ ᠳᠠᠪᠰᠢᠬᠤ ᠤᠬᠠᠮᠰᠠᠷ᠂ ᠪᠠᠴᠢᠮ ᠲᠤᠯᠭᠠᠮ ᠤᠬᠠᠮᠰᠠᠷ ᠢᠶᠠᠨ ᠴᠢᠩᠭᠠᠳᠬᠠᠵᠤ᠂ ᠲᠡᠷᠢᠭᠦᠨ ᠤ ᠬᠢ ᠲᠠᠢ ᠬᠠᠷᠭᠤᠭᠤᠯᠤᠨ ᠮᠠᠨ ᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 3.0 ᠬᠡᠪᠯᠡᠯ ᠤᠨ ᠲᠥᠷᠥ ᠶᠢᠨ ᠪᠣᠳᠣᠯᠭ᠎ᠠ ᠶᠢ ᠳᠠᠷᠤᠶᠢᠬᠠᠨ ᠲᠤᠭᠲᠠᠭᠠᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠦᠰᠡᠯ ᠡᠷᠡᠮᠡᠯᠵᠡᠯ ᠳᠤ ᠰᠢᠭᠤᠳ ᠬᠠᠷᠢᠭᠤᠯᠲᠠ ᠥᠭᠴᠦ᠂ ᠠᠵᠤ ᠦᠶᠯᠡᠰ ᠤᠨ ᠬᠥᠭᠵᠢᠯᠲᠡ ᠳᠤ ᠰᠢᠭᠤᠳ ᠦᠶᠯᠡᠴᠢᠯᠡᠵᠦ᠂ ᠠᠵᠤ ᠠᠬᠤᠶ ᠠᠷᠠᠳ ᠤᠨ ᠠᠮᠢᠳᠤᠷᠠᠯ ᠳᠤ ᠰᠢᠭᠤᠳ ᠬᠦᠴᠦᠨ ᠨᠡᠮᠡᠷᠢᠯᠡᠵᠦ᠂ ᠮᠠᠨ ᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠦᠶ᠎ᠡ ᠰᠤᠯᠢᠬᠳᠠᠨ ᠲᠠᠰ ᠳᠡᠪᠰᠢᠬᠦ ᠶᠢ ᠶᠡᠭᠡ ᠪᠠᠷ ᠠᠬᠢᠭᠤᠯᠬᠤ ᠬᠡᠷᠡᠭᠲᠡᠶ᠃ ᠵᠣᠷᠢᠭᠲᠠᠢ ᠪᠠᠷ ᠬᠢᠳᠤᠭᠠᠨ ᠢᠷ ᠢ ᠳᠣᠲᠣᠭᠰᠢ ᠬᠠᠨᠳᠤᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠠᠵᠤ ᠠᠬᠤᠶᠢᠯᠠᠯ ᠪᠣᠯᠤᠨ ᠤᠯᠠᠨ ᠲᠦᠮᠡᠨ ᠳᠤ ᠲᠤᠯᠭᠠᠷᠠᠵᠤ ᠪᠠᠶᠢᠭ᠎ᠠ ᠬᠦᠴᠢᠷᠳᠡᠯ ᠵᠤᠪᠠᠨᠢᠯ ᠲᠦᠭᠵᠢᠷᠡᠯ ᠤᠨ ᠠᠰᠠᠭᠤᠳᠠᠯ ᠢ  ᠦᠨᠡᠨ ᠬᠦ ᠰᠢᠢᠳᠪᠦᠷᠢᠯᠡᠵᠦ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠠᠩᠬᠠᠷᠴᠤ ᠪᠠᠶᠢᠭ᠎ᠠ ᠪᠡᠯᠡ ᠣᠷᠣᠭᠤᠯᠬᠤ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠪᠣᠯᠤᠨ ᠦᠢᠯᠡᠴᠢᠯᠡᠭᠡ ᠵᠡᠷᠭᠡ ᠲᠠᠯ᠎ᠠ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠤᠷᠢᠳ ᠢᠶᠠᠷ ᠰᠢᠢᠳᠪᠦᠷᠢᠯᠡᠵᠦ᠂ ᠲᠦᠷᠦᠯ ᠵᠦᠢᠯ ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ︽ᠨᠢᠭᠡ ᠰᠦᠯᠵᠢᠶ᠎ᠠ ᠪᠠᠷ ᠪᠦᠬᠦᠨ ᠢ ᠭᠦᠢᠴᠡᠳᠭᠡᠬᠦ︾᠂ ︽ᠨᠢᠭᠡ ᠰᠦᠯᠵᠢᠶ᠎ᠠ ᠪᠠᠷ ᠨᠢᠭᠡᠳᠦᠯᠲᠡᠢ ᠬᠠᠮᠢᠶᠠᠷᠬᠤ︾ ᠶᠢ ᠪᠦᠬᠦ ᠲᠠᠯ᠎ᠠ ᠪᠠᠷ ᠠᠬᠢᠭᠤᠯᠵᠤ᠂ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠦᠷᠢᠶᠡᠯᠡᠩ ᠲᠣᠭᠤᠷᠢᠭ ᠤᠨ ᠦᠢᠯᠡᠴᠢᠯᠡᠭᠡ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠢ ᠦᠨᠳᠦᠷ ᠲᠦᠪᠰᠢᠨ ᠪᠦᠬᠦᠢ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠤᠨ ᠵᠢᠱᠢᠶ᠎ᠡ ᠦᠵᠡᠭᠦᠯᠬᠦ ᠲᠤᠭᠤᠷᠢᠭ ᠪᠤᠯᠭᠠᠨ ᠪᠦᠲᠦᠭᠡᠨ ᠪᠠᠶᠢᠭᠤᠯᠬᠤ ᠬᠡᠷᠡᠭᠳᠠᠢ᠃ ᠤᠳᠠᠭᠠᠨ ᠵᠢᠯ ᠤᠨ ᠲᠤᠷᠰᠢᠬᠢ  ᠵᠠᠰᠠᠬᠤ ᠳᠤ ᠪᠡᠷᠬᠡ ᠠᠰᠠᠭᠤᠳᠠᠯ᠂ ᠰᠤᠷᠳᠠᠯ ᠤᠨ ᠠᠷᠬᠠᠭ ᠭᠡᠮ ᠢ ᠡᠷᠡᠰ ᠠᠷᠢᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠨᠡᠯᠡᠬᠦ ᠠᠵᠢᠯ ᠢ ᠭᠦᠨᠵᠡᠭᠡᠢ ᠥᠷᠨᠢᠭᠦᠯᠵᠦ᠂ ᠬᠢᠨᠠᠨ ᠰᠢᠯᠭᠠᠬᠤ ᠶᠢᠨ ︽ᠳᠣᠬᠢᠭᠤᠷ︾ ᠤᠨ ᠦᠢᠯᠡᠳᠦᠯ ᠢ ᠴᠢᠩᠭᠠᠳᠬᠠᠵᠤ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂  ︽ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠠᠴᠠ ᠵᠥᠷᠢᠴᠡᠭᠰᠡᠨ ᠠᠵᠢᠯᠯᠠᠭ᠎ᠠ᠂ ᠠᠵᠢᠯ ᠬᠢᠬᠦ ᠦᠭᠡᠢ᠂ ᠳᠤᠷ᠎ᠠ ᠵᠤᠷᠢᠭ ᠢᠶᠠᠷ ᠢᠶᠠᠨ ᠬᠢᠬᠦ᠂ ᠤᠳᠠᠭᠠᠨ ᠬᠢᠬᠦ ᠠᠰᠠᠭᠤᠳᠠᠯ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠬᠢᠳᠡᠯ ᠠᠴᠠ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠲᠤᠯᠭᠠᠬᠤ ᠬᠡᠷᠡᠭᠲᠡᠢ ᠭᠡᠵᠤ ᠴᠢᠬᠤᠯᠠᠴᠢᠯᠠᠵᠠᠢ᠃      ᠬᠤᠷᠠᠯ ᠠᠴᠠ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠨᠧᠷᠭᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠲᠡᠶᠢᠰᠢ  ᠬᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠥᠭᠵᠢᠯᠲᠡ ᠶᠢᠨ ᠲᠥᠯᠥᠪᠵᠢᠭᠦᠯᠭᠡ ᠶᠢᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ︽ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ︾ ᠬᠠᠷᠠᠯᠲᠠ ᠳᠤᠤᠷᠠᠬᠢ ᠥᠪᠥᠷ ᠮᠣᠩᠭᠤᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠱᠠᠭᠠᠷᠳᠠᠯᠭ᠎ᠠ ᠶᠢ ᠭᠦᠨᠵᠡᠭᠡᠶ ᠡᠵᠡᠮᠳᠡᠵᠦ᠂ ᠡᠨᠧᠷᠭᠢ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠵᠤ᠂ ᠭᠤᠤᠯᠳᠠᠯᠭ᠎ᠠ ᠲᠠᠢ ᠡᠭᠦᠷᠭᠡ ᠪᠣᠯᠤᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠦᠷᠭᠡᠳᠭᠡᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ ᠶᠢ ᠶᠡᠭᠡ ᠪᠠᠷ ᠠᠬᠢᠭᠤᠯᠵᠤ᠂ ᠨᠡᠭᠦᠷᠡᠰᠦ ᠶᠢ ᠲᠤᠬᠠᠢ ᠶᠢᠨ ᠭᠠᠵᠠᠷ ᠲᠤᠨᠢ ᠤᠨᠳᠤᠤᠰᠢᠭᠤᠯᠬᠤ ᠨᠤᠷᠮ᠎ᠠ ᠪᠠ ᠨᠠᠷᠢᠯᠢᠭ ᠭᠦᠨ ᠪᠣᠯᠪᠠᠰᠤᠷᠠᠭᠤᠯᠬᠤ ᠬᠡᠮᠵᠢᠶ᠎ᠡ ᠶᠢ ᠳᠡᠭᠡᠭᠰᠢᠯᠡᠭᠦᠯᠵᠦ᠂ ᠨᠡᠭᠦᠷᠡᠰᠦᠨ ᠤ ᠰᠠᠭᠤᠷᠢᠨ ᠤ ᠪᠦᠬᠦ ᠠᠵᠤ ᠦᠢᠯᠡᠰ ᠤᠨ ᠬᠡᠯᠬᠢᠶ᠎ᠡ ᠶᠢ ᠪᠤᠢ ᠪᠣᠯᠭᠠᠵᠤ᠂ ᠦᠯᠡᠳᠡᠭᠳᠡᠯ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠬᠤ ᠬᠡᠷᠡᠭᠳᠠᠢ᠃ ᠳᠠᠬᠢᠨ ᠡᠭᠦᠰᠴᠦ ᠪᠣᠯᠬᠤ ᠡᠨᠧᠷᠭᠢ ᠶᠢᠨ ᠬᠥᠭᠵᠢᠯᠲᠡ ᠶᠢ ᠲᠦᠷᠭᠡᠳᠭᠡᠵᠦ᠂ ᠰᠠᠯᠬᠢᠨ ᠬᠦᠴᠦᠨ ᠤ ᠴᠠᠬᠢᠯᠭᠠᠨ᠂ ᠭᠡᠷᠡᠯᠴᠢ ᠴᠡᠨᠡᠭ ᠵᠡᠷᠭᠡ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠥᠨᠳᠥᠷ ᠬᠠᠷᠢᠴᠠᠯ ᠢᠶᠠᠷ ᠨᠡᠭᠡᠭᠡᠨ ᠠᠰᠢᠭᠯᠠᠬᠤ ᠶᠢ ᠠᠬᠢᠭᠤᠯᠵᠤ᠂ ᠪᠣᠬᠢᠷᠲᠤᠯ ᠦᠭᠡᠢ ᠤᠰᠤᠲᠥ᠋ᠷᠥᠭᠴᠢ ᠶᠢᠨ ᠠᠵᠤ ᠠᠬᠤᠢ ᠶᠢ ᠪᠤᠵᠠᠭᠠᠶᠢᠷᠠᠭᠤᠯᠵᠤ᠂ ᠶᠡᠭᠡ ᠬᠡᠪᠴᠢᠶ᠎ᠡ ᠪᠠᠷ ᠡᠨᠧᠷᠭᠢ ᠬᠠᠳᠠᠭᠠᠯᠠᠬᠤ ᠵᠢᠱᠢᠶ᠎ᠡ ᠦᠵᠡᠭᠦᠯᠬᠦ ᠬᠡᠷᠡᠭᠯᠡᠭᠡᠨ ᠢ ᠠᠬᠢᠭᠤᠯᠵᠤ᠂ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠬᠡᠷᠡᠭᠳᠠᠢ᠃ ᠲᠤᠯᠭᠠᠷᠠᠵᠤ ᠪᠠᠶᠢᠭ᠎ᠠ ᠡᠯ᠎ᠡ ᠵᠦᠶᠯ ᠤᠨ ᠪᠠᠶᠢᠭᠤᠯᠤᠮᠵᠢ ᠲᠣᠭᠲᠡᠴᠡ ᠶᠢᠨ ᠬᠠᠷᠰᠢ ᠰᠠᠭᠠᠳ ᠢ ᠬᠦᠴᠦᠯᠡᠨ ᠠᠷᠢᠯᠭᠠᠵᠤ᠂ ᠴᠠᠬᠢᠯᠭᠠᠨ ᠬᠦᠴᠦᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠪᠣᠯᠤᠨ ᠵᠠᠬ᠎ᠠ ᠳᠡᠯᠭᠡᠭᠦᠷᠴᠢᠯᠡᠭᠰᠡᠨ ᠠᠷᠠᠯᠵᠢᠶ᠎ᠠ ᠶᠢ ᠠᠬᠢᠭᠤᠯᠵᠤ᠂ ᠰᠢᠨ᠎ᠠ ᠪᠠᠷ ᠨᠡᠮᠡᠭᠳᠡᠭᠦᠯᠦᠭᠰᠡᠨ ᠴᠠᠬᠢᠯᠭᠠᠨ ᠲᠦᠭᠡᠭᠡᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠪᠦᠲᠦᠭᠡᠨ ᠪᠠᠶᠢᠭᠤᠯᠵᠤ ᠠᠵᠢᠯᠯᠠᠭᠤᠯᠬᠤ ᠶᠢ ᠠᠬᠢᠭᠤᠯᠵᠤ᠂ ᠴᠢᠳᠠᠮᠵᠢ ᠨᠢ ᠪᠦᠷᠢᠨ ᠲᠡᠭᠦᠯᠳᠡᠷ᠂ ᠡᠵᠡᠩᠨᠡᠯᠲᠡ ᠨᠢ ᠵᠢᠷᠤᠮᠵᠢᠭᠰᠠᠨ ᠡᠨᠧᠷᠭᠢ ᠶᠢᠨ ᠵᠠᠬ᠎ᠠ ᠳᠡᠯᠭᠡᠭᠦᠷ ᠤᠨ ᠠᠷᠠᠯᠵᠢᠶᠠᠨ ᠤ ᠪᠠᠶᠢᠭᠤᠯᠤᠮᠵᠢ ᠶᠢ ᠪᠣᠶᠢᠵᠢᠭᠤᠯᠵᠤ᠂ ᠳᠠᠬᠢᠨ ᠡᠭᠦᠰᠴᠦ ᠪᠣᠯᠬᠤ ᠡᠨᠧᠷᠭᠢ ᠶᠢ ᠰᠢᠩᠭᠡᠭᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠡᠴᠡ ᠶᠢ ᠪᠠᠶᠢᠭᠤᠯᠵᠤ᠂ ᠤᠯᠤᠰ ᠤᠨ ᠥᠮᠴᠢᠯᠡᠯ ᠤᠨ ᠡᠨᠧᠷᠭᠢ ᠶᠢᠨ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠡᠨᠧᠷᠭᠢ ᠶᠢᠨ ᠴᠢᠨᠠᠷ ᠰᠠᠶᠢᠲᠠᠶ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠤᠨ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠬᠥᠭᠵᠢᠭᠡᠬᠦ ᠬᠡᠷᠡᠭᠲᠡᠶ᠃ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠡᠭᠦᠷᠡᠰᠦᠨ ᠤ ᠭᠠᠷᠤᠯᠲᠠ ᠶᠢ ᠨᠡᠮᠡᠭᠳᠡᠭᠦᠯᠦᠨ ᠬᠠᠩᠭᠠᠯᠭ᠎ᠠ ᠶᠢ ᠨᠡᠮᠡᠭᠳᠡᠭᠦᠯᠬᠦ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠶᠯᠡᠳᠪᠦᠷᠢᠯᠡᠯ ᠤᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠤᠤᠷ᠎ᠠ ᠦᠶᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠢᠶᠠᠷ ᠴᠢᠯᠦᠭᠡᠯᠡᠵᠤ᠂ ᠨᠡᠭᠦᠷᠡᠰᠦ ᠴᠠᠬᠢᠯᠭᠠᠨ ᠤ ᠠᠵᠤ ᠠᠬᠤᠶᠢᠯᠠᠯ ᠤᠨ ᠬᠦᠴᠢᠷᠳᠡᠯ ᠢ ᠪᠦᠲᠦᠮᠵᠢᠲᠡᠶ ᠨᠠᠮᠳᠠᠭᠤᠯᠵᠤ᠂ ᠨᠡᠭᠦᠷᠡᠰᠦ ᠴᠠᠬᠢᠯᠭᠠᠨ ᠤ ᠠᠵᠤ ᠠᠬᠤᠶᠢᠯᠠᠯ ᠤᠨ ᠪᠠᠯᠠ ᠮᠥᠩᠭᠦ ᠶᠢᠨ ᠳᠠᠷᠤᠭᠠᠰᠤ ᠶᠢ ᠣᠯᠠᠨ ᠲᠠᠯ᠎ᠠ ᠪᠠᠷ ᠬᠥᠩᠭᠡᠷᠡᠭᠦᠯᠵᠦ᠂ ᠡᠨᠧᠷᠭᠢ ᠶᠢᠨ ᠬᠤᠷᠣᠭᠳᠠᠯ ᠶᠡᠬᠡᠲᠡᠶ ᠠᠵᠢᠯ ᠲᠥᠷᠥᠯ ᠤᠨ ᠡᠨᠧᠷᠭᠢ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠬᠡᠷᠡᠭᠴᠡᠭᠡ ᠶᠢᠨ ᠲᠠᠯ᠎ᠠ ᠶᠢᠨ ᠬᠠᠮᠢᠶᠠᠷᠤᠯᠲᠠ ᠪᠣᠯᠤᠨ ᠡᠨᠧᠷᠭᠢ ᠶᠢᠨ ᠬᠢᠨᠠᠨ ᠬᠡᠮᠵᠢᠯᠲᠡ ᠲᠣᠬᠢᠷᠠᠭᠤᠯᠤᠯᠲᠠ ᠶᠢ ᠴᠢᠩᠭᠠᠳᠬᠠᠵᠤ᠂ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠡᠶᠡᠯᠡᠭᠦᠯᠬᠦ ᠬᠡᠷᠡᠭᠲᠡᠶ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠬᠤ ᠲᠠᠢ ᠤᠶᠠᠯᠳᠤᠭᠤᠯᠵᠤ᠂ ᠡᠨᠧᠷᠭᠢ ᠶᠢᠨ ᠬᠦᠷᠢᠶᠡᠨ ᠳᠠᠬᠢ ᠲᠦᠷᠢᠮ ᠲᠣᠭᠲᠠᠭᠠᠯ ᠲᠣᠭᠲᠠᠭᠠᠬᠤ ᠠᠵᠢᠯ ᠢ ᠤᠯᠠᠮ ᠴᠢᠨᠠᠭᠰᠢᠳᠠ ᠰᠠᠶᠢᠲᠤᠷ ᠠᠳᠬᠤᠵᠤ᠂ ᠡᠷᠬᠡ ᠪᠠᠨ ᠠᠰᠢᠭᠯᠠᠨ ᠬᠤᠪᠢ ᠶᠢᠨ ᠠᠰᠢᠭ ᠬᠥᠭᠡᠭᠡᠴᠡᠯᠳᠦᠬᠦ ᠪᠠ ᠠᠰᠢᠭ ᠲᠤᠰᠠ ᠳᠠᠮᠵᠢᠭᠤᠯᠤᠨ ᠬᠦᠷᠭᠡᠬᠦ ᠣᠷᠣᠨ ᠵᠠᠢ ᠶᠢ ᠦᠨᠳᠦᠰᠦᠨ ᠠᠴᠠ ᠨᠢ ᠠᠷᠢᠯᠭᠠᠬᠤ ᠬᠡᠷᠡᠭᠲᠡᠢ ᠭᠡᠵᠤ ᠴᠢᠬᠤᠯᠠᠴᠢᠯᠠᠵᠠᠢ᠃      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠠ ᠶᠢ ᠴᠠᠭ ᠲᠤᠬᠠᠢ ᠳᠤᠨᠢ ᠠᠵᠢᠯ ᠤᠨ ᠵᠥᠪᠯᠡᠬᠦ ᠵᠦᠢᠯ ᠳᠡᠭᠡᠨ ᠣᠷᠣᠭᠤᠯᠵᠤ᠂ ᠠᠵᠤ ᠠᠬᠤᠢ ᠶᠢᠨ ᠡᠷᠭᠢᠯᠲᠡ ᠶᠢ ᠲᠣᠭᠲᠠᠪᠤᠷᠢᠵᠢᠭᠤᠯᠬᠤ ᠳᠤ ᠠᠰᠢᠭᠲᠠᠢ ᠲᠦᠷᠦ ᠶᠢᠨ ᠪᠤᠳᠤᠯᠭ᠎ᠠ᠂ ᠠᠮᠢᠵᠢᠷᠠᠯ ᠤᠨ ᠬᠦᠴᠦᠨ ᠢ ᠬᠥᠭᠵᠢᠭᠡᠵᠦ ᠬᠥᠳᠡᠯᠭᠡᠬᠦ ᠬᠦᠴᠦᠨ ᠢ ᠨᠡᠮᠡᠭᠳᠡᠭᠦᠯᠬᠦ ᠳᠤ ᠠᠰᠢᠭᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠠ ᠶᠢ ᠲᠦᠷᠭᠡᠳᠭᠡᠨ ᠠᠬᠢᠭᠤᠯᠵᠤ ᠬᠡᠷᠡᠭᠵᠢᠭᠦᠯᠬᠦ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ᠥᠭᠡᠷᠡᠴᠢᠯᠡᠯᠲᠡ ᠶᠢ ᠠᠬᠢᠭᠤᠯᠬᠤ ᠠᠶᠢᠵᠠᠮ ᠪᠣᠯᠤᠨ ᠠᠬᠢᠴᠠ ᠶᠢ ᠴᠢᠩᠭ᠎ᠠ ᠳᠠᠭᠠᠵᠤ᠂ ᠥᠪᠥᠷ ᠮᠣᠩᠭᠤᠯ ᠤᠨ ᠪᠣᠳᠠᠲᠤ ᠪᠠᠶᠢᠳᠠᠯ ᠪᠣᠯᠤᠨ ᠪᠣᠳᠠᠲᠠᠶ ᠠᠰᠠᠭᠤᠳᠠᠯ ᠤᠨ ᠲᠣᠭᠤᠷᠢᠨ ᠳᠤ ᠴᠢᠬᠤᠯᠠ ᠶᠡᠭᠡ ᠥᠭᠡᠷᠡᠴᠢᠯᠡᠯᠲᠡ ᠶᠢᠨ ᠠᠰᠠᠭᠤᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠣᠷᠣᠨ ᠨᠤᠲᠤᠭ ᠤᠨ ᠥᠭᠡᠷᠡᠴᠢᠯᠡᠯᠲᠡ ᠶᠢᠨ ᠢᠳᠡᠪᠬᠢᠵᠢᠯ ᠢ ᠭᠦᠶᠴᠡᠳ ᠳᠠᠶᠢᠴᠢᠯᠠᠵᠤ᠂ ᠡᠯ᠎ᠡ ᠭᠠᠵᠠᠷ ᠤᠨ ᠬᠢᠨ ᠤ ᠭᠠᠵᠠᠷ ᠤᠷᠤᠨ ᠤ ᠪᠠᠶᠢᠳᠠᠯ ᠳᠠᠭᠠᠨ ᠲᠣᠬᠢᠷᠠᠭᠤᠯᠵᠤ᠂ ᠰᠠᠨᠠᠭᠠᠴᠢᠯᠠᠭ᠎ᠠ ᠠᠴᠠ ᠪᠠᠨ ᠥᠭᠡᠷᠡᠴᠢᠯᠡᠯᠲᠡ ᠬᠢᠬᠦ ᠶᠢ ᠵᠣᠷᠢᠭᠵᠢᠭᠤᠯᠬᠤ ᠬᠡᠷᠡᠭᠲᠡᠶ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠯ᠎ᠡ ᠲᠤᠰᠬᠠᠶ ᠳᠤᠭᠤᠶᠢᠯᠠᠩ ᠤᠨ ᠬᠢᠨ ᠠᠵᠢᠯ ᠤᠨ ᠰᠢᠰᠲ᠋ᠧᠮ ᠪᠣᠯᠤᠨ ᠠᠵᠢᠯᠯᠠᠭᠠᠨ ᠤ ᠲᠣᠭᠲᠡᠴᠡ ᠪᠠᠨ ᠲᠡᠭᠦᠯᠳᠡᠷᠵᠢᠭᠦᠯᠵᠦ᠂ ᠠᠵᠢᠯ ᠤᠨ ᠬᠦᠴᠦᠨ ᠢᠶᠠᠨ ᠵᠦᠶ ᠵᠣᠬᠢᠰᠲᠠᠶ ᠲᠣᠬᠢᠷᠠᠭᠤᠯᠵᠤ᠂ ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢᠨ ᠰᠠᠯᠠᠭ᠎ᠠ ᠮᠥᠴᠢᠷ ᠤᠨ ᠬᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠡᠯ᠎ᠡ ᠵᠦᠶᠯ ᠤᠨ ᠡᠭᠦᠷᠭᠡ ᠶᠢ ᠯᠠᠪᠳᠠᠭᠤᠨ ᠪᠠᠲᠤᠲᠠᠶ ᠠᠬᠢᠭᠤᠯᠵᠤ᠂ ᠥᠭᠡᠷᠡᠴᠢᠯᠡᠯᠲᠡ ᠶᠢᠨ ᠠᠵᠢᠯ ᠤᠨ ᠳᠤᠮᠳᠠ ᠲᠤᠯᠭᠠᠷᠠᠭᠰᠠᠨ ᠵᠥᠷᠢᠴᠡᠯ ᠪᠣᠯᠤᠨ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠶᠳᠪᠦᠷᠢᠯᠡᠵᠦ᠂ ᠥᠭᠡᠷᠡᠴᠢᠯᠡᠯᠲᠡ ᠶᠢ ᠤᠷᠤᠭᠰᠢᠲᠠᠶ ᠠᠬᠢᠭᠤᠯᠵᠤ᠂ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ