ᠪᠥᠬᠦ ᠣᠷᠣᠨ ᠤ ᠵᠣᠭᠤᠰᠣᠨ ᠤ ᠢᠲᠡᠭᠡᠮᠵᠢᠲᠦ ᠵᠢᠭᠡᠯᠡᠯᠭᠡ ᠶᠢᠨ ᠬᠡᠮᠵᠢᠶ᠎ᠡ ᠨᠢ ᠨᠡᠮᠡᠭᠳᠡᠨ ᠴᠢᠨᠠᠷ ᠨᠢ ᠳᠡᠭᠡᠭᠰᠢᠯᠡᠵᠦ ᠦᠨ᠎ᠡ ᠨᠢ ᠪᠠᠭᠤᠷᠠᠭᠰᠠᠨ ᠠᠰᠢᠭᠲᠠᠢ ᠪᠠᠶᠢᠳᠠᠯ ᠢ ᠪᠠᠲᠤᠯᠠᠵᠤ ᠪᠤᠢ
ᠨᠡᠶᠢᠲᠡᠯᠡᠭᠰᠡᠨ ᠴᠠᠭ᠄
2021/12/24
      12 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽ᠮᠥᠩᠭᠦᠨ ᠭᠦᠢᠯᠭᠡᠭᠡᠨ ᠤ ᠬᠦᠴᠦᠨ ᠢ ᠨᠢᠭᠲᠠᠷᠠᠭᠤᠯᠵᠤ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠴᠢᠨᠠᠷᠯᠢᠭ ᠬᠥᠭᠵᠢᠯᠲᠡ ᠶᠢ ᠬᠠᠪᠰᠤᠷᠤᠨ ᠠᠬᠢᠭᠤᠯᠤᠶ᠎ᠠ︾ ᠭᠡᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠵᠢᠴᠢ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ᠂ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ 4 ᠬᠠᠷᠢᠭᠤᠴᠠᠯᠭᠠᠲᠠᠨ ᠲᠤᠰ ᠲᠤᠰ ᠥᠪᠡᠷᠲᠡᠭᠡᠨ ᠵᠠᠰᠠᠬᠤ ᠣᠷᠣᠨ ᠤ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ᠂ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠭᠰᠠᠨ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠰᠣᠷᠪᠣᠯᠵᠢᠯᠠᠭᠴᠢᠳ ᠤᠨ ᠠᠰᠠᠭᠤᠯᠲᠠ ᠶᠢ ᠬᠠᠷᠢᠭᠤᠯᠪᠠ᠃      ᠡᠨᠡ ᠵᠢᠯ ᠤᠨ ᠲᠦᠷᠦᠭᠦᠤ 11 ᠰᠠᠷ᠎ᠠ ᠳᠤ᠂ ᠪᠥᠬᠦ ᠣᠷᠣᠨ ᠤ ᠵᠣᠭᠤᠰᠣᠨ ᠤ ᠢᠲᠡᠭᠡᠮᠵᠢᠲᠦ ᠵᠢᠭᠡᠯᠡᠯᠭᠡ ᠶᠢᠨ ︽ᠬᠡᠮᠵᠢᠶ᠎ᠡ ᠨᠢ ᠨᠡᠮᠡᠭᠳᠡᠬᠦ︾᠂ ︽ᠴᠢᠨᠠᠷ ᠨᠢ ᠳᠡᠭᠡᠭᠰᠢᠯᠡᠬᠦ︾᠂ ︽ᠦᠨ᠎ᠡ ᠨᠢ ᠪᠠᠭᠤᠷᠠᠬᠤ︾ ᠠᠰᠢᠭᠲᠠᠢ ᠪᠠᠶᠢᠳᠠᠯ ᠢ ᠪᠠᠲᠤᠯᠠᠪᠠ᠃ ᠵᠣᠭᠤᠰᠣᠨ ᠤ ᠢᠲᠡᠭᠡᠮᠵᠢᠲᠦ ᠵᠢᠭᠡᠯᠡᠯᠭᠡ ᠶᠢᠨ ᠨᠡᠯᠢᠶᠡᠳ ᠲᠦᠷᠭᠡᠨ ᠨᠡᠮᠡᠭᠳᠡᠯ ᠢ ᠪᠡᠶᠡᠯᠡᠭᠦᠯᠵᠦ᠂ ᠪᠣᠳᠠᠲᠤ ᠴᠣᠭᠴᠠᠲᠤ ᠠᠵᠤ ᠠᠬᠤᠶ ᠳᠤ ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠪᠠ᠃ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠨᠢ 2.49 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 3.9 ᠵᠠᠭᠤᠨ ᠤ ᠴᠡᠭ ᠳᠡᠭᠡᠭᠰᠢᠯᠡᠪᠡ︔ ᠵᠢᠯ ᠤᠨ ᠡᠬᠢᠨ ᠤ ᠬᠢ ᠠᠴᠠ 1674.2 ᠳ᠋ᠦᠩᠰᠢᠭᠤᠷ ᠲᠥᠭᠦᠷᠢᠭ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 1660.6 ᠳ᠋ᠦᠩᠰᠢᠭᠤᠷ ᠲᠥᠭᠦᠷᠢᠭ ᠢᠯᠡᠭᠦᠤ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠣᠶᠢᠷ᠎ᠠ ᠶᠢᠨ 4 ᠵᠢᠯ ᠤᠨ ᠬᠠᠮᠤᠭ ᠤᠨ ᠥᠨᠳᠥᠷ ᠲᠦᠪᠰᠢᠨ ᠳᠤ ᠬᠦᠷᠴᠡᠶ᠃      ᠵᠢᠭᠡᠯᠡᠯᠭᠡ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠠᠬᠤᠶ ᠶᠢᠨ ᠪᠠᠭᠤᠷᠠᠶ ᠭᠤᠭᠴᠤᠭ᠎ᠠ ᠪᠠ ᠭᠤᠣᠯᠳᠠᠯᠭ᠎ᠠ ᠲᠠᠢ ᠬᠦᠷᠢᠶ᠎ᠡ ᠶᠢ ᠪᠦᠲᠦᠮᠵᠢᠲᠡᠶ ᠲᠡᠮᠵᠢᠪᠡ᠃ ᠵᠣᠭᠤᠰᠣᠨ ᠤ ᠲᠥᠷᠥ ᠶᠢᠨ ᠪᠣᠳᠣᠯᠭ᠎ᠠ ᠶᠢᠨ ᠡᠯ᠎ᠡ ᠵᠦᠢᠯ ᠤᠨ ᠪᠠᠭᠠᠵᠢ ᠶᠢ ᠭᠦᠢᠴᠡᠳ ᠬᠡᠷᠡᠭᠯᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠢᠯᠡᠳᠬᠡᠯ ᠤᠨ ᠦᠢᠯᠡᠰ᠂ ᠪᠣᠬᠢᠷᠲᠤᠯ ᠥᠬᠡᠶ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠰᠢᠨ᠎ᠡ ᠶᠢ ᠡᠭᠦᠳᠬᠦ ᠠᠵᠤ ᠠᠬᠤᠶᠢᠯᠠᠯ ᠵᠡᠷᠭᠡ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠪᠠᠭᠤᠷᠠᠶ ᠭᠤᠭᠴᠤᠭ᠎ᠠ ᠪᠠ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠳᠡᠮᠵᠢᠬᠦ ᠡᠷᠴᠢᠮ ᠢ ᠴᠢᠩᠭᠠᠷᠠᠭᠤᠯᠪᠠ᠃ 12 ᠳ᠋ᠤᠭᠠᠷ ᠰᠠᠷ᠎ᠠ ᠶᠢᠨ ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠪᠥᠬᠦ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠨᠡᠶᠢᠲᠡ 328 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠲᠠᠯᠪᠢᠪᠠ᠃ ᠳᠠᠬᠢᠨ ᠵᠢᠭᠡᠯᠡᠯᠭᠡ ᠲᠠᠯᠪᠢᠵᠤ ᠳᠠᠬᠢᠨ ᠪᠡᠯᠡᠨ ᠵᠣᠭᠤᠰ ᠲᠥᠯᠥᠭᠰᠡᠨ ᠨᠢ ᠨᠡᠶᠢᠲᠡ 433 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 57.7% ᠪᠠᠷ ᠨᠡᠮᠡᠭᠳᠡᠵᠡᠶ᠃      ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠲᠣᠭᠲᠠᠭᠤᠨ ᠤ ᠳᠤᠮᠳᠠ ᠪᠠᠭᠤᠷᠠᠭᠤᠯᠵᠤ᠂ ᠪᠣᠳᠠᠲᠤ ᠴᠣᠭᠴᠠᠲᠤ ᠠᠵᠤ ᠠᠬᠤᠶᠢᠯᠠᠯ ᠳᠤ ᠠᠰᠢᠭ ᠬᠦᠷᠲᠡᠭᠡᠭᠰᠡᠨ ᠦᠷ᠎ᠡ ᠪᠦᠲᠦᠮᠵᠢ ᠨᠢ ᠢᠯᠡᠳᠲᠡ ᠪᠣᠯᠪᠠ᠃ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠦᠨ᠎ᠡ ᠮᠡᠳᠡᠭᠦᠯᠬᠦ ᠬᠦᠤ ᠮᠥᠩᠭᠦ ᠶᠢᠨ ᠨᠣᠷᠮ᠎ᠠ ᠶᠢᠨ ᠥᠭᠡᠷᠡᠴᠢᠯᠡᠯᠲᠡ ᠶᠢᠨ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠵᠤ᠂ ᠲᠥᠯᠥᠪᠦᠷᠢ ᠶᠢᠨ ᠦᠢᠯᠡᠴᠢᠯᠡᠭᠡᠨ ᠤ ᠰᠦᠢᠳᠬᠡᠯ ᠢ ᠪᠠᠭᠤᠷᠠᠭᠤᠯᠬᠤ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠲᠣᠭᠲᠠᠭᠤᠨ ᠤ ᠳᠤᠮᠳᠠ ᠪᠠᠭᠤᠷᠠᠭᠤᠯᠪᠠ᠃ ᠢᠯᠠᠩᠭᠤᠶ᠎ᠠ ᠵᠢᠵᠢᠭ ᠪᠢᠴᠢᠯ ᠠᠵᠤ ᠠᠬᠤᠶᠢᠯᠠᠯ ᠤᠨ ᠲᠦᠭᠡᠮᠡᠯ ᠬᠠᠷᠠᠭᠠᠯᠵᠠᠯᠲᠤ ᠵᠢᠭᠡᠯᠡᠯᠭᠡ ᠶᠢᠨ ᠨᠡᠮᠡᠭᠦᠷᠢ ᠶᠢᠨ ᠳᠤᠮᠳᠠᠴᠢ ᠬᠦᠤ ᠮᠥᠩᠭᠦ ᠶᠢᠨ ᠨᠣᠷᠮ᠎ᠠ ᠶᠢ ᠢᠯᠡᠳᠲᠡ ᠪᠠᠭᠤᠷᠠᠭᠤᠯᠵᠤ᠂ ᠲᠦᠷᠦᠭᠦᠤ 11 ᠰᠠᠷ᠎ᠠ ᠳᠤ᠂ ᠪᠥᠬᠦ ᠣᠷᠣᠨ ᠤ ᠰᠢᠨ᠎ᠡ ᠪᠠᠷ ᠲᠠᠷᠬᠠᠭᠠᠭᠰᠠᠨ ᠵᠢᠵᠢᠭ ᠪᠢᠴᠢᠯ ᠠᠵᠤ ᠠᠬᠤᠶᠢᠯᠠᠯ ᠤᠨ ᠲᠦᠭᠡᠮᠡᠯ ᠬᠠᠷᠠᠭᠠᠯᠵᠠᠯᠲᠤ ᠵᠢᠭᠡᠯᠡᠯᠭᠡ ᠶᠢᠨ ᠨᠡᠮᠡᠭᠦᠷᠢ ᠶᠢᠨ ᠳᠤᠮᠳᠠᠴᠢ ᠬᠦᠤ ᠮᠥᠩᠭᠦ ᠶᠢᠨ ᠨᠣᠷᠮ᠎ᠠ ᠨᠢ 6.83% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.46 ᠵᠠᠭᠤᠨ ᠤ ᠴᠡᠭ ᠪᠠᠭᠤᠷᠠᠵᠤ᠂ ᠣᠶᠢᠷ᠎ᠠ ᠶᠢᠨ 3 ᠵᠢᠯ ᠤᠨ ᠲᠤᠷᠰᠢᠬᠢ ᠬᠠᠮᠤᠭ ᠤᠨ ᠳᠣᠤᠷ᠎ᠠ ᠲᠦᠪᠰᠢᠨ ᠳᠤ ᠬᠥᠷᠪᠡ᠃      ᠳᠠᠷᠠᠭᠠᠴᠢ ᠶᠢᠨ ᠠᠯᠬᠤᠮ ᠳᠤ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠲᠣᠭᠲᠠᠪᠤᠷᠢᠲᠠᠢ ᠵᠣᠭᠤᠰᠣᠨ ᠤ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠵᠣᠭᠤᠰᠣᠨ ᠤ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢ ᠰᠠᠶᠢᠲᠤᠷ ᠡᠵᠡᠮᠳᠡᠵᠦ᠂ ᠪᠦᠲᠦᠴᠡ ᠶᠢᠨ ᠴᠢᠨᠠᠷᠲᠠᠢ ᠵᠣᠭᠤᠰᠣᠨ ᠤ ᠲᠦᠷᠦ ᠶᠢᠨ ᠪᠤᠳᠤᠯᠭ᠎ᠠ ᠶᠢᠨ ᠪᠠᠭᠠᠵᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠣᠳᠠᠲᠤ ᠴᠣᠭᠴᠠᠲᠤ ᠠᠵᠤ ᠠᠬᠤᠢ ᠣᠨᠴᠠᠭᠠᠶᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠢᠵᠢᠭ ᠪᠢᠴᠢᠯ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠪᠣᠬᠢᠷᠲᠤᠯ ᠦᠭᠡᠢ ᠬᠥᠭᠵᠢᠯᠲᠡ ᠳᠠᠬᠢ ᠳᠡᠮᠵᠢᠯᠭᠡ ᠪᠠᠨ ᠴᠢᠩᠭᠠᠳᠬᠠᠬᠤ ᠶᠢ ᠢᠳᠡᠪᠬᠢᠲᠡᠢ ᠬᠦᠳᠦᠯᠥᠨ ᠳᠠᠭᠠᠭᠤᠯᠵᠤ᠂ ᠪᠡᠯᠡ ᠲᠣᠬᠢᠷᠠᠭᠤᠯᠬᠤ ᠥᠪᠡᠷ ᠤᠨ ᠦᠷᠳᠡᠭ ᠢ ᠪᠠᠭᠤᠷᠠᠭᠤᠯᠤᠨ᠎ᠠ᠃ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠤ ᠪᠣᠳᠠᠲᠤ ᠴᠣᠭᠴᠠᠲᠤ ᠠᠵᠤ ᠠᠬᠤᠶ ᠳᠤ ᠵᠣᠬᠢᠰᠲᠠᠶ ᠪᠠᠷ ᠠᠰᠢᠭ ᠣᠯᠭᠤᠬᠤ ᠶᠢ ᠦᠷᠭᠦᠯᠵᠢᠯᠡᠨ ᠠᠬᠢᠭᠤᠯᠵᠤ᠂ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢ ᠲᠣᠭᠲᠠᠭᠤᠨ ᠤ ᠳᠤᠮᠳᠠ ᠪᠠᠭᠤᠷᠠᠭᠤᠯᠬᠤ ᠶᠢ ᠬᠥᠲᠥᠯᠥᠨ ᠵᠢᠯᠣᠭᠤᠳᠴᠤ᠂ ᠡᠮᠦᠨᠡᠬᠢ ᠬᠤᠭᠤᠴᠠᠭᠠᠨ ᠤ ᠬᠦᠦ ᠮᠥᠩᠭᠦ ᠶᠢᠨ ᠨᠤᠷᠮ᠎ᠠ ᠶᠢ ᠪᠠᠭᠤᠷᠠᠭᠤᠯᠤᠭᠰᠠᠨ ᠦᠷ᠎ᠡ ᠪᠦᠲᠦᠭᠡᠯ ᠢ ᠦᠨᠡᠨ ᠬᠦ ᠪᠠᠲᠤᠯᠠᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ