| 12 ᠰᠠᠷ᠎ᠠ ᠶᠢᠨ 23 ᠤ ᠡᠳᠦᠷ᠂ ᠶᠢᠰᠦᠳᠦᠭᠡᠷ ᠬᠤᠭᠤᠴᠠᠭᠠᠨ ᠤ ᠥᠪᠥᠷ ᠮᠣᠩᠭᠤᠯ ᠤᠨ ︽ᠲᠠᠯ᠎ᠠ ᠨᠤᠲᠤᠭ ᠤᠨ ᠴᠢᠳᠠᠪᠤᠷᠢᠳᠠᠨ︾ ᠤ ᠳᠡᠭᠡᠳᠦ ᠲᠡᠰ | ᠲᠠᠪᠬᠤᠷᠭ᠎ᠠ ᠶᠢᠨ ᠴᠢᠳᠠᠪᠤᠷᠢᠲᠠᠨ ᠤ ᠬᠠᠮᠲᠤᠷᠠᠯᠴᠠᠭ᠎ᠠ ᠰᠣᠯᠢᠯᠴᠠᠭᠠᠨ ᠤ ᠬᠤᠷᠠᠯ ᠵᠢᠴᠢ ᠬᠥᠬᠡᠬᠤᠲᠠ ᠪᠤᠭᠤᠲᠤ ᠣᠷᠳᠤᠰ ᠤᠯᠠᠭᠠᠨᠴᠠᠪ ᠤᠨ ᠴᠢᠳᠠᠪᠤᠷᠢᠲᠠᠨ ᠤ ᠰᠢᠨ᠎ᠡ ᠶᠢ | ᠡᠭᠦᠳᠴᠤ ᠦᠢᠯᠡᠰ ᠪᠤᠰᠬᠠᠬᠤ ᠭᠠᠷᠠᠭ ᠤᠨ ᠤᠯᠠᠭᠠᠨᠴᠠᠪ ᠬᠤᠳᠠ ᠶᠢᠨ ᠭᠤᠣᠯ ᠬᠤᠷᠠᠯ ᠤᠨ ᠲᠠᠯᠠᠪᠠᠢ ᠶᠢᠨ ᠠᠵᠢᠯᠯᠠᠭ᠎ᠠ ᠡᠬᠢᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ ᠶᠠᠩ ᠸᠧᠢ ᠳ᠋ᠦᠩ ᠠᠵᠢᠯᠯᠠᠭ᠎ᠠ | ᠡᠬᠢᠯᠡᠭᠰᠡᠨ ᠢ ᠵᠠᠷᠯᠠᠬᠰᠡᠨ ᠪᠥᠭᠡᠤᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠴᠢ᠊ ᠪᠠᠲᠤ ᠬᠤᠷᠠᠯ ᠳᠤ ᠣᠷᠣᠯᠴᠠᠪᠠ᠃ ᠶᠠᠩ ᠸᠧᠶ ᠳ᠋ᠦᠩ᠂ | ᠴᠢ᠊ ᠪᠠᠲᠤ 2021 ᠣᠨ ᠤ ᠥᠪᠥᠷ ᠮᠣᠩᠭᠤᠯ ᠤᠨ ︽ᠲᠠᠯ᠎ᠠ ᠨᠤᠲᠤᠭ ᠤᠨ ᠴᠢᠳᠠᠪᠤᠷᠢᠳᠠᠨ︾ ᠢᠶᠠᠷ ᠰᠣᠩᠭᠤᠭᠳᠠᠭᠰᠠᠳ ᠤᠨ ᠲᠥᠯᠥᠭᠡᠯᠡᠭᠴᠢ ᠪᠠ ︽ᠭᠠᠷᠮᠠᠭᠠᠶ | ᠴᠢᠳᠠᠪᠤᠷᠢᠲᠠᠨ ᠤ ᠱᠠᠩᠨᠠᠯ︾ ᠭᠥᠷᠳᠡᠭᠰᠡᠳ ᠤᠨ ᠲᠥᠯᠥᠭᠡᠯᠡᠭᠴᠢ ᠳᠤ ᠦᠨᠡᠮᠯᠡᠯ ᠣᠯᠭᠤᠵᠤ᠂ ᠤᠯᠠᠭᠠᠨᠴᠠᠪ ᠬᠤᠲᠠ ᠶᠢᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠴᠢᠳᠠᠪᠤᠷᠢᠲᠠᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠬᠦᠷᠢᠶᠡᠯᠡᠩ ᠲᠣᠭᠤᠷᠢᠭ︾ ᠤᠨ ᠫᠠᠶᠢᠰᠠ ᠢᠯᠡᠷᠭᠡᠶᠢᠯᠡᠯ ᠢ ᠰᠡᠬᠦᠪᠡ︔ ᠥᠪᠡᠷᠲᠡᠭᠡᠨ | ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ | ᠳᠡᠳ᠋ ᠳᠠᠷᠤᠭ᠎ᠠ ᠪᠣᠤ ᠰᠢᠶᠠᠨ ᠬᠤᠸᠠ ᠡᠬᠢᠯᠡᠯᠲᠡ ᠶᠢᠨ ᠶᠣᠰᠣᠯᠠᠯ ᠢ ᠡᠷᠭᠢᠯᠡᠪᠡ᠃ | ᠶᠠᠩ ᠸᠧᠢ ᠳ᠋ᠦᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠬᠤᠷᠠᠯ ᠢ ᠬᠤᠷᠠᠯᠳᠤᠭᠤᠯᠤᠭᠰᠠᠨ ᠤ ᠲᠠᠷᠠᠭᠠᠬᠠᠨ | ᠲᠡᠷᠡ ᠳᠠᠷᠤᠢ ᠳᠤᠨᠢ ᠲᠤᠰ ᠤᠳᠠᠭᠠᠨ ᠤ ᠭᠠᠷᠠᠭ ᠤᠨ ᠠᠵᠢᠯᠯᠠᠭ᠎ᠠ ᠶᠢ ᠡᠷᠬᠢᠯᠡᠪᠡ᠃ ᠡᠨᠡ ᠪᠣᠯ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ | ᠶᠡᠭᠡ ᠲᠠᠯ᠎ᠠ ᠳᠤ ᠦᠢᠯᠡᠴᠢᠯᠡᠬᠦ ᠪᠠᠲᠤᠯᠠᠭ᠎ᠠ ᠬᠠᠩᠭᠠᠬᠤ ᠪᠣᠳᠠᠲᠤ ᠠᠵᠢᠯᠯᠠᠭ᠎ᠠ ᠪᠦᠭᠡᠳ ᠮᠦᠨ ᠴᠤ ᠥᠪᠡᠷᠲᠡᠭᠡᠨ ᠵᠠᠰᠠᠬᠤ ᠣᠷᠣᠨ ᠤ ︽ᠨᠢᠭᠡ ᠲᠥᠪ ᠤᠯᠠᠨ ᠴᠡᠭ︾ | ᠤᠨ ᠴᠢᠳᠠᠪᠤᠷᠢᠲᠠᠨ ᠤ ᠠᠵᠢᠯ ᠤᠨ ᠪᠠᠶᠢᠷᠢᠰᠢᠯ ᠢ ᠭᠦᠨᠵᠡᠭᠡᠢ ᠠᠬᠢᠭᠤᠯᠵᠤ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠪᠣᠯᠤᠨ᠎ᠠ ᠬᠡᠵᠤ ᠵᠢᠭᠠᠵᠤ ᠭᠠᠷᠭᠠᠵᠠᠢ᠃ ᠲᠡᠷᠡ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠤᠢᠢᠯᠡᠰ ᠤᠨ ᠴᠢᠳᠠᠪᠤᠷᠢᠲᠠᠨ ᠳᠤ ᠠᠩᠬᠠᠷᠤᠯ ᠢᠶᠠᠨ | ᠲᠥᠪᠯᠡᠷᠡᠭᠦᠯᠵᠦ᠂ ᠲᠠᠭᠠᠭᠤᠯᠤᠬᠴᠢ ᠴᠢᠳᠠᠪᠤᠷᠢᠲᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠭᠦᠯᠬᠦ ᠶᠢ ᠬᠢᠵᠠᠭᠠᠷᠯᠠᠵᠤ ᠪᠠᠶᠢᠭ᠎ᠠ ᠴᠢᠳᠠᠪᠤᠷᠢᠲᠠᠨ ᠤ ᠪᠣᠭᠤᠮᠢ ᠶᠢ ᠱᠠᠯᠠᠪᠳᠠᠨ ᠰᠢᠢᠳᠪᠤᠷᠢᠯᠡᠬᠦ ᠬᠡᠷᠡᠭᠲᠡᠶ︔ ᠠᠵᠤ ᠦᠢᠯᠡᠰ ᠤᠨ ᠲᠠᠪᠴᠠᠩ᠂ | ᠰᠤᠳᠤᠯᠤᠨ ᠨᠡᠭᠡᠭᠡᠬᠦ ᠲᠠᠪᠴᠠᠩ᠂ ᠬᠠᠷᠢᠶ᠎ᠠ ᠭᠠᠵᠠᠷ ᠤᠨ ᠲᠠᠪᠴᠠᠩ ᠢ ᠬᠦᠴᠦᠯᠡᠨ ᠪᠠᠶᠢᠭᠤᠯᠵᠤ᠂ ᠬᠠᠷᠢᠴᠠᠩᠭᠤᠢ ᠲᠥᠪᠯᠡᠷᠡᠭᠰᠡᠨ ᠴᠢᠳᠠᠪᠤᠷᠢᠲᠠᠨ ᠤ ᠲᠥᠪ ᠪᠠ ᠰᠢᠨ᠎ᠡ ᠶᠢ | ᠡᠭᠦᠳᠬᠦ ᠥᠨᠳᠦᠷᠯᠢᠭ ᠢ ᠲᠦᠷᠭᠡᠪᠴᠢᠯᠡᠨ ᠪᠠᠶᠢᠭᠤᠯᠬᠤ ᠬᠡᠷᠡᠭᠳᠡᠢ︔ ᠬᠥᠮᠦᠨ ᠬᠡᠷᠡᠭᠯᠡᠬᠦ ᠪᠡᠶᠡᠴᠢ ᠴᠣᠭᠴᠠ ᠳᠤ ᠦᠨᠡᠨ ᠬᠦ ᠡᠷᠬᠡ ᠣᠯᠭᠤᠵᠤ᠂ ᠴᠢᠳᠠᠪᠤᠷᠢᠲᠠᠨ ᠤ | ᠬᠦᠯᠢᠶᠡᠰᠦ ᠶᠢ ᠦᠨᠡᠨ ᠬᠦ ᠰᠤᠯᠠᠷᠠᠭᠤᠯᠤᠨ᠂ ᠴᠢᠳᠠᠪᠤᠷᠢᠲᠠᠨ ᠤ ᠦᠨᠡᠯᠡᠯᠲᠠ ᠶᠢᠨ ᠦᠭᠡᠷᠡᠴᠢᠯᠠᠯᠲᠠ ᠶᠢ ᠦᠨᠡᠨ ᠬᠦ ᠨᠠᠶᠢᠳᠠᠪᠤᠷᠢᠵᠢᠭᠤᠯᠵᠤ᠂ ᠨᠡᠩ ᠢᠳᠡᠪᠬᠢᠲᠡᠢ ᠪᠥᠭᠡᠳ | ᠨᠡᠭᠡᠭᠡᠯᠲᠡ ᠲᠠᠢ᠂ ᠪᠣᠳᠠᠲᠠᠢ ᠶᠢ ᠡᠷᠬᠢᠮᠯᠡᠬᠦ ᠪᠥᠭᠡᠳ ᠥᠨᠳᠥᠷ ᠪᠦᠲᠦᠮᠵᠢᠲᠡᠢ ᠴᠢᠳᠠᠪᠤᠷᠢᠲᠡᠨ ᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ | ᠬᠡᠷᠡᠭᠳᠡᠢ︔ ᠴᠢᠳᠠᠪᠤᠷᠢᠲᠠᠨ ᠢ ᠤᠨᠢᠨ ᠲᠡᠭᠡᠷ᠎ᠠ ᠨᠢ ᠬᠥᠮᠦᠵᠢᠭᠦᠯᠵᠦ᠂ ᠴᠢᠳᠠᠪᠤᠷᠢᠲᠠᠨ ᠢ ᠠᠮᠢᠳᠤᠯᠢᠭ ᠢᠶᠠᠷ ᠣᠷᠣᠭᠤᠯᠤᠨ ᠠᠪᠴᠢᠷᠠᠵᠤ᠂ ᠴᠢᠳᠠᠪᠤᠷᠢᠲᠠᠨ ᠢ ᠪᠥᠬᠦ | ᠬᠦᠴᠦᠨ ᠢᠶᠠᠷ ᠬᠦᠮᠦᠵᠢᠭᠦᠯᠦᠨ᠂ ᠴᠢᠳᠠᠪᠤᠷᠢᠲᠠᠨ ᠤ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠥᠷᠢᠰᠥᠯᠳᠦᠭᠦᠯᠦᠨ ᠬᠥᠭᠵᠢᠭᠡᠵᠦ᠂ | ᠡᠯ᠎ᠡ ᠲᠥᠷᠦᠯ ᠤᠨ ᠴᠢᠳᠠᠪᠤᠷᠢᠲᠠᠨ ᠤ ᠥᠪᠥᠷ ᠮᠣᠩᠭᠤᠯ ᠳᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠶᠢ ᠴᠢᠩᠭᠠᠳᠬᠠᠬᠤ ᠬᠡᠷᠡᠭᠳᠡᠢ ᠭᠡᠵᠠᠢ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠰᠦᠯᠵᠢᠶᠡᠨ ᠳᠡᠭᠡᠷᠡᠬᠢ ︽ᠡᠭᠦᠯᠡᠨ ᠦᠵᠡᠭᠦᠯᠭᠡ ᠶᠢᠨ ᠲᠢᠩᠬᠢᠮ︾ ᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ ᠪᠣᠯᠤᠨ ᠱᠠᠩᠬᠠᠶ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠪᠦᠳᠦᠭᠦᠪᠴᠢ ᠬᠡᠯᠡᠯᠴᠡᠭᠡᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠪᠤᠯᠤᠨ ᠹᠦᠳᠠᠨ ᠶᠡᠭᠡ ᠰᠤᠷᠭᠠᠭᠤᠯᠢ ᠶᠢᠨ ᠵᠣᠣ ᠳ᠋ᠦᠩ ᠶᠤᠸᠠᠨ | ᠠᠺᠠᠳᠧᠮᠢᠴᠢ ᠶᠢᠨ ᠪᠦᠯᠬᠦᠮ ᠤᠨ ᠬᠢᠨ ᠬᠠᠮᠲᠤ ᠪᠠᠷ ᠮᠠᠲ᠋ᠧᠷᠢᠶᠠᠯ ᠤᠨ ᠬᠢᠮᠢ ᠶᠢᠨ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠲᠥᠪ ᠢ ᠪᠠᠶᠢᠭᠤᠯᠬᠤ᠂ ᠥᠪᠤᠷ | ᠮᠤᠩᠭᠤᠯ ᠤᠨ ᠠᠵᠤ ᠤᠶᠢᠯᠠᠳᠪᠤᠷᠢ ᠶᠢᠨ ᠶᠡᠭᠡ ᠰᠤᠷᠭᠠᠭᠤᠯᠢ ᠠᠴᠠ ᠲᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠡᠤ ᠴᠢᠶᠠᠩ ᠢ ᠤᠷᠢᠵᠤ | ᠬᠥᠷᠢᠶᠡᠯᠡᠩ ᠤᠨ ᠲᠠᠷᠤᠭ᠎ᠠ ᠶᠢᠨ ᠲᠤᠰᠢᠶᠠᠯ ᠡᠬᠦᠷᠭᠡᠯᠡᠬᠦᠯᠬᠦ ᠵᠡᠷᠭᠡ 10 ᠴᠢᠳᠠᠪᠤᠷᠢᠲᠠᠨ ᠤ ᠲᠥᠷᠥᠯ ᠵᠤᠶᠢᠯ ᠤᠨ ᠬᠡᠯᠡᠯᠴᠡᠭᠡᠷ ᠲᠤᠭᠳᠠᠬᠤ ᠶᠣᠰᠣᠯᠠᠯ ᠶᠠᠪᠤᠭᠤᠯᠪᠠ᠃ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠬᠤ᠋ ᠸᠧᠨ ᠷᠦᠢ᠂ ᠳᠤᠮᠳᠠᠳᠤ ᠤᠯᠤᠰ ᠤᠨ ᠢᠨᠵᠧᠨᠧᠷᠢᠩ ᠤᠨ | ᠬᠦᠷᠢᠶᠡᠯᠡᠩ ᠤᠨ ᠠᠺᠠᠳᠧᠮᠢᠴᠢ ᠯᠢ ᠸᠧᠢ ᠵᠡᠷᠭᠡ 8 ᠠᠺᠠᠳᠧᠮᠢᠴᠢ ᠵᠢᠴᠢ 20 ᠭᠠᠷᠤᠢ ᠣᠨᠴᠠ ᠤᠷᠢᠭᠰᠠᠨ ᠲᠤᠰᠬᠠᠢ ᠮᠡᠷᠭᠡᠵᠢᠯᠲᠡᠨ ᠡᠷᠳᠡᠮᠲᠡᠨ᠂ ᠣᠷᠣᠨ ᠤ ᠭᠠᠳᠠᠨᠠᠬᠢ | ᠬᠡᠰᠡᠭ ᠬᠠᠮᠲᠤᠷᠠᠯᠴᠠᠭᠠᠨ ᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠤ ᠠᠬᠤᠶᠢᠯᠠᠯ ᠤᠨ ᠵᠣᠴᠢᠳ ᠤᠨ | ᠲᠥᠯᠥᠭᠡᠯᠡᠭᠴᠢ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠶᠡᠭᠡ ᠳᠡᠭᠡᠳᠦ ᠰᠤᠷᠭᠠᠭᠤᠯᠢ ᠪᠣᠯᠤᠨ ᠡᠯ᠎ᠡ ᠠᠶᠢᠮᠠᠭ ᠬᠤᠳᠠ ᠶᠢᠨ | ᠬᠤᠯᠪᠣᠭᠳᠠᠯ ᠪᠦᠬᠦᠢ ᠬᠠᠷᠢᠭᠤᠴᠠᠯᠭᠠᠲᠠᠨ 300 ᠭᠠᠷᠤᠢ ᠬᠥᠮᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ |