| 12 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢ ᠶᠢᠨ 2021 ᠣᠨ ᠤ ᠭᠤᠣᠯᠳᠠᠯᠭ᠎ᠠ ᠲᠠᠢ ᠰᠤᠳᠤᠯᠭᠠᠨ ᠤ ᠰᠡᠳᠦᠪ ᠤᠨ | ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ | ᠪᠥᠭᠡᠳ ᠶᠠᠷᠢᠶ᠎ᠠ ᠲᠠᠯᠪᠢᠪᠠ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠸᠠᠩ ᠯᠢ ᠰᠢᠶᠠ᠂ ᠮᠧᠩ ᠹᠠᠨ ᠯᠢ᠂ ᠳ᠋ᠢᠩ ᠰᠢᠤ ᠹᠧᠩ᠂ ᠬᠦᠦᠳᠠᠭᠤᠯᠠ᠂ ᠯᠢᠶᠠᠨ ᠰᠸ᠂ ᠯᠦᠸᠧ ᡁᠢ ᠬᠣ᠋ | ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠬᠢᠯᠡᠭᠴᠢ | ᠭᠡᠰᠢᠭᠦᠨ ᠪᠠᠶ ᠴᠢᠩ ᠶᠤᠸᠠᠨ᠂ ᠠᠷᠠᠳᠴᠢᠯᠠᠭᠰᠠᠨ ᠬᠤᠯᠪᠣᠭ᠎ᠠ ᠶᠢᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠬᠢᠯᠡᠭᠴᠢ ᠭᠡᠰᠢᠭᠦᠨ | ᠳ᠋ᠦᠩ ᠾᠧᠩ ᠢᠤᠢ᠂ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠬᠢᠯᠡᠭᠴᠢ | ᠭᠡᠰᠢᠭᠦᠨ ᠯᠢ ᠷᠦᠩ ᠰᠢ᠂ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠬᠢᠯᠡᠭᠴᠢ ᠭᠡᠰᠢᠭᠦᠨ | ᠵᠧᠩ ᠹᠦ᠋ ᠲᠢᠶᠠᠨ᠂ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠬᠢᠯᠡᠭᠴᠢ | ᠭᠡᠰᠢᠭᠦᠨ ᠶᠦᠨ ᡁᠢ ᠾᠧᠦ᠂ ︽9·3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ | ᠡᠷᠬᠢᠯᠡᠭᠴᠢ ᠭᠡᠰᠢᠭᠦᠨ ᠯᠢᠦ ᠰᠢᠨ ᠯᠧ᠂ ᠥᠪᠡᠷᠲᠡᠭᠡᠨ ᠵᠠᠰᠠᠬᠤ ᠣᠷᠣᠨ ᠤ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠠᠨ ᠷᠦᠨ ᠱᠧᠩ᠂ ᠨᠠᠮ | ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢ ᠯᠢ ᠰᠢ ᠲᠤᠰ ᠲᠤᠰ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠬᠤ᠂ | ᠡᠯᠡᠰᠦᠷᠬᠡᠭ ᠭᠠᠵᠠᠷ ᠡᠯᠡᠰᠦᠨ ᠴᠥᠯ ᠤᠨ ᠠᠮᠢ ᠠᠬᠤᠶ ᠶᠢᠨ ᠵᠠᠰᠠᠯᠲᠠ᠂ ᠡᠨᠧᠷᠭᠢ ᠬᠠᠳᠠᠭᠠᠯᠠᠬᠤ ᠠᠵᠤ ᠦᠢᠯᠡᠰ ᠤᠨ ᠬᠡᠪᠴᠢᠶᠡᠵᠢᠭᠰᠡᠨ ᠬᠥᠭᠵᠢᠯᠲᠡ᠂ ᠪᠣᠭᠤᠮᠲᠠ ᠶᠢᠨ | ᠤᠷᠤᠨ ᠤ ᠠᠵᠤ ᠠᠬᠤᠶ ᠶᠢᠨ ᠬᠥᠭᠵᠢᠯᠲᠡ᠂ ᠠᠨᠠᠭᠠᠬᠤ ᠤᠬᠠᠭᠠᠨ ᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ᠂ ᠲᠠᠯ᠎ᠠ ᠨᠤᠲᠤᠭ ᠤᠨ ᠠᠮᠢ ᠠᠬᠤᠶ ᠶᠢᠨ ᠮᠠᠯ | ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠠᠷᠠᠲᠤ ᠲᠥᠷᠥᠯ ᠲᠡᠮᠳᠡᠭᠲᠦ ᠶᠢᠨ ᠥᠷᠢᠰᠦᠯᠳᠦᠬᠦ | ᠬᠦᠴᠦᠨ ᠢ ᠳᠡᠭᠡᠭᠰᠢᠯᠡᠭᠦᠯᠬᠦ᠂ ᠠᠵᠤ ᠦᠶᠯᠡᠳᠪᠦᠷᠢ ᠶᠢᠨ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠵᠡᠷᠭᠡ ᠰᠡᠳᠦᠪ ᠤᠨ | ᠲᠤᠭᠤᠷᠢᠨ ᠳᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠬᠠᠷᠢᠭᠤ ᠮᠡᠳᠡᠭᠦᠯᠪᠡ᠃ ᠱᠢ ᠲᠠᠢ ᠹᠧᠩ ᠪᠠᠶᠢᠨ ᠪᠠᠶᠢᠨ ᠬᠤᠯᠪᠣᠭᠳᠠᠯ ᠪᠦᠬᠦᠢ ᠠᠰᠠᠭᠤᠳᠠᠯ ᠢ | ᠯᠠᠪᠯᠠᠨ ᠠᠰᠠᠭᠤᠬᠤ ᠶᠢᠨ ᠬᠠᠮᠲᠤ ᠤᠯᠠᠨ ᠲᠠᠢ ᠰᠠᠨᠠᠯ ᠢᠶᠠᠨ ᠰᠣᠯᠢᠯᠴᠠᠪᠠ᠃ | ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠱᠢ ᠲᠠᠢ ᠹᠧᠩ ᠭᠤᠣᠯᠳᠠᠯᠭ᠎ᠠ ᠲᠠᠢ ᠰᠤᠳᠤᠯᠭᠠᠨ ᠤ ᠰᠡᠳᠦᠪ ᠤᠨ ᠪᠠᠶᠢᠴᠠᠭᠠᠨ | ᠰᠤᠳᠤᠯᠤᠯᠲᠠ ᠶᠢᠨ ᠦᠷ᠎ᠡ ᠪᠦᠲᠦᠭᠡᠯ ᠢ ᠨᠤᠲᠠᠯᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠮᠦᠨ᠎ᠡ ᠠᠴᠠ ᠡᠯ᠎ᠡ ᠠᠷᠠᠳᠴᠢᠯᠠᠭᠰᠠᠨ ᠨᠠᠮ | ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ ᠥᠪᠡᠷᠲᠡᠭᠡᠨ ᠵᠠᠰᠠᠬᠤ ᠣᠷᠣᠨ ᠤ ᠡᠯ᠎ᠡ ᠠᠷᠠᠳᠴᠢᠯᠠᠭᠰᠠᠨ ᠨᠠᠮ | ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ ᠢ ᠨᠠᠮ ᠤᠨ ᠲᠥᠪ ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠮᠲᠤᠷᠠᠠ ᠠᠵᠢᠯᠯᠠᠬᠤ ᠤᠭ ᠰᠠᠨᠠᠭ᠎ᠠ ᠪᠠᠨ ᠪᠠᠲᠤ ᠰᠠᠬᠢᠵᠤ᠂ ᠰᠢᠯᠢᠳᠡᠭ ᠤᠯᠠᠮᠵᠢᠯᠠᠯ ᠢᠶᠠᠨ | ᠵᠠᠯᠭᠠᠮᠵᠢᠯᠠᠵᠤ᠂ ᠨᠠᠮ ᠤᠨ ᠲᠥᠪ ᠬᠤᠷᠢᠶ᠎ᠠ ᠶᠢᠨ ᠨᠢᠭᠡᠳᠦᠮᠡᠯ ᠹᠷᠣᠨᠲ ᠤᠨ ᠪᠦᠷᠢᠯᠳᠦᠬᠦᠨ ᠳᠤ ᠳᠤᠷᠠᠳᠤᠭᠰᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠰᠠᠨᠠᠭᠠᠴᠢᠯᠠᠭ᠎ᠠ ᠶᠢ ᠢᠳᠡᠪᠬᠢᠲᠡᠢ ᠴᠤᠤᠷᠢᠶᠠᠲᠤᠨ ᠲᠠᠭᠠᠵᠤ᠂ ᠰᠢᠨ᠎ᠡ ᠭᠠᠷᠤᠭ᠎ᠠ ᠳᠡᠭᠡᠷ᠎ᠡ ᠰᠢᠨ᠎ᠡ | ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠪᠡ᠃ | ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠥᠪᠥᠷ | ᠮᠣᠩᠭᠤᠯ ᠤᠨ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠵᠢᠷᠤᠭ ᠲᠦᠰᠦᠪ ᠢ ᠵᠢᠷᠤᠭᠯᠠᠪᠠ᠂ ᠠᠤᠭ᠎ᠠ ᠵᠢᠷᠤᠭ ᠲᠥᠰᠦᠪ ᠢ ᠰᠠᠶᠢᠨ ᠰᠠᠶᠢᠬᠠᠨ ᠪᠣᠳᠠᠲᠤ | ᠠᠬᠤᠢ ᠪᠣᠯᠭᠠᠨ ᠬᠤᠪᠢᠷᠠᠭᠤᠯᠬᠤ ᠳᠤ᠂ ᠡᠯ᠎ᠡ ᠲᠠᠯ᠎ᠠ ᠶᠢᠨ ᠤᠶᠤᠨ ᠤᠬᠠᠭᠠᠨ ᠪᠠ ᠬᠦᠴᠦᠨ ᠴᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠬᠤ ᠴᠢᠬᠤᠯᠠᠲᠠᠢ᠃ | ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ ᠬᠦᠰᠡᠯ ᠨᠠᠶᠢᠳᠠᠯᠭ᠎ᠠ ᠶᠢ ᠪᠠᠲᠤ | ᠴᠡᠭᠡᠵᠢᠯᠡᠵᠦ᠂ ᠵᠣᠷᠢᠭᠲᠠᠢ ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠲᠠᠢ ᠭᠠᠷ | ᠬᠤᠯᠪᠣᠯᠴᠠᠨ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠥᠪᠥᠷ ᠮᠣᠩᠭᠤᠯ ᠤᠨ ᠶᠠᠪᠤᠳᠠᠯ ᠢ ᠬᠠᠮᠲᠤ ᠪᠠᠷ ᠰᠠᠶᠢᠲᠤᠷ ᠬᠢᠵᠦ᠂ ᠥᠪᠥᠷ ᠮᠣᠩᠭᠤᠯ ᠤᠨ | ᠣᠳᠣᠬᠢᠴᠢᠯᠠᠬᠤ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠶᠢ ᠬᠦᠰᠡᠵᠦ ᠪᠠᠶᠢᠨ᠎ᠠ᠃ ᠲᠠᠨᠢᠯᠲᠠ ᠪᠠᠨ ᠳᠡᠭᠡᠭᠰᠢᠯᠡᠭᠦᠯᠵᠦ᠂ | ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢ ᠢᠮᠠᠭᠲᠠ ᠬᠠᠮᠤᠭ ᠤᠨ | ᠢᠯᠡ ᠲᠣᠳᠣ ᠤᠯᠤᠰ ᠲᠥᠷᠥ ᠶᠢᠨ ᠵᠣᠭᠰᠣᠯᠲᠠ ᠪᠠᠨ ᠪᠣᠯᠭᠠᠵᠤ᠂ ᠬᠠᠮᠲᠤ ᠪᠠᠷ ᠪᠦᠯᠬᠦᠮᠳᠡᠨ ᠲᠡᠮᠡᠴᠡᠬᠦ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ | ᠦᠷᠭᠦᠯᠵᠢᠯᠡᠨ ᠪᠠᠬᠢᠵᠢᠭᠦᠯᠵᠦ᠂ ᠵᠥᠪ ᠤᠯᠤᠰ ᠲᠥᠷᠥ ᠶᠢᠨ ᠴᠢᠭᠯᠡᠯ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ | ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠨᠢᠭᠡᠳᠦᠯᠲᠡᠶ ᠪᠠᠶᠢᠵᠤ᠂ ᠢᠮᠠᠭᠲᠠ ᠳᠤᠮᠳᠠᠳᠤ ᠤᠯᠤᠰ ᠤᠨ ᠡᠪ | ᠬᠠᠮᠲᠤ ᠨᠠᠮ ᠲᠠᠢ ᠦᠵᠡᠯ ᠰᠠᠨᠠᠭᠠᠨ ᠤ ᠲᠠᠯ᠎ᠠ ᠪᠠᠷ ᠰᠡᠳᠭᠢᠯ ᠨᠢᠭᠡᠲᠡᠶ᠂ ᠬᠠᠷᠠᠯᠲᠠ ᠶᠢᠨ ᠲᠠᠯ᠎ᠠ ᠪᠠᠷ ᠢᠵᠢᠯ ᠴᠢᠭᠯᠡᠯ ᠲᠠᠢ᠂ ᠠᠵᠢᠯᠯᠠᠭᠠᠨ ᠤ ᠲᠠᠯ᠎ᠠ ᠪᠠᠷ ᠠᠳᠠᠯᠢ | ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠶᠡᠭᠡ ᠲᠠᠯ᠎ᠠ ᠶᠢ ᠡᠵᠡᠮᠳᠡᠵᠦ᠂ ᠳᠠᠪᠠᠭᠤᠯᠢᠭ ᠢᠶᠠᠨ ᠪᠠᠳᠠᠷᠠᠭᠤᠯᠵᠤ᠂ ᠴᠢᠳᠠᠪᠤᠷᠢᠲᠠᠨ ᠴᠤᠭᠯᠠᠷᠠᠭᠰᠠᠨ᠂ ᠬᠠᠷᠢᠯᠴᠠᠭ᠎ᠠ ᠥᠷᠭᠡᠨ | ᠳᠡᠯᠭᠡᠷ ᠪᠠᠶᠢᠬᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠴᠢᠬᠤᠯᠠ ᠬᠦᠷᠢᠶ᠎ᠡ ᠪᠣᠯᠤᠨ ᠭᠤᠣᠯᠳᠠᠯᠭ᠎ᠠ ᠲᠠᠢ ᠠᠰᠠᠭᠤᠳᠠᠯ ᠤᠨ ᠲᠣᠭᠤᠷᠢᠨ ᠳᠤ ᠰᠣᠳᠣ ᠮᠡᠷᠭᠡᠨ | ᠰᠠᠨᠠᠯ ᠰᠠᠨᠠᠭᠤᠯᠭ᠎ᠠ ᠢᠯᠡᠭᠦᠬᠡᠨ ᠳᠤᠷᠠᠳᠴᠤ᠂ ᠪᠣᠳᠠᠲᠠᠢ ᠶᠢ ᠡᠷᠬᠢᠮᠯᠡᠭᠰᠡᠨ ᠠᠷᠭ᠎ᠠ ᠪᠤᠳᠤᠯᠭ᠎ᠠ ᠢᠯᠡᠭᠦᠬᠡᠨ ᠳᠡᠪᠰᠢᠭᠦᠯᠵᠦ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ | ᠢᠯᠡᠭᠦᠬᠡᠨ ᠰᠦᠪᠡᠭᠴᠢᠯᠡᠵᠦ᠂ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠢ ᠬᠠᠮᠵᠢᠨ ᠵᠢᠱᠢᠯᠲᠡ ᠶᠢ ᠬᠦᠳᠦᠯᠦᠨ ᠵᠢᠯᠣᠭᠤᠳᠬᠤ᠂ ᠢᠲᠡᠭᠡᠯ ᠵᠣᠷᠢᠭ ᠢ ᠬᠥᠪᠴᠢᠯᠡᠬᠦ᠂ | ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠬᠤ ᠠᠵᠢᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠨᠡᠩ ᠰᠠᠶᠢᠳᠤᠷ ᠢᠶᠠᠷ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠣᠨᠣᠪᠴᠢᠲᠠᠢ ᠪᠠᠶᠢᠴᠠᠭᠠᠨ | ᠰᠤᠳᠤᠯᠤᠯᠲᠠ ᠬᠢᠵᠦ᠂ ᠪᠣᠳᠠᠲᠠᠢ ᠶᠢ ᠡᠷᠬᠢᠮᠯᠡᠨ ᠰᠠᠨᠠᠯ ᠰᠠᠨᠠᠭᠤᠯᠭ᠎ᠠ ᠳᠤᠷᠠᠳᠴᠤ᠂ ᠨᠠᠮ ᠵᠠᠰᠠᠭ ᠤᠨ ᠬᠠᠯᠠᠮᠵᠢᠯᠠᠵᠤ ᠪᠠᠶᠢᠭ᠎ᠠ᠂ ᠨᠡᠶᠢᠭᠡᠮ ᠤᠨ ᠠᠩᠬᠠᠷᠴᠤ ᠪᠠᠶᠢᠭ᠎ᠠ᠂ | ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠪᠣᠳᠠᠲᠠᠢ ᠠᠰᠠᠭᠤᠳᠠᠯ ᠠᠴᠠ ᠭᠠᠷᠳᠠᠵᠤ᠂ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠳᠤᠷᠠᠳᠬᠤ᠂ ᠠᠰᠠᠭᠤᠳᠠᠯ ᠢ | ᠰᠤᠳᠤᠯᠬᠤ᠂ ᠠᠰᠠᠭᠤᠳᠠᠯ ᠢ ᠬᠠᠷᠢᠭᠤᠯᠬᠤ ᠪᠠᠷ ᠳᠠᠮᠵᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠢ ᠬᠠᠪᠰᠤᠷᠤᠨ ᠬᠦᠴᠢᠷᠳᠡᠯ ᠢ ᠨᠡᠩ ᠰᠠᠶᠢᠲᠤᠷ | ᠰᠢᠢᠳᠪᠦᠷᠢᠯᠡᠵᠦ᠂ ᠲᠦᠭᠵᠢᠷᠡᠯ ᠢ ᠨᠡᠩ ᠰᠠᠶᠢᠲᠤᠷ ᠨᠡᠪᠳᠡᠷᠡᠭᠦᠯᠵᠤ᠂ ᠠᠰᠠᠭᠤᠳᠠᠯ ᠢ ᠨᠡᠩ ᠰᠠᠶᠢᠲᠤᠷ ᠰᠢᠢᠳᠪᠦᠷᠢᠯᠡᠵᠦ᠂ ᠨᠠᠮ ᠤᠨ ᠬᠤᠷᠢᠶ᠎ᠠ ᠪᠣᠯᠤᠨ ᠵᠠᠰᠠᠭ ᠤᠨ | ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠪᠦᠲᠦᠮᠵᠢᠲᠡᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠳᠤ ᠨᠡᠩ ᠤᠯᠠᠨ ᠠᠰᠢᠭᠲᠠᠢ | ᠯᠠᠪᠯᠠᠯᠲᠠ ᠬᠠᠩᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠨᠢ ᠪᠠᠶᠢᠴᠠᠭᠠᠨ ᠰᠤᠳᠤᠯᠤᠯᠲᠠ ᠶᠢᠨ | ᠦᠷ᠎ᠡ ᠪᠦᠲᠦᠭᠡᠯ ᠢ ᠤᠨᠳᠤᠤᠰᠢᠭᠤᠯᠬᠤ ᠠᠵᠢᠯ ᠢ ᠲᠦᠷᠦᠭᠦᠯᠡᠨ ᠰᠠᠶᠢᠲᠤᠷ ᠠᠳᠬᠤᠵᠤ᠂ ᠡᠯ᠎ᠡ ᠳᠠᠭᠠᠭᠠᠴᠢᠯᠠᠨ ᠭᠦᠢᠴᠡᠳᠭᠡᠬᠦ ᠨᠢᠭᠡᠴᠢ ᠨᠢ | ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠡᠭᠦᠷᠭᠡ ᠪᠠᠨ ᠬᠤᠪᠢᠶᠠᠷᠢᠯᠠᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠂ ᠣᠯᠠᠨ ᠤ ᠣᠶᠤᠨ ᠤᠬᠠᠭᠠᠨ ᠤ ᠦᠷ᠎ᠡ | ᠪᠦᠲᠦᠭᠡᠯ ᠢ ᠦᠨᠡᠨ ᠬᠦ ᠪᠣᠳᠠᠲᠠᠶ ᠠᠵᠢᠯ ᠤᠨ ᠰᠡᠳᠭᠢᠮᠵᠢ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠪᠥᠬᠦ ᠣᠷᠣᠨ ᠤ | ᠥᠭᠡᠷᠡᠴᠢᠯᠡᠯᠲᠡ ᠬᠥᠭᠵᠢᠯᠲᠡ ᠲᠣᠭᠲᠠᠭᠤᠨ ᠢ ᠠᠬᠢᠭᠤᠯᠬᠤ ᠪᠣᠳᠠᠲᠠᠶ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠰᠠᠨᠠᠭᠠᠴᠢᠯᠠᠭ᠎ᠠ ᠠᠴᠠ ᠪᠠᠨ ᠲᠦᠷᠦ ᠶᠢᠨ ᠨᠠᠮ ᠤᠨ ᠵᠥᠪᠯᠡᠯᠭᠡ ᠭᠢᠬᠦ ᠶᠢ ᠦᠷᠨᠢᠭᠦᠯᠵᠦ᠂ ᠤᠬᠠᠮᠰᠠᠷ ᠠᠴᠠ ᠪᠠᠨ ᠠᠷᠠᠳᠴᠢᠯᠠᠭᠰᠠᠨ ᠬᠢᠨᠠᠯᠲᠠ ᠶᠢ | ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ᠂ ᠦᠢᠯᠡᠳᠦᠯ ᠢᠶᠠᠨ ᠪᠠᠳᠠᠷᠠᠭᠤᠯᠬᠤ ᠳᠤ ᠲᠠᠪᠴᠠᠩ ᠪᠠᠶᠢᠭᠤᠯᠵᠤ᠂ ᠣᠷᠴᠢᠨ ᠨᠦᠬᠦᠴᠡᠯ ᠡᠭᠦᠳᠴᠦ ᠥᠭᠭᠦ ᠭᠡᠷᠡᠭᠳᠡᠢ ᠭᠡᠵᠦ | ᠴᠢᠬᠤᠯᠠᠴᠢᠯᠠᠪᠠ᠃ |