ᠸᠠᠩ ᠯᠢ ᠰᠢᠶᠠ ᠪᠦᠬᠦ ᠣᠷᠣᠨ ᠤ ︽ᠨᠠᠰᠤᠲᠠᠶᠢᠴᠤᠳ ᠪᠠ ᠨᠢᠯᠬᠠᠰ︾ ᠤᠨ ᠬᠥᠮᠦᠨ ᠠᠮᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠭᠦᠳᠡ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠰᠡᠳᠭᠢᠯ ᠲᠠᠯᠪᠢᠨ ᠬᠦᠴᠦ ᠣᠷᠣᠭᠤᠯᠵᠤ ᠴᠢᠩᠭ᠎ᠠ ᠨᠠᠷᠢᠯᠢᠭ ᠪᠣᠳᠠᠲᠠᠢ ᠠᠳᠬᠤᠵᠤ ︽ᠨᠠᠰᠤᠲᠠᠶᠢᠴᠤᠳ ᠪᠠ ᠨᠢᠯᠬᠠᠰ︾ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/12/24

      12 ᠰᠠᠷ᠎ᠠ ᠶᠢᠨ 21 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ︽ᠨᠠᠰᠤᠲᠠᠶᠢᠴᠤᠳ ᠪᠠ ᠨᠢᠯᠬᠠᠰ︾ ᠤᠨ ᠬᠥᠮᠦᠨ ᠠᠮᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃
      ᠸᠠᠩ ᠯᠢ ᠰᠢᠶᠠ᠂ ︽ᠨᠠᠰᠤᠲᠠᠶᠢᠴᠤᠳ ᠪᠠ ᠨᠢᠯᠬᠠᠰ︾ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠪᠣᠯ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ ᠠᠷᠠᠳ ᠤᠨ ᠠᠮᠢᠳᠤᠷᠠᠯ ᠤᠨ ᠲᠤᠮᠤ ᠶᠠᠪᠤᠳᠠᠯ ᠮᠥᠨ᠂ ᠥᠷᠭᠡᠨ ᠤᠯᠠᠨ ᠠᠷᠠᠳ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠠᠷᠠᠳ ᠤᠯᠠᠨ ᠤ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠢᠮᠠᠭᠲᠠ ᠬᠥᠮᠦᠨ ᠠᠮᠠ ᠶᠢᠨ ᠨᠠᠰᠤᠵᠢᠯ ᠤᠨ ᠠᠬᠢᠴᠠ ᠲᠠᠢ ᠵᠣᠬᠢᠴᠠᠭᠤᠯᠬᠤ ᠶᠢ ᠪᠠᠲᠤᠯᠠᠬᠤ ᠳᠤ ᠴᠢᠬᠤᠯᠠ ᠶᠡᠭᠡ ᠪᠥᠭᠡᠳ ᠠᠯᠤᠰ ᠬᠡᠳᠤ ᠶᠢᠨ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠦᠢᠯᠡᠴᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂

︽ᠨᠠᠰᠤᠲᠠᠶᠢᠴᠤᠳ ᠪᠠ ᠨᠢᠯᠬᠠᠰ︾ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠭᠢᠯᠭᠡ᠂ ᠲᠡᠤᠬᠡᠨ ᠡᠭᠦᠷᠭᠡᠲᠦ ᠰᠡᠳᠬᠢᠯᠭᠡ᠂ ᠲᠤᠯᠭᠠᠮ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠤᠯᠤᠰ ᠲᠦᠷᠦ ᠶᠢᠨ ᠲᠠᠯ᠎ᠠ ᠠᠴᠠ ᠦᠵᠡᠬᠦ ᠶᠢ ᠪᠠᠷᠢᠮᠲᠠᠯᠠᠵᠤ᠂ ᠰᠣᠶᠣᠯ ᠢ ᠤᠯᠠᠮᠵᠢᠯᠠᠨ ᠵᠠᠯᠭᠠᠮᠵᠢᠯᠠᠬᠤ ᠲᠠᠯ᠎ᠠ ᠠᠴᠠ ᠦᠵᠡᠬᠦ ᠶᠢ ᠪᠠᠷᠢᠮᠲᠠᠯᠠᠵᠤ᠂ ᠲᠤᠪᠤᠶᠢᠮ᠎ᠠ ᠠᠰᠠᠭᠤᠳᠠᠯ ᠢ ᠪᠦᠬᠦ ᠬᠦᠴᠦ ᠪᠠᠷ ᠢᠶᠠᠨ ᠰᠢᠢᠳᠪᠦᠷᠢᠯᠡᠵᠦ᠂ ᠦᠢᠯᠡᠴᠢᠯᠡᠭᠡᠨ ᠤ ᠰᠢᠰᠲ᠋ᠧᠮ ᠢ ᠱᠠᠯᠠᠪᠳᠠᠨ ᠪᠦᠷᠢᠨᠰᠢᠬᠦᠯᠵᠤ᠂

︽ᠨᠠᠰᠤᠲᠠᠶᠢᠴᠤᠳ ᠪᠠ ᠨᠢᠯᠬᠠᠰ︾ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
      ᠸᠠᠩ ᠯᠢ ᠰᠢᠶᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠱᠠᠭᠠᠷᠳᠠᠯᠭ᠎ᠠ ᠲᠠᠢ ᠬᠠᠷᠭᠤᠭᠤᠯᠵᠤ᠂ ᠭᠤᠤᠯᠳᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠦᠨ᠂ ᠬᠦᠴᠢᠷ ᠠᠰᠠᠭᠤᠳᠠᠯ ᠢ ᠰᠢᠶᠳᠪᠦᠷᠢᠯᠡᠵᠦ᠂ ᠰᠢᠨ᠎ᠡ ᠴᠠᠭ ᠦᠶ᠎ᠡ ᠶᠢᠨ

︽ᠨᠠᠰᠤᠲᠠᠶᠢᠴᠤᠳ ᠪᠠ ᠨᠢᠯᠬᠠᠰ︾ ᠤᠨ ᠦᠶᠯᠡᠴᠢᠯᠡᠭᠡᠨ ᠤ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠰᠠᠶᠢᠲᠤᠷ ᠬᠢᠬᠦ ᠬᠡᠷᠡᠭᠲᠡᠶ᠃ ᠪᠦᠲᠦᠮᠵᠢᠲᠡᠶ ᠬᠠᠩᠭᠠᠯᠭ᠎ᠠ ᠶᠢ ᠨᠡᠮᠡᠭᠳᠡᠭᠦᠯᠬᠦ ᠳᠡᠭᠡᠷ᠎ᠡ ᠬᠦᠴᠦ ᠲᠠᠯᠪᠢᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢ ᠶᠡᠭᠡ ᠪᠠᠷ ᠬᠥᠭᠵᠢᠭᠦᠯᠵᠦ᠂ ᠬᠡᠷ ᠲᠡᠭᠡᠨ ᠨᠠᠰᠤᠵᠢᠯ ᠤᠨ ᠠᠰᠠᠷᠠᠮᠵᠢ ᠬᠦᠷᠲᠡᠬᠦ ᠨᠡᠶᠢᠭᠡᠮ ᠲᠣᠭᠤᠷᠢᠭ ᠤᠨ ᠦᠶᠯᠡᠴᠢᠯᠡᠭᠡᠨ ᠤ ᠲᠤᠤᠷ ᠢ ᠲᠦᠷᠭᠡᠳᠭᠡᠨ ᠪᠠᠶᠢᠭᠤᠯᠵᠤ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠶᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠰᠤᠲᠠᠨ ᠢ ᠠᠰᠠᠷᠠᠵᠤ ᠨᠢᠯᠬᠠᠰ ᠢ ᠬᠥᠮᠦᠵᠢᠭᠦᠯᠬᠦ ᠤᠷᠤᠨ ᠲᠤᠭ᠎ᠠ ᠶᠢᠨ ᠬᠠᠩᠭᠠᠯᠭ᠎ᠠ ᠶᠢ ᠦᠨᠡᠨ ᠬᠦ ᠨᠡᠮᠡᠭᠳᠡᠭᠦᠯᠬᠦ ᠬᠡᠷᠡᠭᠲᠡᠶ᠃ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠵᠤ ᠪᠠᠲᠤᠯᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠨᠠᠰᠤᠲᠠᠨ ᠢ ᠠᠰᠠᠷᠠᠵᠤ ᠨᠢᠯᠬᠠᠰ ᠢ ᠨᠠᠶᠢᠳᠠᠨ ᠬᠥᠮᠦᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠨᠠᠰᠤᠲᠠᠨ ᠢ ᠠᠰᠠᠷᠠᠵᠤ ᠨᠢᠯᠬᠠᠰ ᠢ ᠨᠠᠶᠢᠳᠠᠨ ᠠᠰᠠᠷᠠᠭᠤᠯᠬᠤ ᠦᠶᠯᠡᠴᠢᠯᠡᠭᠡᠨ ᠤ ᠲᠤᠰᠬᠠᠶᠢᠵᠢᠭᠰᠠᠨ᠂ ᠵᠢᠷᠤᠮᠵᠢᠭᠰᠠᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠦᠢᠯᠡᠴᠢᠯᠡᠭᠡᠨ ᠤ ᠠᠵᠤ ᠦᠢᠯᠡᠰ ᠢ ᠪᠣᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠨᠡᠶᠢᠭᠡᠮᠴᠢᠯᠡᠭᠰᠡᠨ ᠠᠵᠢᠯᠯᠠᠭᠠᠨ ᠢ ᠪᠠᠷᠢᠮᠲᠠᠯᠠᠵᠤ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢᠨ ᠠᠭᠤᠰᠤᠯᠴᠠᠨ ᠬᠥᠭᠵᠢᠬᠦ ᠶᠢ ᠶᠡᠭᠡ ᠪᠠᠷ ᠠᠬᠢᠭᠤᠯᠵᠤ᠂ ᠣᠶᠤᠨᠴᠢ ᠪᠠᠷ ᠨᠠᠰᠤᠲᠠᠨ ᠢ ᠠᠰᠠᠷᠠᠵᠤ ᠨᠢᠯᠬᠠᠰ ᠢ ᠨᠠᠶᠢᠳᠠᠨ ᠬᠥᠮᠦᠵᠢᠭᠦᠯᠬᠦ ᠰᠢᠨ᠎ᠡ ᠡᠵᠡᠩᠨᠡᠯᠲᠡ ᠶᠢᠨ ᠬᠡᠯᠪᠡᠷᠢ ᠶᠢ ᠰᠢᠨᠡᠴᠢᠯᠡᠨ ᠪᠣᠶᠢᠵᠢᠭᠤᠯᠵᠤ᠂ ᠣᠷᠣᠨ ᠰᠠᠭᠤᠴᠠ ᠶᠢᠨ ᠲᠣᠭᠤᠷᠢᠭ ᠤᠨ ᠢᠵᠢ ᠪᠦᠷᠢᠳᠦᠬᠦᠯᠦᠭᠰᠡᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ᠂ ᠪᠡᠯᠡ ᠮᠥᠩᠭᠦᠨ ᠤ ᠳᠡᠮᠵᠢᠯᠭᠡ ᠶᠢ ᠴᠢᠩᠭᠠᠳᠬᠠᠵᠤ᠂ ᠨᠡᠶᠢᠭᠡᠮ ᠤᠨ ᠬᠦᠴᠦᠨ ᠢ ᠨᠡᠩ ᠰᠠᠶᠢᠲᠤᠷ ᠲᠠᠶᠢᠴᠢᠯᠠᠨ 

︽ᠨᠠᠰᠤᠲᠠᠶᠢᠴᠤᠳ ᠪᠠ ᠨᠢᠯᠬᠠᠰ︾ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠳᠤ ᠣᠷᠣᠯᠴᠠᠭᠤᠯᠬᠤ ᠬᠡᠷᠡᠭᠲᠡᠢ᠃ ᠦᠨᠳᠦᠰᠦᠨ ᠵᠦᠢᠯ ᠢ ᠪᠠᠲᠤᠯᠠᠬᠤ ᠵᠠᠷᠴᠢᠮ ᠢ ᠪᠠᠷᠢᠮᠲᠠᠯᠠᠵᠤ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠲᠣᠳᠣᠷᠬᠠᠢ ᠪᠣᠯᠭᠠᠵᠤ᠂ ᠴᠢᠳᠠᠯ ᠢᠶᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠡᠶᠡᠯᠡᠭᠦᠯᠵᠦ᠂ ︽ᠨᠠᠰᠤᠲᠠᠶᠢᠴᠤᠳ ᠪᠠ ᠨᠢᠯᠬᠠᠰ︾ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠤᠭ᠎ᠠ ᠬᠡᠮᠵᠢᠶ᠎ᠡ᠂ ᠬᠡᠪᠴᠢᠶ᠎ᠡ ᠪᠠ ᠪᠠᠶᠢᠷᠢᠰᠢᠯ ᠢ ᠨᠢᠭᠡᠳᠦᠯᠲᠡᠢ ᠲᠥᠯᠥᠪᠵᠢᠭᠦᠯᠦᠨ᠂ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠤᠯᠠᠨ ᠲᠦᠮᠡᠨ ᠢ ᠤᠢᠢᠷ᠎ᠠ ᠬᠠᠪᠢ ᠳᠠᠭᠠᠨ ᠦᠢᠯᠡᠴᠢᠯᠡᠭᠡ ᠬᠦᠷᠳᠡᠬᠦ ᠳᠤ ᠲᠦᠬᠦᠮ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠴᠢ᠊ ᠪᠠᠲᠤ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
      ᠬᠤᠷᠠᠯ ᠠᠴᠠ ᠡᠮᠦᠨ᠎ᠡ᠂ ᠸᠠᠩ ᠯᠢ ᠰᠢᠶᠠ ᠪᠠᠰᠠ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠤᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ