ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/12/27

      12 ᠳ᠋ᠤᠭᠠᠷ ᠰᠠᠷ᠎ᠠ ᠶᠢᠨ 26᠎ ᠤ ᠡᠳᠦᠷ ᠤᠨ 0᠎ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠲᠣᠳᠣᠯᠠᠭᠰᠠᠨ 25 ᠡᠪᠡᠳᠴᠢᠨ ᠤ ᠵᠢᠱᠢᠶ᠎ᠡ ︵ᠴᠥᠮ ᠬᠥᠯᠥᠨ ᠪᠤᠶᠢᠷ ᠤᠨ ᠮᠠᠨᠵᠤᠤᠷ ᠬᠤᠲᠠ ᠳᠤ ᠪᠤᠢ︶ ᠡᠷᠡᠭᠦᠯᠵᠢᠵᠦ ᠡᠮᠨᠡᠯᠭᠡ ᠠᠴᠠ ᠭᠠᠷᠴᠠᠢ᠃
       12 ᠳ᠋ᠤᠭᠠᠷ ᠰᠠᠷ᠎ᠠ ᠶᠢᠨ 26᠎ ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 8᠂ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 160 ︵ᠬᠥᠯᠥᠨ ᠪᠤᠶᠢᠷ ᠤᠨ ᠮᠠᠨᠵᠤᠤᠷ ᠬᠤᠲᠠ ᠳᠤ 157᠂ ᠰᠢᠨ᠎ᠡ ᠪᠠᠷᠭᠤ ᠪᠠᠷᠠᠭᠤᠨ ᠬᠤᠰᠢᠭᠤᠨ ᠳᠤ 3 ᠪᠤᠢ︶ ᠪᠠᠶᠢᠨ᠎ᠠ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ᠂ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ