ᠸᠠᠩ ᠯᠢ ᠰᠢᠶᠠ ᠪᠦᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠠᠬᠢᠭᠤᠯᠬᠤ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠄ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠳᠡᠯᠡᠵᠤ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠠᠳᠬᠤᠵᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2021/12/27


      12 ᠰᠠᠷ᠎ᠠ ᠶᠢᠨ 24᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠦᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠲᠡᠷᠡ᠂ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠳᠠᠯᠠᠵᠤ᠂ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠡᠵᠡᠮᠳᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ ᠬᠡᠷᠡᠭᠲᠡᠶ ᠬᠡᠵᠥ ᠴᠢᠬᠤᠯᠠᠴᠢᠯᠠᠪᠠ᠃
      ᠸᠠᠩ ᠯᠢ ᠰᠢᠶᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠳᠦᠭᠡᠨ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠪᠣᠯᠤᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠨᠢᠬᠡ ᠵᠦᠢᠯ ᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠠᠷᠭ᠎ᠠ ᠬᠡᠮᠵᠢᠶ᠎ᠡ ᠮᠥᠨ᠂ ᠤᠯᠤᠰ ᠲᠦᠷᠦ ᠶᠢ ᠡᠷᠬᠢᠮᠯᠡᠬᠦ ᠦᠨᠳᠦᠷᠴᠡ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠦᠨᠳᠦᠷᠴᠡ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ ᠦᠨᠳᠦᠷᠴᠡ ᠠᠴᠠ ᠦᠵᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠠᠷᠢᠭᠤᠴᠠᠯᠭᠠᠲᠤ ᠰᠡᠳᠭᠢᠯᠭᠡ ᠪᠣᠯᠤᠨ ᠲᠤᠯᠭᠠᠮ ᠪᠤᠳᠤᠯ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠲᠠᠶᠢᠯᠪᠤᠷᠢᠯᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
      ᠸᠠᠩ ᠯᠢ ᠰᠢᠶᠠ᠂ ᠴᠠᠭ ᠮᠥᠴᠡ ᠲᠠᠢ ᠤᠷᠤᠯᠳᠤᠨ ᠠᠬᠢᠴᠠ ᠶᠢ ᠲᠦᠷᠭᠡᠳᠭᠡᠵᠦ᠂ ᠰᠠᠭᠤᠷᠢ ᠶᠢ ᠪᠠᠲᠤᠳᠬᠠᠬᠤ ᠶᠢ ᠪᠠᠷᠢᠮᠲᠠᠯᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠡᠷᠡᠰ ᠴᠡᠭᠴᠡᠯᠡᠨ ᠰᠠᠶᠢᠵᠢᠷᠠᠭᠤᠯᠵᠤ᠂ ᠪᠦᠬᠦ ᠬᠦᠴᠦᠨ ᠢᠶᠠᠷ ᠢᠶᠠᠨ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠬᠡᠷᠡᠭᠲᠡᠢ᠂ ᠶᠠᠭᠠᠬᠢᠭᠰᠠᠨ ᠴᠤ ᠳᠤᠲᠠᠭᠤ ᠲᠤᠷᠭᠤᠨ ᠪᠠᠶᠢᠯᠭᠠᠵᠤ᠂ ᠰᠣᠩᠭᠤᠯᠲᠠ ᠬᠢᠵᠦ᠂ ᠵᠣᠬᠢᠴᠠᠭᠤᠯᠤᠨ ᠬᠤᠪᠢᠷᠠᠭᠤᠯᠵᠤ ᠪᠣᠯᠬᠤ ᠦᠭᠡᠢ᠃ ᠡᠨᠡ ᠡᠪᠦᠯ ᠢᠷᠡᠬᠦ ᠬᠠᠪᠤᠷ ᠤᠨ ᠭᠠᠵᠠᠷ ᠰᠢᠷᠣᠶ ᠶᠢ ᠲᠡᠭᠰᠢᠯᠡᠬᠦ ᠬᠠᠮᠲᠤᠷᠠᠭᠰᠠᠨ ᠳᠠᠶᠢᠯᠠᠯᠳᠤᠭᠠᠨ ᠤ ᠴᠠᠭ ᠲᠣᠬᠢᠶᠠᠯ ᠢ ᠠᠳᠬᠤᠵᠤ᠂ ᠲᠣᠪᠣᠶᠢᠮ᠎ᠠ ᠠᠰᠠᠭᠤᠳᠠᠯ ᠢ ᠠᠩᠬᠠᠷᠴᠤ᠂ ᠬᠡᠷᠡᠭᠵᠢᠭᠦᠯᠬᠦ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠠᠬᠢᠴᠠ ᠶᠢ ᠵᠠᠪᠳᠤᠨ ᠠᠳᠬᠤᠵᠤ᠂ ᠠᠬᠢᠴᠠ ᠪᠠᠷ ᠬᠤᠴᠣᠷᠤᠩᠭᠤᠶ ᠪᠠᠶᠢᠬᠤ ᠲᠥᠷᠥᠯ ᠵᠦᠶᠯ ᠳᠤ ᠪᠠᠷᠢᠯᠭ᠎ᠠ ᠶᠢᠨ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠴᠡᠭ ᠠᠴᠠ ᠴᠡᠭ ᠲᠠᠢ ᠵᠣᠯᠭᠠᠭᠤᠯᠵᠤ᠂ ᠨᠢᠭᠡᠳ ᠨᠢᠭᠡ ᠪᠠᠷ ᠮᠥᠷᠳᠡᠨ ᠳᠠᠭᠠᠵᠤ ᠭᠦᠶᠴᠡᠳᠭᠡᠬᠦ ᠬᠡᠷᠡᠭᠲᠡᠶ︔ ᠪᠠᠷᠢᠯᠭ᠎ᠠ ᠡᠬᠢᠯᠡᠭᠦᠯᠦᠭᠡᠳᠦᠶ ᠲᠥᠷᠥᠯ ᠵᠦᠶᠯ ᠳᠤ ᠠᠰᠠᠭᠤᠳᠠᠯ ᠤᠨ ᠵᠠᠩᠭᠢᠯᠠᠭ᠎ᠠ ᠶᠢ ᠱᠠᠯᠠᠪᠳᠠᠨ ᠣᠨᠣᠪᠴᠢᠲᠠᠶ ᠡᠷᠢᠵᠦ᠂ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠭᠡᠨ ᠠᠬᠢᠭᠤᠯᠬᠤ ᠬᠡᠷᠡᠭᠲᠡᠶ︔ ᠪᠠᠷᠢᠯᠭ᠎ᠠ ᠳᠠᠭᠤᠰᠤᠭᠰᠠᠨ ᠲᠥᠷᠥᠯ ᠵᠦᠶᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ᠂ ᠠᠰᠠᠭᠤᠳᠠᠯ ᠢᠯᠡᠷᠡᠪᠡᠯ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ᠂ ᠴᠠᠭ ᠲᠤᠬᠠᠶ ᠳᠤᠨᠢ ᠴᠢᠨᠠᠷ ᠢ ᠪᠠᠲᠤᠯᠠᠨ ᠬᠥᠮᠥᠷᠭᠡ ᠳᠤ ᠣᠷᠣᠭᠤᠯᠬᠤ ᠶᠢ ᠪᠠᠲᠤᠯᠠᠬᠤ ᠬᠡᠷᠡᠭᠲᠡᠶ᠃ ᠪᠦᠬᠦ ᠶᠠᠪᠤᠴᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠡᠷᠡᠭ ᠤᠨ ᠡᠮᠦᠨ᠎ᠡ᠂ ᠬᠡᠷᠡᠭ ᠤᠨ ᠳᠤᠮᠳᠠ᠂ ᠬᠡᠷᠡᠭ ᠤᠨ ᠳᠠᠷᠠᠭᠠᠬᠢ ᠬᠠᠮᠢᠶᠠᠷᠤᠯᠲᠠ ᠶᠢ ᠵᠡᠷᠭᠡ ᠪᠠᠷ ᠴᠢᠬᠤᠯᠠᠴᠢᠯᠠᠬᠤ ᠶᠢ ᠪᠡᠶᠡᠯᠡᠭᠦᠯᠬᠦ ᠬᠡᠷᠡᠭᠲᠡᠢ︔ ᠭᠤᠣᠯᠳᠠᠯᠭ᠎ᠠ ᠲᠠᠢ ᠭᠤᠭᠴᠤᠭ᠎ᠠ ᠶᠢ ᠰᠠᠶᠢᠲᠤᠷ ᠠᠳᠬᠤᠵᠤ᠂ ᠢᠨᠵᠧᠨᠧᠷᠢᠩ ᠤᠨ ᠲᠦᠷᠦᠯ ᠵᠦᠢᠯ ᠤᠨ ᠶᠠᠰᠤ ᠴᠢᠨᠠᠷ ᠢ ᠪᠠᠭᠤᠷᠠᠭᠤᠯᠬᠤ ᠦᠭᠡᠢ᠂ ᠪᠠᠷᠢᠮᠵᠢᠶ᠎ᠠ ᠶᠢ ᠬᠤᠪᠢᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠬᠡᠵᠥ ᠴᠢᠬᠤᠯᠠᠴᠢᠯᠠᠪᠠ᠃
      ᠸᠠᠩ ᠯᠢ ᠰᠢᠶᠠ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠦᠨᠡᠨ ᠬᠦ ᠠᠳᠬᠤᠨ ᠦᠨᠡᠨ ᠬᠦ ᠬᠠᠮᠢᠶᠠᠷᠴᠤ᠂ ᠪᠡᠶ᠎ᠡ ᠪᠠᠷ ᠢᠶᠠᠨ ᠣᠷᠣᠯᠴᠠᠨ᠂ ᠪᠡᠶ᠎ᠡ ᠪᠠᠷ ᠢᠶᠠᠨ ᠠᠩᠬᠠᠷᠤᠨ ᠰᠢᠢᠳᠪᠦᠷᠢᠯᠡᠵᠦ᠂ ᠲᠣᠭᠲᠠᠭᠰᠠᠨ ᠬᠤᠭᠤᠴᠠᠭ᠎ᠠ ᠲᠠᠢ ᠪᠠᠷ ᠲᠤᠬᠢᠷᠠᠭᠤᠯᠤᠨ ᠠᠰᠠᠭᠤᠳᠠᠯ ᠢ ᠰᠢᠢᠳᠪᠦᠷᠢᠯᠡᠵᠦ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠬᠡᠵᠥ ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠵᠠᠩ ᠱᠤᠤ ᠴᠦᠨ᠂ ᠯᠢ ᠪᠢᠩ ᠷᠦᠩ ᠬᠤᠷᠠᠯ ᠳᠤ ᠣᠷᠣᠯᠴᠠᠵᠠᠶ᠃ ᠬᠤᠷᠠᠯ ᠢ ᠸᠢᠳᠢᠤ᠋ ᠬᠡᠯᠪᠡᠷᠢ ᠪᠠᠷ ᠠᠶᠢᠮᠠᠭ ᠬᠤᠲᠠ ᠶᠢᠨ ᠱᠠᠲᠤ ᠬᠦᠷᠲᠡᠯ᠎ᠡ ᠬᠤᠷᠠᠯᠳᠤᠭᠤᠯᠪᠠ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ