12 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠶ ᠶᠢᠨ ᠬᠤᠷᠢᠶ᠎ᠠ ᠶᠢᠨ ᠡᠷᠬᠢᠯᠡᠭᠴᠢ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ ᠭᠡᠮᠵᠢᠭᠳᠡᠯ ᠳᠤ ᠬᠦᠷᠬᠦ | ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠶ ᠶᠢᠨ ᠬᠤᠷᠢᠶ᠎ᠠ ᠶᠢᠨ ᠵᠢᠷᠭᠤᠳᠤᠭᠠᠷ ᠤᠳᠠᠭ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ | ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ ᠭᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠡᠭᠦᠷᠡᠰᠦᠲᠥ᠋ᠷᠥᠭᠴᠢ ᠶᠢᠨ | ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ | ᠤᠯᠤᠰ ᠤᠨ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ ᠳᠤ ᠭᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠤᠬᠳᠠᠯ ᠪᠦᠬᠦᠢ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠨᠡᠭᠦᠷᠡᠰᠦᠲᠥ᠋ᠷᠥᠭᠴᠢ ᠶᠢᠨ | ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠸᠠᠩ ᠯᠢ | ᠰᠢᠶᠠ ᠬᠤᠷᠠᠯ ᠳᠤ ᠣᠷᠣᠯᠴᠠᠵᠠᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠥᠪᠡᠷᠲᠡᠭᠡᠨ ᠵᠠᠰᠠᠬᠤ ᠣᠷᠣᠨ ᠤ ︽ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ | ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠠᠵᠢᠯ ᠢ ᠰᠠᠶᠢᠲᠤᠷ ᠬᠢᠬᠦ ᠲᠤᠬᠠᠢ | ᠰᠠᠨᠠᠯ︾ ᠢ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ ᠳᠤ ᠬᠦᠷᠬᠦ | ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ︽1 + N + X︾ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠨᠠᠶᠢᠷᠠᠭᠤᠯᠤᠨ ᠵᠣᠬᠢᠶᠠᠬᠤ ᠠᠵᠢᠯ ᠤᠨ ᠬᠡᠷᠡᠭᠵᠢᠭᠦᠯᠬᠦ | ᠲᠥᠰᠦᠯ ᠵᠢᠴᠢ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠠᠵᠢᠯ ᠤᠨ ᠲᠦᠷᠢᠮ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯ ᠤᠨ ᠲᠦᠷᠢᠮ ᠢ ᠬᠢᠨᠠᠨ ᠵᠥᠪᠯᠡᠵᠡᠢ᠃ | ᠬᠤᠷᠠᠯ ᠠᠴᠠ᠂ ᠡᠯ᠎ᠡ ᠱᠠᠲᠤᠨ ᠤ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠤ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ | ᠶᠡᠷᠦᠩᠬᠡᠶ ᠱᠦᠵᠢ ᠰᠢ ᠶᠢᠨ ᠫᠢᠩ ᠤᠨ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ | ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠬᠦ ᠳᠤ ᠦᠵᠡᠭᠦᠯᠬᠦ ᠴᠢᠬᠤᠯᠠ | ᠠᠬᠢᠭᠤᠯᠬᠤ ᠦᠶᠯᠡᠳᠦᠯ ᠢ ᠭᠦᠨᠵᠡᠭᠡᠶ ᠲᠠᠨᠢᠵᠤ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠬᠵᠢᠭᠤᠯᠬᠤ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠦᠨᠡᠨ ᠬᠦ ᠣᠷᠣᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠪᠥᠬᠦ ᠲᠠᠯ᠎ᠠ ᠪᠠᠷ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠬᠤ ᠪᠠᠷ ᠤᠳᠤᠷᠢᠳᠤᠮᠵᠢ ᠪᠣᠯᠭᠠᠵᠤ᠂ ᠡᠨᠧᠷᠭᠢ ᠶᠢᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠪᠠᠷ ᠵᠠᠩᠭᠢᠯᠠᠭ᠎ᠠ ᠪᠣᠯᠭᠠᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠤᠭᠤᠷᠢᠨ ᠢ ᠬᠠᠮᠠᠭᠠᠯᠠᠬᠤ ᠠᠵᠤ ᠦᠢᠯᠡᠰ ᠤᠨ ᠪᠦᠲᠦᠴᠡ ᠶᠢ ᠲᠦᠷᠭᠡᠳᠭᠡᠨ | ᠪᠤᠢ ᠪᠣᠯᠭᠠᠵᠤ᠂ ᠦᠢᠯᠡᠳᠪᠦᠷᠢᠯᠡᠯ ᠤᠨ ᠠᠷᠭ᠎ᠠ ᠮᠠᠶ᠋ᠢᠭ᠂ ᠠᠮᠢᠳᠤᠷᠠᠯ ᠤᠨ ᠠᠷᠭ᠎ᠠ ᠮᠠᠶ᠋ᠢᠭ᠂ ᠣᠷᠣᠨ ᠵᠠᠶ ᠶᠢᠨ ᠪᠠᠶᠢᠷᠢᠰᠢᠯ᠂ ︽ᠬᠤᠣᠰ ᠨᠡᠭᠦᠷᠡᠰᠦᠲᠥ᠋ᠷᠥᠭᠴᠢ︾ ᠶᠢᠨ | ᠠᠵᠢᠯ ᠢ ᠦᠨᠡᠨ ᠬᠦ ᠭᠦᠨᠵᠡᠭᠡᠢ ᠥᠷᠨᠢᠭᠦᠯᠵᠦ ᠡᠨᠧᠷᠭᠢ ᠶᠢᠨ ᠪᠦᠲᠦᠴᠡ ᠶᠢ ᠠᠬᠢᠭᠤᠯᠵᠤ᠂ ᠠᠵᠤ ᠦᠶᠯᠡᠰ ᠤᠨ ᠪᠦᠲᠦᠴᠡ ᠶᠢ ᠪᠥᠬᠦ ᠲᠠᠯ᠎ᠠ ᠪᠠᠷ ᠲᠤᠶᠢᠯᠪᠤᠷᠢᠲᠠᠶ ᠳᠠᠬᠢᠨ | ᠴᠣᠭᠴᠠᠯᠠᠬᠤ ᠭᠡᠷᠡᠭᠳᠠᠢ᠃ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠢᠩᠭ᠎ᠠ ᠳᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ | ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠰᠢᠨ᠎ᠡ ᠡᠨᠧᠷᠭᠢ ᠪᠠᠷ ᠭᠤᠤᠯ ᠴᠣᠭᠴᠠ ᠪᠣᠯᠭᠠᠭᠰᠠᠨ | ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠲᠦᠷᠭᠡᠳᠭᠡᠨ ᠪᠠᠶᠢᠭᠤᠯᠬᠤ ᠪᠠᠷ ᠬᠥᠲᠥᠯᠦᠮᠵᠢ ᠪᠣᠯᠭᠠᠵᠤ᠂ ᠰᠢᠨ᠎ᠡ ᠡᠨᠧᠷᠭᠢ ᠶᠢᠨ ᠠᠵᠤ ᠦᠶᠯᠡᠰ ᠤᠨ | ᠬᠡᠯᠬᠢᠶ᠎ᠡ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠪᠠᠷ ᠠᠰᠢᠭᠳᠠᠢ ᠰᠢᠲᠠᠷ᠎ᠠ ᠪᠠ ᠰᠢᠪᠲᠤᠯᠤᠯᠲᠠ ᠶᠢᠨ ᠴᠡᠭ ᠪᠣᠯᠭᠠᠵᠤ᠂ | ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠠᠵᠤ ᠠᠬᠤᠶ ᠶᠢ ᠶᠡᠭᠡ ᠪᠠᠷ ᠬᠥᠭᠵᠢᠭᠦᠯᠵᠦ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠬᠥᠳᠡᠯᠭᠡᠬᠦ | ᠡᠨᠧᠷᠭᠢ ᠶᠢ ᠢᠳᠡᠪᠬᠢᠲᠡᠶ ᠪᠣᠶᠢᠵᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ ᠭᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠬᠵᠢᠭᠤᠯᠬᠤ ᠢ ᠠᠬᠢᠭᠤᠯᠬᠤ ᠶᠠᠪᠤᠴᠠ ᠳᠤ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠲᠥᠪ ᠬᠤᠷᠢᠶ᠎ᠠ ᠶᠢᠨ ᠳᠤᠷᠠᠳᠤᠭᠰᠠᠨ ᠵᠠᠷᠴᠢᠮ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ᠂ ᠬᠥᠭᠵᠢᠯᠲᠡ ᠪᠠ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠪᠦᠬᠦᠯᠢ ᠴᠣᠭᠴᠠ ᠪᠠ ᠬᠡᠰᠡᠭ ᠲᠠᠯ᠎ᠠ᠂ ᠣᠬᠤᠷ ᠬᠤᠭᠤᠴᠠᠭ᠎ᠠ ᠪᠠ ᠳᠤᠮᠳᠠ ᠣᠷᠳᠣ ᠬᠤᠭᠤᠴᠠᠭᠠᠨ ᠤ ᠬᠠᠷᠢᠴᠠᠭ᠎ᠠ ᠶᠢ | ᠵᠥᠪ ᠢᠶᠠᠷ ᠰᠢᠶᠳᠪᠦᠷᠢᠯᠡᠵᠦ᠂ ︽ᠬᠤᠤᠰ ᠨᠡᠭᠦᠷᠡᠰᠦᠳᠦᠷᠦᠭᠴᠢ︾ ᠶᠢᠨ ᠠᠵᠢᠯ ᠤᠨ ᠴᠢᠭᠯᠡᠯ ᠵᠥᠪ᠂ ᠠᠷᠭ᠎ᠠ ᠵᠣᠬᠢᠰᠲᠠᠶ᠂ ᠯᠠᠪᠳᠠᠭᠤᠨ ᠪᠥᠭᠡᠳ ᠡᠮᠬᠢ ᠵᠢᠷᠤᠮ ᠲᠠᠢ | ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠰᠲ᠋ᠧᠮ ᠤᠨ ᠦᠵᠡᠯᠲᠡ ᠶᠢ ᠪᠣᠶ ᠪᠣᠯᠭᠠᠵᠤ᠂ ᠮᠠᠨ ᠤ ᠣᠷᠣᠨ ᠤ ᠡᠬᠢ ᠪᠠᠶᠠᠯᠢᠭ ᠤᠨ ᠲᠠᠪᠠᠭᠤᠯᠢᠭ᠂ ᠠᠵᠤ | ᠦᠶᠯᠡᠰ ᠤᠨ ᠪᠠᠶᠢᠷᠢᠰᠢᠭᠤᠯᠤᠯᠲᠠ᠂ ᠬᠥᠭᠵᠢᠯᠲᠡ ᠶᠢᠨ ᠱᠠᠲᠤ ᠦᠶ᠎ᠡ ᠵᠡᠷᠭᠡ ᠲᠠᠢ ᠤᠶᠠᠯᠳᠤᠭᠤᠯᠤᠨ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ | ᠬᠡᠮᠵᠢᠭᠳᠡᠯ ᠳᠤ ᠬᠥᠷᠬᠦ ᠶᠢ ᠪᠡᠶᠡᠯᠡᠭᠦᠯᠬᠦ ᠠᠷᠭ᠎ᠠ ᠵᠠᠮ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠭᠡᠬᠦ | ᠡᠨᠡ ᠬᠦ ᠵᠠᠩᠭᠢᠯᠠᠭ᠎ᠠ ᠶᠢ ᠠᠳᠬᠤᠨ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠡᠯ᠎ᠡ ᠭᠠᠵᠠᠷ ᠤᠨ ᠪᠣᠳᠠᠲᠤ ᠪᠠᠶᠢᠳᠠᠯ ᠢ ᠦᠨᠳᠦᠰᠦᠯᠡᠨ | ᠬᠠᠷᠠᠯᠲᠠ ᠡᠭᠦᠷᠭᠡ ᠶᠢ ᠵᠦᠶ ᠵᠣᠬᠢᠰᠲᠠᠶ ᠵᠠᠳᠠᠯᠬᠤ ᠬᠡᠷᠡᠭᠲᠡᠶ᠃ ᠡᠨᠧᠷᠭᠢ ᠶᠢᠨ ᠬᠤᠷᠣᠭᠳᠠᠯ ᠤᠨ ᠬᠢᠵᠠᠭᠠᠷᠯᠠᠯ ᠢ ᠴᠢᠩᠭᠠᠳᠬᠠᠵᠤ᠂ ᠡᠨᠧᠷᠭᠢ ᠶᠢᠨ ᠬᠤᠷᠣᠭᠳᠠᠯ ᠤᠨ | ᠬᠤᠤᠰ ᠡᠵᠡᠮᠳᠡᠯ᠂ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠵᠡᠷᠭᠡ ᠲᠦᠷᠢᠮ ᠢ ᠲᠡᠭᠦᠯᠳᠡᠷᠵᠢᠭᠦᠯᠵᠦ᠂ ᠪᠥᠬᠦ ᠶᠠᠪᠤᠴᠠ᠂ ᠡᠯ᠎ᠡ ᠬᠦᠷᠢᠶ᠎ᠡ ᠴᠠᠷᠠᠭ᠎ᠠ ᠠᠴᠠ | ᠡᠨᠧᠷᠭᠢ ᠠᠷᠪᠢᠯᠠᠬᠤ ᠠᠵᠢᠯ ᠢ ᠪᠠᠷᠢᠮᠲᠠᠯᠠᠨ ᠴᠢᠩᠭᠠᠳᠬᠠᠵᠤ᠂ ᠡᠷᠡᠰ ᠰᠢᠭᠤᠷᠬᠠᠶ᠂ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶᠢᠭᠠᠳ ︽ᠬᠤᠶᠠᠷ ᠶᠡᠭᠡᠳᠠᠢ︾ | ᠲᠥᠷᠥᠯ ᠵᠦᠶᠯ ᠢ ᠰᠣᠬᠤᠷ ᠪᠠᠯᠠᠶ ᠪᠠᠷ ᠬᠥᠭᠵᠢᠭᠦᠯᠬᠦ ᠶᠢ ᠬᠤᠷᠢᠭᠯᠠᠵᠤ᠂ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠶᠢ ᠭᠡᠳᠡᠷᠭᠦ ᠰᠢᠬᠠᠮᠳᠠᠭᠤᠯᠵᠤ ᠪᠠᠶᠢᠭᠠᠳ ᠡᠬᠢ | ᠡᠭᠦᠰᠦᠯ ᠠᠴᠠ ᠨᠢ ᠦᠷᠭᠦᠯᠵᠢᠯᠡᠨ ᠪᠠᠭᠠᠰᠬᠠᠵᠤ᠂ ᠠᠵᠤ ᠦᠶᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠭᠡᠳᠡᠷᠭᠦ ᠰᠢᠬᠠᠮᠳᠠᠭᠤᠯᠬᠤ | ᠬᠡᠷᠡᠭᠲᠡᠶ᠃ ᠪᠠᠲᠤᠯᠠᠬᠤ ᠶᠢ ᠨᠢ ᠪᠠᠲᠤᠯᠠᠵᠤ ᠬᠢᠵᠠᠭᠠᠷᠯᠠᠬᠤ ᠶᠢ ᠨᠢ ᠬᠢᠵᠠᠭᠠᠷᠯᠠᠬᠤ᠂ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠷᠭ᠎ᠠ | ᠪᠦᠬᠦᠨ ᠢ ᠰᠦᠪᠡᠭᠴᠢᠯᠡᠵᠦ ᠪᠠᠶᠢᠭᠠᠳ ᠡᠨᠧᠷᠭᠢ ᠬᠡᠷᠡᠭᠯᠡᠬᠦ ᠭᠦᠢᠴᠡᠳᠭᠡᠯ ᠲᠤᠭ᠎ᠠ ᠶᠢ ᠰᠤᠯᠠᠯᠠᠵᠤ᠂ ᠴᠢᠨᠠᠷ ᠰᠠᠶᠢᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ | ᠤᠷᠢᠳ ᠢᠶᠠᠷ ᠪᠠᠲᠤᠯᠠᠬᠤ ᠬᠡᠷᠡᠭᠲᠡᠢ᠃ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠡᠨᠧᠷᠭᠢ ᠶᠢ ᠠᠮᠤᠷ ᠲᠦᠪᠰᠢᠨ ᠲᠣᠭᠲᠠᠭᠤᠨ ᠢᠶᠠᠷ | ᠬᠠᠩᠭᠠᠬᠤ ᠪᠠ ᠡᠨᠧᠷᠭᠢ ᠶᠢᠨ ᠪᠦᠲᠦᠴᠡ ᠶᠢᠨ ᠲᠣᠬᠢᠷᠠᠭᠤᠯᠤᠯᠲᠠ ᠳᠤ ᠲᠣᠭᠲᠠᠭᠤᠨ ᠢᠶᠠᠷ ᠰᠢᠯᠵᠢᠬᠦ ᠶᠢ ᠦᠨᠡᠨ ᠬᠦ ᠪᠠᠲᠤᠯᠠᠭᠰᠠᠨ ᠤᠷᠢᠲᠠᠯ ᠳᠤᠤᠷ᠎ᠠ᠂ ᠳᠠᠬᠢᠨ ᠡᠭᠦᠰᠴᠦ | ᠪᠣᠯᠬᠤ ᠡᠨᠧᠷᠭᠢ ᠶᠢ ᠣᠷᠣᠯᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ | ᠲᠦᠪᠰᠢᠨ ᠢ ᠳᠡᠭᠡᠭᠰᠢᠯᠡᠭᠦᠯᠵᠦ᠂ ᠤᠳᠤ ᠶᠢᠨ ᠬᠡᠷᠡᠭᠵᠢᠭᠦᠯᠵᠦ ᠪᠠᠶᠢᠭ᠎ᠠ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠠᠮᠢᠳᠤᠯᠢᠭ ᠥᠭᠡᠷᠡᠴᠢᠯᠡᠯᠲᠡ ᠶᠢ | ᠲᠦᠷᠭᠡᠳᠭᠡᠨ ᠠᠬᠢᠭᠤᠯᠵᠤ᠂ ᠲᠡᠷᠢᠭᠦᠨ ᠤ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠭᠤᠯᠵᠤ᠂ | ᠨᠡᠭᠦᠷᠡᠰᠦᠨ ᠤ ᠠᠵᠢᠯ ᠲᠦᠷᠦᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠭᠢᠬᠦᠢ ᠪᠠᠨ ᠴᠢᠩᠭᠠᠳᠬᠠᠵᠤ᠂ | ᠦᠨᠡᠨ ᠠᠴᠠ ᠵᠥᠪ ᠢ ᠡᠷᠢᠬᠦ᠂ ᠵᠢᠮ᠎ᠡ ᠶᠣᠰᠣ ᠶᠣᠰᠣᠭᠠᠷ ᠠᠵᠢᠯᠯᠠᠬᠤ ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ ᠳᠤ | ᠬᠦᠷᠭᠦ ᠠᠵᠢᠯᠯᠠᠭ᠎ᠠ ᠶᠢ ᠯᠠᠪᠳᠠᠭᠤᠨ ᠪᠥᠭᠡᠳ ᠡᠮᠬᠢ ᠵᠢᠷᠤᠮ ᠲᠠᠢ᠂ ᠠᠯᠬᠤᠮ ᠲᠠᠷᠠᠭ᠎ᠠ ᠲᠠᠢ ᠪᠠᠷ ᠠᠬᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ | ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠡᠮᠵᠢᠶ᠎ᠠ ᠶᠢ ᠪᠠᠭᠤᠷᠠᠭᠤᠯᠬᠤ ᠶᠠᠪᠤᠴᠠ ᠳᠠᠬᠢ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠬᠦ ᠬᠡᠷᠡᠭᠲᠡᠢ | ᠭᠡᠵᠤ ᠴᠢᠬᠤᠯᠠᠴᠢᠯᠠᠪᠠ᠃ | ᠬᠤᠷᠠᠯ ᠠᠴᠠ᠂ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠣᠨᠢᠨ ᠳᠡᠭᠡᠷ᠎ᠡ ᠨᠢ ᠦᠷᠭᠦᠯᠵᠢᠯᠡᠨ ᠬᠦᠴᠦᠯᠡᠵᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ ᠳᠤ ᠬᠦᠷᠬᠦ ᠠᠵᠢᠯᠯᠠᠭ᠎ᠠ ᠢᠯᠡᠳᠲᠡ ᠦᠷ᠎ᠡ ᠪᠦᠲᠦᠮᠵᠢ | ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠥᠨᠳᠥᠷ ᠬᠠᠷᠢᠴᠠᠯ ᠢᠶᠠᠷ ᠨᠡᠭᠡᠭᠡᠨ ᠠᠰᠢᠭᠯᠠᠬᠤ ᠶᠢ ᠲᠦᠷᠭᠡᠳᠭᠡᠨ ᠠᠬᠢᠭᠤᠯᠵᠤ᠂ | ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠪᠠ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡᠨ ᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠰᠢᠨ᠎ᠡ ᠡᠨᠧᠷᠭᠢ ᠶᠢᠨ | ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠤ ᠦᠶᠯᠡᠰ ᠤᠨ ᠪᠦᠲᠦᠴᠡ ᠳᠤ ᠭᠦᠨᠵᠡᠭᠡᠶ ᠲᠣᠬᠢᠷᠠᠭᠤᠯᠤᠯᠲᠠ ᠬᠢᠵᠦ᠂ | ᠲᠥᠷᠥᠯ ᠵᠦᠶᠯ ᠢ ᠵᠥᠪᠰᠢᠶᠡᠷᠡᠨ ᠣᠷᠣᠭᠤᠯᠬᠤ ᠪᠣᠭᠤᠮᠲᠠ ᠶᠢ ᠴᠢᠩᠭ᠎ᠠ ᠰᠠᠬᠢᠵᠤ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠪᠠᠨ ᠴᠢᠩᠭᠠᠳᠬᠠᠬᠤ ᠶᠢ | ᠬᠥᠲᠥᠯᠥᠨ ᠵᠢᠯᠣᠭᠤᠳᠬᠤ ᠪᠠ ᠳᠡᠮᠵᠢᠵᠦ᠂ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠵᠤ᠂ ᠨᠡᠭᠦᠷᠡᠰᠦᠲᠥ᠋ᠷᠥᠭᠴᠢ ᠶᠡᠬᠡᠲᠡᠶ ᠠᠵᠢᠯ ᠲᠥᠷᠥᠯ ᠢ ᠣᠷᠣᠯᠠᠭᠤᠯᠬᠤ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠮᠡᠷᠭᠡᠵᠢᠯ ᠤᠨ ᠰᠢᠨ᠎ᠡ ᠶᠢ ᠡᠭᠦᠳᠬᠦ ᠪᠠ ᠳᠡᠯᠭᠡᠷᠡᠭᠦᠯᠦᠨ | ᠬᠡᠷᠡᠭᠯᠡᠬᠦ ᠶᠢ ᠴᠢᠩᠭᠠᠳᠬᠠᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠰᠢᠨ᠎ᠡ ᠶᠢ ᠡᠭᠦᠳᠦᠭᠰᠡᠨ ᠦᠷ᠎ᠡ | ᠪᠦᠲᠦᠭᠡᠯ ᠢ ᠣᠨᠳᠣᠣᠰᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠪᠣᠬᠢᠷᠲᠤᠯ ᠢ ᠪᠠᠭᠠᠰᠬᠠᠵᠤ | ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠠᠬᠢᠭᠤᠯᠵᠤ᠂ ᠠᠵᠤ ᠦᠢᠯᠡᠳᠪᠦᠷᠢ ᠶᠢᠨ ᠬᠦᠷᠢᠶᠡᠨ ᠤ ᠪᠠᠭ᠎ᠠ ᠨᠡᠭᠦᠷᠡᠰᠦᠲᠥ᠋ᠷᠥᠭᠴᠢᠳᠤ ᠤᠷ᠎ᠠ ᠮᠡᠷᠭᠡᠵᠢᠯ ᠤᠨ ᠰᠢᠨᠡᠴᠢᠯᠡᠯᠲᠡ | ᠪᠣᠯᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠠᠵᠤ ᠠᠬᠤᠶᠢᠯᠠᠯ ᠪᠣᠯᠤᠨ ᠬᠦᠷᠢᠶᠡᠯᠡᠩ ᠲᠣᠭᠤᠷᠢᠭ ᠤᠨ ᠤᠷᠴᠢᠯᠵᠢᠭᠤᠯᠤᠨ ᠥᠭᠡᠷᠡᠴᠢᠯᠡᠬᠦ ᠶᠢ | ᠴᠢᠩᠭᠠᠳᠬᠠᠵᠤ᠂ ᠨᠡᠭᠦᠷᠡᠰᠦᠨ ᠤ ᠬᠡᠮᠵᠢᠶ᠎ᠡ ᠶᠢ ᠪᠠᠭᠠᠰᠬᠠᠵᠤ ᠣᠷᠣᠯᠠᠭᠤᠯᠬᠤ ᠶᠢ ᠡᠮᠬᠢ ᠵᠢᠷᠤᠮ ᠲᠠᠢ ᠠᠬᠢᠭᠤᠯᠵᠤ᠂ ᠬᠤᠳᠠ ᠬᠥᠳᠡᠭᠡ ᠶᠢᠨ ᠪᠦᠳᠦᠭᠡᠨ | ᠪᠠᠶᠢᠭᠤᠯᠤᠯᠲᠠ ᠶᠢᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠬᠥᠭᠵᠢᠯᠲᠡ ᠶᠢ ᠲᠦᠷᠭᠡᠳᠭᠡᠵᠦ᠂ ᠪᠣᠬᠢᠷᠲᠤᠯ ᠦᠭᠡᠢ ᠥᠨᠳᠥᠷ ᠪᠦᠲᠦᠮᠵᠢᠲᠡᠢ ᠵᠠᠮ | ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠠᠮᠢ ᠠᠬᠤᠢ ᠶᠢᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠴᠢᠳᠠᠪᠤᠷᠢ ᠶᠢ ᠪᠠᠬᠢᠵᠢᠭᠦᠯᠦᠨ | ᠳᠡᠭᠡᠭᠰᠢᠯᠡᠭᠦᠯᠵᠦ᠂ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠲᠥᠯᠥᠪᠵᠢᠭᠦᠯᠭᠡ ᠪᠣᠯᠤᠨ ᠬᠡᠷᠡᠭᠴᠡᠭᠡ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠂ | ᠠᠮᠢ ᠠᠬᠤᠢ ᠶᠢ ᠬᠠᠮᠠᠭᠠᠯᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠦᠷᠳᠡᠭ ᠢ ᠢᠯᠡᠷᠡᠭᠦᠯᠵᠦ ᠳᠡᠶᠢᠯᠬᠦ | ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ | ᠲᠣᠭᠲᠠᠪᠤᠷᠢᠵᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠲᠦᠷᠦ ᠶᠢᠨ ᠪᠤᠳᠤᠯᠭ᠋᠎ᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠬᠦᠷᠢᠶ᠎ᠡ ᠬᠤᠪᠢᠶᠠᠨ ᠠᠵᠢᠯ ᠲᠦᠷᠦᠯ ᠬᠤᠪᠢᠶᠠᠨ ᠬᠡᠷᠡᠭᠵᠢᠭᠦᠯᠬᠦ ᠲᠥᠰᠦᠯ ᠢ ᠱᠠᠯᠠᠪᠳᠠᠭᠤᠯᠤᠨ ᠲᠣᠭᠲᠠᠭᠠᠵᠤ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠭᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠲᠦᠷᠢᠮ ᠤᠨ ᠪᠣᠷᠣ ᠲᠥᠯᠥᠪ ᠢ | ᠲᠦᠷᠭᠡᠳᠭᠡᠨ ᠪᠠᠶᠢᠭᠤᠯᠬᠤ ᠬᠡᠷᠡᠭᠲᠡᠢ᠃ ᠰᠢᠨ᠎ᠡ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠯᠥᠪᠵᠢᠭᠦᠯᠭᠡ ᠶᠢᠨ ᠲᠥᠰᠦᠯ ᠪᠣᠯᠤᠨ ᠢᠵᠢ | ᠪᠦᠷᠢᠳᠦᠬᠦᠯᠬᠦ ᠲᠦᠷᠦ ᠶᠢᠨ ᠪᠤᠳᠤᠯᠭ᠎ᠠ ᠶᠢ ᠱᠠᠯᠠᠪᠳᠠᠭᠤᠯᠤᠨ ᠲᠣᠭᠲᠠᠭᠠᠨ ᠨᠡᠶᠢᠲᠡᠯᠡᠵᠦ᠂ ᠨᠢᠭᠡ ᠯᠡ ᠳᠣᠣᠷ᠎ᠠ ᠳᠦᠷᠭᠢᠯᠳᠦᠨ ᠣᠷᠣᠵᠤ ᠰᠠᠮᠠᠭᠤᠨ ᠲᠠᠶᠢᠨ ᠬᠢᠬᠦ ᠶᠢ | ᠰᠡᠷᠭᠡᠶᠢᠯᠡᠵᠦ᠂ ᠠᠵᠤ ᠠᠬᠤᠢ ᠶᠢᠨ ᠲᠦᠷ ᠴᠠᠭ ᠤᠨ ᠨᠡᠮᠡᠭᠳᠡᠯ ᠤᠨ ᠲᠥᠯᠥᠭᠡ ᠭᠦᠢᠴᠡᠳᠭᠡᠯ ᠲᠤᠭ᠎ᠠ ᠶᠢ ᠪᠤᠯᠢᠶᠠᠯᠳᠤᠨ ᠠᠪᠬᠤ ᠶᠢ ᠰᠡᠷᠭᠡᠶᠢᠯᠡᠵᠦ᠂ ᠰᠢᠨ᠎ᠡ ᠡᠨᠧᠷᠭᠢ ᠶᠢᠨ | ᠬᠦᠷᠢᠶᠡᠨ ᠳᠤ ᠰᠢᠨ᠎ᠡ ᠢᠯᠵᠠᠷᠠᠯ ᠤᠨ ᠠᠰᠠᠭᠤᠳᠠᠯ ᠭᠠᠷᠬᠤ ᠶᠢ ᠰᠡᠷᠭᠡᠶᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠬᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠪᠠ ᠰᠢᠰᠲ᠋ᠧᠮ ᠲᠠᠢ ᠠᠬᠢᠭᠤᠯᠬᠤ ᠶᠢ ᠴᠢᠩᠭᠠᠳᠬᠠᠵᠤ᠂ | ᠴᠢᠬᠤᠯᠠ ᠵᠦᠶᠯᠡᠰ ᠢ ᠴᠠᠭ ᠲᠤᠬᠠᠶ ᠳᠤᠨᠢ ᠰᠤᠳᠤᠯᠵᠤ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠲᠣᠭᠲᠠᠭᠠᠬᠤ ᠬᠡᠷᠡᠭᠲᠡᠶ᠃ ᠤᠳᠤᠷᠢᠳᠬᠤ ᠳᠤᠭᠤᠶᠢᠯᠠᠩ ᠤᠨ | ᠠᠯᠪᠠᠨ ᠬᠡᠷ ᠡᠯ᠎ᠡ ᠭᠠᠵᠠᠷ ᠣᠷᠣᠨ ᠪᠣᠯᠤᠨ ᠭᠤᠤᠯᠳᠠᠯᠭ᠎ᠠ ᠲᠠᠢ ᠰᠠᠯᠠᠭ᠎ᠠ ᠮᠥᠴᠢᠷ᠂ ᠬᠦᠷᠢᠶ᠎ᠡ ᠴᠠᠷᠠᠭ᠎ᠠ᠂ ᠠᠵᠢᠯ ᠲᠥᠷᠥᠯ ᠢ ᠮᠥᠷᠳᠡᠨ ᠳᠣᠭᠢᠷᠠᠭᠤᠯᠬᠤ ᠪᠠᠨ | ᠴᠢᠩᠭᠠᠳᠬᠠᠵᠤ᠂ ᠡᠯ᠎ᠡ ᠲᠠᠯ᠎ᠠ ᠶᠢᠨ ᠠᠵᠢᠯ ᠤᠨ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠶ᠃ ᠡᠯ᠎ᠡ ᠪᠦᠷᠢᠯᠳᠦᠬᠦᠨ | ᠨᠢᠭᠡᠴᠢ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠶᠢ ᠰᠢᠯᠢᠳᠡᠭᠵᠢᠭᠦᠯᠵᠦ᠂ ᠲᠥᠷᠥ ᠶᠢᠨ | ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠡᠶ᠂ ᠠᠯᠬᠤᠮ ᠳᠠᠷᠠᠭ᠎ᠠ ᠶᠢᠨ ᠡᠷᠴᠢᠮ ᠢᠶᠠᠷ ᠵᠣᠯᠭᠠᠭᠤᠯᠬᠤ ᠶᠢ ᠦᠨᠡᠨ ᠬᠦ ᠪᠠᠲᠤᠯᠠᠬᠤ ᠭᠡᠷᠡᠭᠳᠠᠢ᠃ ᠡᠯ᠎ᠡ ᠱᠠᠲᠤᠨ ᠤ ᠨᠠᠮ ᠤᠨ | ᠬᠤᠷᠢᠶ᠎ᠠ ᠪᠣᠯᠤᠨ ᠵᠠᠰᠠᠭ ᠤᠨ ᠣᠷᠳᠣᠨ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ | ᠠᠵᠢᠯ ᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠨᠡᠨ ᠬᠦ | ᠬᠡᠷᠡᠭᠵᠢᠭᠦᠯᠵᠦ ᠪᠣᠯᠬᠤᠶᠢᠴᠠ ᠠᠬᠢᠭᠤᠯᠬᠤ ᠲᠥᠰᠦᠯ ᠢ ᠲᠣᠭᠲᠠᠭᠠᠬᠤ ᠬᠡᠷᠡᠭᠲᠡᠢ᠃ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ ᠳᠤ ᠬᠦᠷᠬᠦ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠺᠠᠳ᠋ᠷ ᠤᠨ ᠬᠥᠮᠦᠵᠢᠯ ᠪᠣᠯᠪᠠᠰᠤᠷᠠᠯ ᠤᠨ ᠴᠢᠬᠤᠯᠠ ᠠᠭᠤᠯᠭ᠎ᠠ ᠪᠣᠯᠭᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠢ | ᠬᠦᠳᠦᠯᠦᠨ ᠵᠢᠯᠣᠭᠤᠳᠴᠤ ᠪᠠᠶᠢᠭᠠᠳ ᠲᠠᠨᠢᠯᠲᠠ ᠶᠢᠨ ᠠᠳᠡᠭᠦᠷᠡᠯ ᠠᠴᠠ ᠮᠤᠯᠲᠤᠷᠠᠭᠤᠯᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠬᠥᠭᠵᠢᠯᠲᠡ ᠶᠢ | ᠠᠬᠢᠭᠤᠯᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠶ ᠶᠢᠨ ᠬᠤᠷᠢᠶᠠᠨ ᠤ ᠭᠡᠰᠢᠭᠦᠨ᠂ ᠨᠡᠭᠦᠷᠡᠰᠦᠳᠦ᠋ᠷᠦᠭᠴᠢ ᠶᠢᠨ | ᠭᠠᠳᠠᠬᠰᠢᠯᠠᠭᠤᠯᠤᠯᠳᠠ ᠣᠷᠭᠢᠯ ᠭᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ | ᠬᠤᠷᠠᠯ ᠳᠤ ᠣᠷᠣᠯᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ |