| 12 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ 2021 ᠣᠨ ᠤ ᠠᠵᠤ ᠠᠬᠤᠢ ᠶᠢᠨ ᠡᠷᠭᠢᠯᠳᠠ | ᠶᠢᠨ ᠪᠠᠶᠢᠳᠠᠯ ᠪᠣᠯᠤᠨ 2022 ᠣᠨ ᠤ ᠠᠵᠤ ᠠᠬᠤᠢ ᠶᠢᠨ ᠠᠵᠢᠯ ᠤᠨ ᠲᠤᠬᠢᠷᠠᠭᠤᠯᠤᠯᠳᠠ ᠶᠢᠨ ᠰᠠᠨᠠᠭᠤᠯᠭ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠦᠬᠦᠳᠠ ᠬᠤᠷᠠᠯ ᠵᠢᠴᠢ ᠪᠦᠬᠦ ᠣᠷᠣᠨ ᠤ ᠠᠵᠤ | ᠠᠬᠤᠢ ᠶᠢᠨ ᠠᠵᠢᠯ ᠤᠨ ᠬᠤᠷᠠᠯ ᠢ ᠬᠤᠷᠠᠯᠳᠤᠭᠤᠯᠬᠤ ᠪᠠᠷ ᠲᠣᠭᠲᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠪᠡ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠪᠣᠯ ᠨᠠᠮ ᠤᠨ | ᠲᠥᠪ ᠬᠤᠷᠢᠶ᠎ᠠ ᠶᠢᠨ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠳᠤ ᠰᠠᠭᠤᠷᠢᠯᠠᠨ ᠥᠪᠥᠷ ᠮᠣᠩᠭᠤᠯ ᠳᠤ ᠳᠤᠷᠠᠳᠤᠭᠰᠠᠨ ᠴᠢᠬᠤᠯᠠ ᠶᠡᠭᠡ ᠤᠯᠤᠰ ᠲᠥᠷᠥ ᠶᠢᠨ | ᠱᠠᠭᠠᠷᠳᠠᠯᠭ᠎ᠠ᠂ ᠥᠪᠥᠷ ᠮᠣᠩᠭᠤᠯ ᠳᠤ ᠣᠯᠭᠤᠭᠰᠠᠨ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠣᠯᠤᠨ᠎ᠠ᠃ ᠮᠤᠵᠢ ᠶᠢᠨ ᠱᠠᠲᠤᠨ ᠤ ᠤᠳᠤᠷᠢᠳᠬᠤ | ᠨᠥᠬᠦᠳ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠡᠷᠢᠭᠦᠨ ᠴᠢᠬᠤᠯᠠ ᠵᠣᠬᠢᠶᠠᠨ ᠪᠠᠶᠢᠭᠤᠯᠤᠭᠴᠢ ᠪᠠ ᠠᠬᠢᠭᠤᠯᠤᠭᠴᠢ ᠪᠣᠯᠤᠭᠰᠠᠨ ᠤ ᠬᠤᠪᠢ ᠳᠤ᠂ ᠡᠷᠬᠡᠪᠰᠢ ᠡᠩ | ᠲᠡᠷᠢᠭᠦᠨ ᠳᠤ ᠡᠨᠡ ᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠪᠠᠲᠤ | ᠴᠢᠩᠭ᠎ᠠ ᠤᠯᠤᠰ ᠲᠦᠷᠦ ᠶᠢᠨ ᠡᠭᠦᠷᠭᠡᠯᠡᠯ ᠢᠶᠠᠷ ᠭᠦᠨᠵᠡᠭᠡᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ | ᠬᠠᠷᠢᠭᠤᠴᠠᠯᠭ᠎ᠠ ᠪᠠᠨ ᠰᠡᠳᠭᠢᠯ ᠳᠡᠭᠡᠨ ᠪᠤᠳᠤᠵᠤ᠂ ᠬᠠᠷᠢᠭᠤᠴᠠᠯᠭ᠎ᠠ ᠪᠠᠨ ᠮᠥᠷᠤᠨ ᠳᠡᠭᠡᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠭᠡᠵᠦ᠂ ᠲᠦᠷᠦᠭᠦᠯᠡᠨ | ᠳᠠᠭᠠᠭᠤᠯᠬᠤ ᠮᠥᠷᠲᠡᠭᠡᠨ ᠪᠠᠰᠠ ᠠᠶᠠᠨ ᠳᠤ ᠮᠣᠷᠳᠠᠵᠤ᠂ ᠴᠢᠬᠤᠯᠠ ᠡᠭᠦᠷᠭᠡ ᠶᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠵᠠᠩᠭᠢᠯᠠᠭ᠎ᠠ ᠶᠢᠨ ᠭᠤᠭᠴᠤᠭ᠎ᠠ ᠶᠢ ᠪᠡᠶ᠎ᠡ ᠪᠠᠷ ᠢᠶᠠᠨ | ᠬᠠᠷᠢᠭᠤᠴᠠᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠡᠶ᠎ᠡ ᠪᠠᠷ ᠢᠶᠠᠨ ᠱᠠᠯᠠᠪᠳᠠᠭᠤᠯᠤᠨ ᠪᠠᠶᠢᠴᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠢᠮᠠᠭᠲᠠ | ᠴᠢᠩᠭ᠎ᠠ ᠠᠳᠬᠤᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ | ᠨᠠᠮ ᠤᠨ ᠲᠥᠪ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠪᠠᠶᠢᠩᠭᠤ ᠪᠠᠷᠢᠮᠵᠢᠶᠠᠯᠠᠨ ᠬᠠᠷᠭᠤᠭᠤᠯᠵᠤ᠂ ᠳᠠᠭᠠᠵᠤ ᠠᠮᠵᠢᠬᠤ ᠥᠬᠡᠶ᠂ | ᠤᠳᠠᠭᠠᠰᠢᠷᠠᠭᠤᠯᠵᠤ ᠬᠤᠶᠢᠰᠢᠯᠠᠭᠤᠯᠬᠤ᠂ ᠠᠯᠳᠠᠭ᠎ᠠ ᠪᠤᠷᠤᠭᠤ ᠲᠠᠢ ᠪᠠᠶᠢᠬᠤ ᠠᠰᠠᠭᠤᠳᠠᠯ ᠢ ᠦᠵᠡᠵᠦ᠂ ᠴᠠᠭ ᠲᠤᠬᠠᠶ ᠳᠤᠨᠢ ᠰᠠᠨᠠᠭᠠᠴᠢᠯᠠᠭ᠎ᠠ ᠠᠴᠠ ᠪᠠᠨ | ᠲᠣᠬᠢᠷᠠᠭᠤᠯᠤᠯᠲᠠ ᠬᠢᠵᠦ᠂ ᠬᠠᠷᠭᠤᠭᠤᠯᠵᠤ᠂ ᠵᠠᠯᠠᠷᠠᠭᠤᠯᠬᠤ ᠬᠡᠷᠡᠭᠲᠡᠶ᠃ ᠦᠨᠡᠨ ᠬᠦ ᠠᠳᠬᠤᠨ ᠪᠣᠳᠠᠲᠠᠢ ᠠᠳᠬᠤᠵᠤ ᠴᠢᠩᠭ᠎ᠠ ᠠᠳᠬᠤᠬᠤ ᠶᠢ ᠪᠡᠶᠡᠯᠡᠭᠦᠯᠵᠦ᠂ | ᠢᠯᠠᠩᠭᠤᠶ᠎ᠠ ᠲᠡᠳᠡᠭᠡᠷ ᠦᠨᠳᠦᠰᠦᠨ ᠴᠢᠨᠠᠷᠲᠠᠢ᠂ ᠤᠷᠳᠤ ᠬᠤᠭᠤᠴᠠᠭᠠᠨ ᠤ ᠴᠢᠨᠠᠷᠲᠠᠢ ᠠᠰᠠᠭᠤᠳᠠᠯ ᠢ ᠡᠷᠬᠡᠪᠰᠢ ᠡᠷᠴᠢ ᠵᠣᠷᠢᠭ ᠢᠶᠠᠨ ᠬᠥᠪᠴᠢᠯᠡᠨ᠂ ᠰᠤᠯᠠᠷᠠᠭᠤᠯᠤᠯ | ᠦᠭᠡᠢ ᠪᠠᠷ ᠪᠣᠳᠠᠲᠠᠢ ᠠᠳᠬᠤᠨ ᠤᠷᠤᠭᠰᠢ ᠠᠬᠢᠭᠤᠯᠵᠤ᠂ ᠦᠢᠯᠡ ᠠᠵᠢᠯᠯᠠᠭ᠎ᠠ ᠠᠪᠬᠤ ᠮᠥᠷᠲᠡᠭᠡᠨ ᠨᠡᠩ ᠴᠤ ᠦᠷ᠎ᠡ ᠪᠦᠲᠦᠮᠵᠢ ᠭᠠᠷᠭᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠤᠨ ᠲᠠᠰᠤᠷᠠᠯᠳᠠ ᠦᠭᠡᠢ ᠦᠷ᠎ᠡ ᠪᠦᠲᠦᠮᠵᠢ ᠣᠯᠵᠤ᠂ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠨᠠᠶᠢᠳᠠᠪᠤᠷᠢᠵᠢᠭᠤᠯᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠤᠶᠢᠰᠢᠳᠠ ᠶᠢᠨ ᠲᠠᠪᠤᠨ ᠵᠢᠯ ᠤᠨ ᠥᠪᠥᠷ ᠮᠣᠩᠭᠤᠯ ᠤᠨ ᠬᠥᠭᠵᠢᠯᠲᠡ ᠶᠢᠨ ᠵᠢᠷᠤᠭ | ᠲᠥᠰᠦᠪ ᠢ ᠵᠢᠷᠤᠭᠯᠠᠪᠠ᠃ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠭᠡᠯ ᠳᠤ ᠲᠤᠷᠠᠳᠤᠭᠰᠡᠨ ᠲᠤᠬᠢᠷᠠᠭᠤᠯᠤᠯᠳᠠ ᠪᠠᠶᠢᠷᠢᠯᠠᠭᠤᠯᠤᠯᠲᠠ ᠲᠠᠢ | ᠬᠠᠷᠭᠤᠭᠤᠯᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠪᠠᠨ ᠬᠦᠯᠢᠶᠡᠨ ᠠᠪᠴᠤ᠂ ᠨᠠᠷᠢᠨ ᠬᠢᠨᠠᠮᠠᠭᠠᠢ ᠰᠤᠳᠤᠯᠤᠨ ᠲᠥᠯᠥᠪᠵᠢᠭᠦᠯᠵᠦ᠂ ᠠᠷᠭ᠎ᠠ ᠬᠡᠮᠵᠢᠶ᠎ᠡ ᠪᠠᠨ | ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠠᠵᠢᠯ ᠢᠶᠠᠨ ᠴᠢᠩᠭ᠎ᠠ ᠠᠳᠬᠤᠨ ᠰᠠᠶᠢᠲᠤᠷ ᠠᠳᠬᠤᠵᠤ᠂ ︽ᠴᠠᠭ ᠤᠨ ᠬᠦᠰᠦᠨᠦᠭᠲᠦ︾ ᠶᠢ ᠦᠨᠡᠨ ᠬᠦ ︽ᠵᠠᠮ ᠤᠨ | ᠬᠦᠰᠦᠨᠦᠭᠲᠦ︾ ᠪᠣᠯᠭᠠᠨ ᠬᠤᠪᠢᠷᠠᠭᠤᠯᠵᠤ᠂ ︽ᠵᠠᠮ ᠤᠨ ᠵᠢᠷᠤᠭ︾ ᠢ ︽ᠪᠠᠷᠢᠯᠭ᠎ᠠ ᠶᠢᠨ ᠵᠢᠷᠤᠭ︾ ᠪᠣᠯᠭᠠᠨ ᠬᠤᠪᠢᠷᠠᠭᠤᠯᠵᠤ᠂ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠪᠥᠷ ᠮᠣᠩᠭᠤᠯ ᠤᠨ ᠴᠢᠨᠠᠷ ᠰᠠᠶᠢᠲᠠᠶ | ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠣᠨᠢᠨ ᠳᠡᠭᠡᠷ᠎ᠡ ᠨᠢ ᠬᠦᠴᠦᠯᠡᠵᠦ᠂ ᠦᠷᠭᠦᠯᠵᠢᠯᠡᠨ | ᠴᠢᠷᠮᠠᠶᠢᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ ᠪᠥᠲᠥᠭᠡᠨ ᠪᠠᠶᠢᠭᠤᠯᠬᠤ ᠳᠤ ᠲᠤᠯᠭᠠᠷᠠᠵᠤ ᠪᠠᠶᠢᠭ᠎ᠠ ᠲᠣᠪᠣᠶᠢᠮ᠎ᠠ | ᠠᠰᠠᠭᠤᠳᠠᠯ ᠤᠨ ᠲᠤᠭᠤᠷᠢᠨ ᠳᠤ ᠨᠠᠩ ᠣᠯᠠᠨ ᠪᠣᠳᠠᠲᠠᠶ ᠠᠷᠭ᠎ᠠ ᠬᠡᠮᠵᠢᠶ᠎ᠡ ᠬᠠᠲᠠᠭᠤ ᠠᠷᠭ᠎ᠠ ᠬᠡᠮᠵᠢᠶ᠎ᠡ ᠠᠪᠴᠤ᠂ ᠨᠢᠭᠡ ᠨᠢᠭᠡ ᠪᠠᠬᠢᠯᠡᠯᠲᠡ ᠪᠠᠷ ᠰᠢᠪᠲᠤᠯᠤᠯᠲᠠ ᠬᠢᠵᠦ᠂ | ᠭᠤᠤᠯᠳᠠᠯᠭ᠎ᠠ ᠲᠠᠢ ᠠᠵᠢᠯ ᠤᠨ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠤᠯᠬᠤ᠂ ᠪᠣᠳᠠᠲᠤ ᠴᠢᠨᠠᠷᠲᠠᠶ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ | ᠳᠠᠷᠠᠭ᠎ᠠ ᠵᠢᠯ ᠤᠨ ᠡᠯ᠎ᠡ ᠵᠦᠢᠯ ᠤᠨ ᠠᠵᠢᠯ ᠢ ᠱᠠᠯᠠᠪᠳᠠᠨ ᠰᠤᠳᠤᠯᠵᠤ᠂ ᠳᠣᠲᠣᠷ᠎ᠠ ᠪᠠᠨ ᠲᠤᠭ᠎ᠠ ᠲᠠᠢ᠂ ᠠᠷᠭ᠎ᠠ ᠬᠡᠮᠵᠢᠶ᠎ᠡ ᠲᠠᠢ ᠪᠠᠶᠢᠬᠤ ᠶᠢ ᠪᠡᠶᠡᠯᠡᠭᠦᠯᠵᠦ᠂ ᠲᠦᠷᠦᠯ | ᠵᠦᠢᠯᠴᠢᠯᠡᠭᠰᠡᠨ ᠬᠠᠮᠢᠶᠠᠷᠤᠯᠲᠠ᠂ ᠨᠠᠷᠢᠨ ᠲᠠᠩᠰᠠ ᠶᠢᠨ ᠬᠡᠯᠪᠡᠷᠢ ᠪᠠᠷ ᠠᠬᠢᠭᠤᠯᠬᠤ ᠶᠢ ᠴᠢᠩᠭ᠎ᠠ ᠬᠡᠷᠡᠭᠵᠢᠭᠦᠯᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ ᠪᠠᠶᠢᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠡᠨᠡ ᠵᠢᠯ ᠠᠴᠠ ᠨᠠᠭᠠᠰᠢ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠪᠣᠯᠤᠨ ᠪᠡᠷᠬᠡ | ᠬᠠᠲᠠᠭᠤᠵᠢᠯᠲᠠᠢ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠣᠷᠣᠨ ᠳᠠᠶᠠᠭᠠᠷ ᠪᠦᠯᠬᠦᠮᠳᠡᠨ ᠲᠡᠮᠡᠴᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ︽ᠭᠤᠷᠪᠠᠨ ᠰᠢᠨ᠎ᠡ︾ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠡᠯ᠎ᠡ ᠵᠦᠢᠯ ᠤᠨ ᠠᠵᠢᠯ ᠴᠥᠮ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠤ᠂ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃ ᠳᠠᠷᠠᠭ᠎ᠠ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ᠂ | ᠠᠵᠤ ᠠᠬᠤᠢ ᠶᠢᠨ ᠲᠣᠭᠲᠠᠭᠤᠨ ᠠᠵᠢᠯᠯᠠᠭᠠᠨ ᠤ ᠴᠢᠬᠤᠯᠠ ᠶᠡᠭᠡ ᠠᠴᠢ ᠬᠤᠯᠪᠣᠭᠳᠠᠯ ᠢ ᠦᠨᠡᠨ ᠬᠦ ᠪᠠᠲᠤᠯᠠᠬᠤ ᠶᠢ ᠭᠦᠨᠵᠡᠭᠡᠢ ᠲᠠᠨᠢᠵᠤ᠂ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ | ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢᠶᠠᠨ ᠨᠡᠩ ᠯᠠᠪᠳᠠᠭᠤᠨ ᠪᠠᠲᠤᠲᠠᠢ ᠪᠥᠭᠡᠳ ᠬᠦᠴᠦᠲᠡᠢ | ᠰᠠᠶᠢᠲᠤᠷ ᠬᠢᠵᠦ᠂ ᠠᠵᠤ ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠥᠬᠦ | ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠪᠡᠯᠡᠳᠭᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠤᠬᠠᠶ ᠲᠣᠭᠲᠠᠭᠠᠯ︾ ᠢ ᠰᠤᠳᠤᠯᠪᠠ᠃ ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠢ 12 | ᠰᠠᠷ᠎ᠠ ᠶᠢᠨ 27 ᠠᠴᠠ 28 ᠤ ᠦᠳᠡ ᠶᠢᠨ ᠡᠮᠦᠨ᠎ᠡ ᠬᠥᠬᠡᠬᠤᠲᠠ ᠳᠤ ᠬᠤᠷᠠᠯᠳᠤᠭᠤᠯᠬᠤ ᠪᠠᠷ ᠲᠣᠭᠲᠠᠵᠤ᠂ ᠭᠤᠤᠯ ᠡᠭᠦᠷᠭᠡ ᠨᠢ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠥᠬᠦ ᠣᠷᠣᠨ ᠤ ᠠᠵᠤ ᠠᠬᠤᠶ ᠶᠢᠨ ᠠᠵᠢᠯ ᠢ ᠰᠤᠳᠤᠯᠤᠨ ᠪᠠᠶᠢᠷᠢᠯᠠᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠶᠠᠷᠢᠯᠴᠠᠨ ᠬᠢᠨᠠᠨ ᠵᠥᠪᠯᠡᠬᠦ ᠪᠠᠷ ᠲᠤᠭᠲᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |