12 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ ᠠᠷᠪᠠᠨ ᠬᠤᠶᠠᠳᠤᠭᠠᠷ ᠤᠳᠠᠭ᠎ᠠ ᠶᠢᠨ ︵ᠥᠷᠭᠡᠳᠭᠡᠭᠰᠡᠨ︶ ᠬᠤᠷᠠᠯ ᠢ ᠡᠷᠬᠢᠯᠡᠨ | ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠣᠳᠣᠬᠠᠨ ᠳᠤ ᠮᠠᠨ ᠤ ᠣᠷᠣᠨ ᠶᠠᠭ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠬᠦᠲᠦᠯᠦᠨ ᠳᠠᠭᠠᠭᠤᠯᠵᠤ ᠪᠠᠲᠤᠯᠠᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ | ᠪᠣᠯᠤᠨ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠦᠬᠦ ᠬᠦᠴᠦᠨ ᠢᠶᠠᠷ | ᠡᠬᠦᠳᠦᠨ ᠪᠠᠶᠢᠭᠤᠯᠵᠥ᠂ ᠠᠵᠢᠯ ᠬᠢᠵᠦ ᠦᠢᠯᠡᠰ ᠪᠤᠰᠬᠠᠬᠤ ᠤᠷᠮ᠎ᠠ ᠵᠣᠷᠢᠭ ᠢ ᠬᠥᠭᠵᠢᠭᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠢᠳᠡᠪᠬᠢ | ᠬᠦᠴᠦᠨ ᠢ ᠨᠢᠭᠲᠠᠷᠠᠭᠤᠯᠬᠤ ᠶᠢ ᠲᠤᠯᠭᠠᠮ ᠱᠠᠭᠠᠷᠳᠠᠵᠤ ᠪᠠᠶᠢᠨ᠎ᠠ᠃ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠬᠠᠷᠢᠭᠤᠴᠠᠯᠭᠠᠲᠤ ᠰᠡᠳᠭᠢᠯᠭᠡ᠂ ᠡᠭᠦᠷᠭᠡᠲᠦ ᠪᠤᠳᠤᠯ᠂ ᠲᠤᠯᠭᠠᠮ | ᠰᠡᠳᠭᠢᠯᠭᠡ ᠪᠠᠨ ᠦᠨᠡᠨ ᠬᠦ ᠴᠢᠩᠭᠠᠳᠬᠠᠵᠤ᠂ ᠨᠠᠮ ᠪᠣᠯᠤᠨ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ ᠣᠪᠣᠷ ᠢᠶᠠᠨ ᠬᠤᠪᠢᠷᠠᠭᠤᠯᠬᠤ | ᠦᠭᠡᠢ᠂ ᠵᠣᠷᠢᠭ ᠢᠶᠠᠨ ᠰᠤᠯᠠᠷᠠᠭᠤᠯᠬᠤ ᠦᠭᠡᠢ ᠪᠠᠷᠢᠮᠵᠢᠶ᠎ᠠ ᠪᠠᠨ ᠪᠠᠭᠤᠷᠠᠭᠤᠯᠬᠤ ᠥᠭᠡᠢ ᠪᠠᠶᠢᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠠᠵᠢᠯ ᠤᠨ ᠭᠦᠨᠵᠡᠭᠡᠶᠢᠷᠡᠨ ᠬᠥᠭᠵᠢᠬᠦ ᠶᠢ ᠴᠥᠬᠦᠷᠡᠰᠢ ᠦᠭᠡᠢ ᠠᠬᠢᠭᠤᠯᠬᠤ ᠬᠡᠷᠡᠭᠲᠡᠢ ᠬᠡᠵᠥ ᠵᠢᠭᠠᠵᠥ ᠭᠠᠷᠭᠠᠪᠠ᠃ | ᠬᠤᠷᠠᠯ ᠠᠴᠠ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠳᠤ ᠢᠮᠠᠭᠲᠠ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ | ᠴᠢᠩᠭᠠᠳᠬᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ | ᠲᠥᠷᠥ ᠶᠢᠨ ᠬᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠬᠦ ᠶᠢ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠶᠯᠡ ᠠᠵᠢᠯᠯᠠᠭᠠᠨ ᠤ ᠤᠬᠠᠮᠰᠠᠷ ᠪᠣᠯᠭᠠᠨ | ᠬᠤᠪᠢᠷᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠡᠷᠡᠰ ᠪᠠᠲᠤ | ᠢᠳᠡᠬᠡᠨ ᠪᠢᠰᠢᠷᠡᠭᠴᠢ ᠪᠠ ᠦᠨᠡᠨᠴᠢ ᠰᠢᠳᠤᠷᠭᠤ ᠦᠶᠯᠡᠳᠦᠯᠭᠡᠵᠢᠭᠦᠯᠦᠭᠴᠢ ᠪᠣᠯᠬᠤ ᠬᠡᠷᠡᠭᠲᠡᠶ ᠬᠡᠵᠥ ᠴᠢᠬᠤᠯᠠᠴᠢᠯᠠᠪᠠ᠃ | ᠬᠤᠷᠠᠯ ᠠᠴᠠ᠂ ᠠᠷᠢᠭᠤᠨ ᠴᠢᠬᠡᠴᠢ ᠵᠠᠰᠠᠭ ᠤᠨ ᠣᠷᠳᠣᠨ᠂ ᠬᠠᠤᠯᠢᠵᠢᠯ ᠤᠨ ᠵᠠᠰᠠᠭ ᠤᠨ ᠣᠷᠳᠣᠨ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ | ᠪᠠᠶᠢᠭᠤᠯᠬᠤ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ | ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠶᠢ ᠭᠦᠨᠵᠡᠭᠡᠶᠢᠷᠡᠭᠦᠯᠵᠦ᠂ ᠰᠤᠷᠲᠠᠯ ᠢ ᠴᠡᠭᠴᠡᠯᠡᠨ | ᠰᠠᠬᠢᠯᠭ᠎ᠠ ᠪᠠᠲᠤ ᠶᠢ ᠴᠢᠩᠳᠠᠯᠠᠵᠤ ᠢᠯᠵᠡᠷᠡᠯ ᠢ ᠡᠰᠡᠷᠭᠦᠴᠡᠬᠦ ᠶᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠲᠦᠷᠢᠮ ᠢ ᠲᠡᠭᠦᠯᠳᠡᠷᠵᠢᠭᠦᠯᠬᠦ᠂ ᠵᠠᠰᠠᠯᠲᠠ ᠶᠢ ᠠᠬᠢᠭᠤᠯᠬᠤ | ᠯᠤᠭ᠎ᠠ ᠬᠦᠨᠵᠡᠭᠡᠢ ᠨᠡᠪᠳᠡᠷᠡᠯᠴᠡᠬᠦᠯᠵᠤ᠂ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠬᠤᠪᠢ ᠶᠢᠨ ᠠᠰᠢᠭ ᠬᠥᠭᠡᠭᠡᠴᠡᠯᠳᠦᠬᠦ ᠣᠷᠣᠨ ᠵᠠᠢ ᠶᠢ ᠠᠷᠢᠯᠭᠠᠵᠤ᠂ | ᠢᠯᠵᠡᠷᠡᠯ ᠤᠨ ᠬᠥᠷᠥᠰᠥ ᠰᠢᠷᠣᠢ ᠶᠢ ᠠᠷᠢᠯᠭᠠᠬᠤ ᠬᠡᠷᠡᠭᠲᠡᠢ᠃ ᠪᠡᠯᠡ ᠮᠥᠩᠭᠦ ᠶᠢᠨ ᠲᠦᠷᠦᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠠᠵᠤ | ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠢᠨᠵᠧᠨᠧᠷᠢᠩ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠪᠤᠳᠤᠯᠳᠠ ᠶᠢᠨ ᠬᠢᠨᠠᠯᠲᠠ ᠲᠠᠯᠪᠢᠬᠤ ᠶᠢ | ᠴᠢᠩᠭᠠᠳᠬᠠᠵᠤ᠂ ᠬᠤᠪᠣᠷ ᠨᠠᠨᠳᠢᠨ ᠪᠡᠯᠡ ᠮᠥᠩᠭᠦ ᠶᠢ ᠴᠢᠬᠤᠯᠠ ᠭᠠᠵᠠᠷ᠂ ᠵᠠᠩᠭᠢᠯᠠᠭ᠎ᠠ ᠶᠢᠨ ᠴᠡᠭ ᠲᠤ ᠬᠡᠷᠡᠭᠯᠡᠵᠦ᠂ ᠢᠨᠵᠧᠨᠧᠷᠢᠩ ᠨᠢᠭᠡ ᠪᠦᠷᠢ ᠶᠢ ᠨᠡᠷᠡᠨ ᠭᠡᠷᠡᠯᠲᠦ | ᠢᠨᠵᠧᠨᠧᠷᠢᠩ᠂ ᠠᠷᠢᠭᠤᠨ ᠴᠢᠬᠡᠴᠢ ᠢᠨᠵᠧᠨᠧᠷᠢᠩ ᠪᠣᠯᠭᠠᠨ ᠪᠦᠳᠦᠭᠡᠨ ᠪᠠᠶᠢᠭᠤᠯᠬᠤ ᠬᠡᠷᠡᠭᠲᠡᠢ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠬᠦᠴᠦᠨ ᠢᠶᠠᠷ | ᠠᠬᠢᠭᠤᠯᠵᠤ᠂ ᠬᠠᠤᠯᠢ ᠪᠠᠷ ᠵᠠᠰᠠᠬᠤ ᠪᠠᠷ ᠡᠷᠬᠡ ᠳᠤ ᠶᠣᠰᠣ ᠲᠦᠷᠢᠮ ᠲᠣᠭᠲᠠᠭᠠᠵᠤ᠂ ᠵᠠᠭᠠᠭ ᠱᠤᠭᠤᠮ ᠲᠣᠭᠲᠠᠭᠠᠵᠤ᠂ ᠬᠠᠤᠯᠢᠵᠢᠯ ᠤᠨ ᠰᠡᠳᠭᠢᠬᠦᠢ ᠪᠠ ᠬᠠᠤᠯᠢᠵᠢᠯ ᠤᠨ | ᠠᠷᠭ᠎ᠠ ᠮᠠᠶ᠋ᠢᠭ ᠢᠶᠠᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠠᠵᠢᠯ ᠢ | ᠬᠠᠤᠯᠢᠵᠢᠯ ᠤᠨ ᠵᠠᠮ ᠳᠤ ᠪᠦᠬᠦ ᠲᠠᠯ᠎ᠠ ᠪᠠᠷ ᠣᠷᠣᠭᠤᠯᠬᠤ ᠬᠡᠷᠡᠭᠲᠡᠢ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠭᠠᠶᠢᠯᠢ ᠶᠢ ᠬᠥᠩᠭᠡᠯᠡᠵᠦ ᠰᠦᠢᠳᠭᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠵᠠᠰᠠᠭ ᠢ ᠴᠣᠮᠬᠠᠳᠬᠠᠬᠤ ᠠᠷᠭ᠎ᠠ ᠵᠠᠮ ᠢ | ᠬᠦᠴᠦᠯᠡᠨ ᠬᠡᠷᠡᠭᠵᠢᠭᠦᠯᠵᠦ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠷᠬᠡ ᠲᠡᠭᠰᠢ᠂ | ᠥᠨᠳᠥᠷ ᠪᠦᠲᠦᠮᠵᠢᠲᠡᠢ᠂ ᠢᠯᠡ ᠲᠣᠳᠣ᠂ ᠨᠡᠭᠡᠭᠡᠯᠲᠡᠲᠡᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠦᠬᠦ ᠬᠦᠴᠦᠨ ᠢᠶᠠᠷ ᠪᠤᠢ ᠪᠣᠯᠭᠠᠬᠤ ᠬᠡᠷᠡᠭᠲᠡᠢ ᠭᠡᠵᠤ | ᠴᠢᠬᠤᠯᠠᠴᠢᠯᠠᠪᠠ᠃ | ᠬᠤᠷᠠᠯ ᠠᠴᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠨᠡᠩ ᠶᠡᠭᠡ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢᠨ ᠲᠦᠷᠢᠮ ᠭᠡᠬᠦ | ᠡᠨᠡ ᠬᠦ ᠵᠠᠩᠭᠢᠯᠠᠭ᠎ᠠ ᠶᠢ ᠠᠳᠬᠤᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠡᠭᠦᠷᠭᠡ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠳᠠᠶᠢᠴᠢᠯᠠᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢᠨ ᠡᠨᠡ ᠬᠦ ᠵᠠᠩᠭᠢᠯᠠᠭ᠎ᠠ ᠶᠢᠨ ᠴᠡᠭ ᠢ ᠠᠳᠬᠤᠵᠤ᠂ ᠰᠢᠨ᠎ᠡ ᠰᠤᠷᠲᠠᠯ ᠢ ᠪᠤᠢ ᠪᠣᠯᠭᠠᠬᠤ ᠶᠢ ᠴᠥᠬᠦᠷᠡᠰᠢ | ᠦᠭᠡᠢ ᠪᠠᠷᠢᠮᠲᠠᠯᠠᠵᠤ᠂ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠳᠬᠤᠵᠤ᠂ ︽ᠲᠦᠷᠪᠡᠨ ᠰᠤᠷᠲᠠᠯ︾ ᠢ ᠥᠴᠦᠬᠡᠨ ᠴᠦ ᠰᠤᠯᠠᠷᠠᠭᠤᠯᠤᠯ ᠦᠭᠡᠢ | ᠵᠠᠯᠠᠷᠠᠭᠤᠯᠬᠤ ᠬᠡᠷᠡᠭᠲᠡᠢ᠃ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠭᠡᠬᠦ ᠡᠨᠡ ᠬᠦ ᠦᠨᠳᠦᠰᠦᠨ ᠵᠦᠢᠯ ᠢ ᠠᠳᠬᠤᠵᠤ᠂ ᠲᠦᠷᠢᠮ ᠤᠨ ᠳᠤᠲᠠᠭᠳᠠᠯ ᠢ | ᠨᠥᠬᠦᠪᠥᠷᠢᠯᠡᠨ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠵᠤ᠂ ᠢᠯᠵᠠᠷᠡᠯ ᠡᠭᠦᠰᠭᠦ ᠶᠢ ᠡᠬᠢ ᠡᠭᠦᠰᠦᠯ ᠠᠴᠠ ᠨᠢ ᠰᠡᠷᠭᠡᠶᠢᠯᠡᠨ ᠬᠤᠷᠢᠭᠯᠠᠵᠤ᠂ ᠨᠠᠮ ᠪᠠ ᠠᠷᠠᠳ | ᠲᠦᠮᠡᠨ ᠠᠴᠠ ᠣᠯᠭᠤᠭᠰᠠᠨ ᠡᠷᠬᠡ ᠶᠢ ᠢᠮᠠᠭᠲᠠ ᠠᠷᠠᠳ ᠲᠦᠮᠡᠨ ᠳᠤ ᠵᠣᠯ ᠵᠢᠷᠭᠠᠯ ᠣᠯᠭᠤᠬᠤ ᠳᠤ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠤ | ᠴᠢᠬᠤᠯᠠᠴᠢᠯᠠᠪᠠ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠯᠪᠠᠨ ᠬᠡᠷ ᠪᠠᠰᠠ ᠰᠠᠬᠢᠯᠭ᠎ᠠ ᠪᠠᠲᠤ ᠬᠠᠤᠯᠢ | ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠨᠡᠶᠢᠲᠡᠯᠡᠵᠦ ᠵᠠᠳᠠᠯᠤᠨ ᠰᠢᠨᠵᠢᠯᠡᠵᠦ᠂ ᠠᠵᠢᠯ ᠤᠨ ᠰᠠᠨᠠᠭᠤᠯᠭ᠎ᠠ ᠳᠤᠷᠠᠳᠴᠠᠶ᠃ |