ᠱᠢ ᠲᠠᠢ ᠹᠧᠩ ᠠᠴᠠ ᠰᠦᠩ ᠯᠢᠶᠠᠩ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠬᠡᠷᠡᠭ ᠤᠨ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/12/27

      12 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠰᠦᠩ ᠯᠢᠶᠠᠩ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠬᠡᠷᠡᠭ ᠤᠨ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
      ᠬᠤᠷᠠᠯ ᠠᠴᠠ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠶᠢ ᠭᠦᠨᠵᠡᠭᠡᠶᠢᠷᠡᠭᠦᠯᠵᠦ᠂ ᠰᠦᠩ ᠯᠢᠶᠠᠩ ᠵᠡᠷᠭᠡ ᠬᠥᠮᠦᠰ ᠤᠨ ᠬᠤᠣᠷ ᠨᠥᠯᠥᠭᠡ ᠶᠢ ᠲᠤᠶᠢᠯᠪᠤᠷᠢᠲᠠᠢ ᠠᠷᠢᠯᠭᠠᠬᠤ ᠪᠣᠯ ᠨᠢᠭᠡ ᠵᠦᠢᠯ ᠤᠨ ᠪᠡᠷᠬᠡ ᠬᠠᠲᠠᠭᠤᠵᠢᠯᠲᠠᠢ ᠡᠭᠦᠷᠭᠡ ᠮᠥᠨ᠂ ᠡᠯ᠎ᠡ ᠠᠵᠢᠯᠯᠠᠬᠤ ᠳᠤᠭᠤᠶᠢᠯᠠᠩ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠷᠡᠰ ᠪᠠᠲᠤ ᠣᠪᠣᠷ᠂ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠪᠠᠷ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠰᠦᠩ ᠯᠢᠶᠠᠩ ᠤᠨ ᠬᠡᠷᠡᠭ ᠤᠨ ᠯᠡᠪᠡᠷᠡᠬᠦᠯᠦᠭᠰᠡᠨ ᠥᠪᠥᠷ ᠮᠣᠩᠭᠤᠯ ᠤᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠬᠤ᠂ ᠠᠷᠠᠯᠵᠢᠶᠠᠯᠠᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠨᠵᠡᠭᠡᠢ ᠠᠭᠤᠳᠠᠯᠤᠨ ᠨᠠᠷᠢᠯᠢᠭ ᠪᠠᠶᠢᠴᠠᠭᠠᠵᠤ᠂ ᠨᠠᠷᠢᠨ ᠲᠠᠩᠰᠠ ᠭᠠᠷᠭᠠᠵᠤ᠂ ᠠᠷᠭ᠎ᠠ ᠬᠡᠮᠵᠢᠶ᠎ᠡ ᠳᠤᠷᠠᠳᠴᠤ᠂ ᠦᠷᠭᠦᠯᠵᠢᠯᠡᠨ ᠴᠡᠭᠴᠡᠯᠡᠨ ᠵᠠᠰᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠦᠨᠡᠨ ᠬᠦ ᠲᠥᠪ ᠴᠢᠩᠭ᠎ᠠ ᠪᠣᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠨᠠᠮ ᠤᠨ ᠭᠡᠰᠢᠭᠦᠨ ᠤᠳᠤᠷᠢᠳᠬᠤ ᠺᠠᠳ᠋ᠷ ᠠᠴᠠ ᠡᠬᠢᠯᠡᠨ ᠠᠳᠬᠤᠵᠤ᠂ ᠡᠳᠦᠷ ᠲᠤᠳᠤᠮ ᠤᠨ ᠬᠥᠮᠦᠵᠢᠯ ᠬᠠᠮᠢᠶᠠᠷᠤᠯᠲᠠ ᠬᠢᠨᠠᠯᠲᠠ ᠠᠴᠠ ᠡᠬᠢᠯᠡᠨ ᠠᠳᠬᠤᠵᠤ᠂ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ 

 ᠨᠤᠭᠤᠳ︾ ᠤᠨ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠬᠤᠯᠪᠣᠭᠳᠠᠯ ᠪᠦᠬᠦᠢ ᠠᠰᠠᠭᠤᠳᠠᠯ ᠤᠨ ᠰᠦᠪᠡᠭᠴᠢ ᠶᠢ ᠲᠠᠬᠢᠨ ᠬᠢᠨᠠᠵᠤ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠤᠷᠳᠤ ᠬᠤᠭᠤᠴᠠᠭ᠎ᠠ ᠲᠠᠢ ᠪᠠᠷ ᠪᠦᠷᠢᠯᠳᠦᠭᠰᠡᠨ ᠪᠥᠭᠡᠳ ᠲᠦᠭᠡᠮᠡᠯ ᠴᠢᠨᠠᠷᠲᠠᠢ ᠲᠤᠪᠤᠶᠢᠮ᠎ᠠ ᠠᠰᠠᠭᠤᠳᠠᠯ ᠢ ᠬᠦᠴᠦ ᠣᠷᠣᠭᠤᠯᠤᠨ ᠰᠢᠢᠳᠪᠦᠷᠢᠯᠡᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠪᠠᠷ ᠳᠠᠮᠵᠢᠨ ᠤᠬ ᠦᠨᠳᠦᠰᠦ ᠠᠴᠠ ᠨᠢ ᠪᠠᠬᠢᠵᠢᠭᠦᠯᠦᠨ᠂ ᠤᠬ ᠦᠨᠳᠦᠰᠦ ᠠᠴᠠ ᠨᠢ ᠴᠡᠭᠴᠡᠯᠡᠨ ᠵᠠᠰᠠᠵᠤ᠂ ᠮᠠᠭᠤᠵᠢᠷᠠᠬᠰᠠᠨ ᠪᠡᠶ᠎ᠡ ᠴᠤᠭᠴᠠ ᠶᠢ ᠴᠢᠭᠢᠷᠠᠭᠵᠢᠭᠤᠯᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠰᠦᠩ ᠯᠢᠶᠠᠩ ᠵᠡᠷᠭᠡ ᠪᠤᠷᠤᠭᠤ ᠲᠠᠯ᠎ᠠ ᠶᠢᠨ ᠨᠡᠶᠢᠲᠡᠯᠢᠭ ᠵᠢᠱᠢᠶ᠎ᠡ ᠶᠢᠨ ᠡᠨᠡ ᠬᠦ ᠣᠨᠴᠠᠭᠠᠢ ᠤᠯᠤᠰ ᠲᠥᠷᠥ ᠶᠢᠨ ᠡᠬᠢ ᠪᠠᠶᠠᠯᠢᠭ ᠢ ᠰᠠᠶᠢᠲᠤᠷ ᠠᠰᠢᠠᠠᠯᠠᠵᠤ᠂ ᠦᠨᠡᠨᠴᠢ ᠰᠢᠳᠤᠷᠭᠤ ᠪᠠᠶᠢᠬᠤ ᠬᠥᠮᠦᠵᠢᠯ᠂ ᠰᠡᠷᠡᠮᠵᠢᠯᠡᠭᠦᠯᠬᠦ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠪᠠᠶᠢᠭᠠᠳ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠬᠠᠮᠤᠭ ᠤᠨ ᠨᠠᠭᠠᠳᠤ ᠵᠠᠬ᠎ᠠ ᠶᠢᠨ ᠤᠯᠤᠰ ᠲᠥᠷᠥ ᠶᠢᠨ ᠱᠠᠭᠠᠷᠳᠠᠯᠭ᠎ᠠ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠶᠢ ᠴᠢᠩ ᠦᠨᠡᠨᠴᠢ ᠪᠠᠷ ᠬᠦᠯᠢᠶᠡᠵᠦ᠂ ᠥᠵᠡᠯ ᠪᠤᠳᠤᠯ ᠥᠢᠯᠡ ᠠᠵᠢᠯᠯᠠᠭ᠎ᠠ ᠠᠳᠠᠯᠢ᠂ ᠬᠡᠯᠡᠬᠦ ᠬᠢᠬᠦ ᠨᠢᠭᠡᠳᠦᠯᠲᠡᠢ ᠪᠠᠶᠢᠬᠤ ᠶᠢ ᠢᠮᠠᠭᠲᠠ ᠪᠡᠶᠡᠯᠡᠭᠦᠯᠬᠦ ᠬᠡᠷᠡᠭᠲᠡᠢ᠃ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ ᠪᠠᠷᠢᠮᠲᠠᠯᠠᠨ᠂ ᠤᠯᠠᠮ ᠴᠢᠨᠠᠬᠰᠢᠳᠠ ᠤᠯᠤᠰ ᠲᠦᠷᠦ ᠶᠢᠨ ᠪᠣᠭᠤᠮᠲᠠ ᠶᠢ ᠰᠠᠬᠢᠬᠤ ᠶᠠᠪᠤᠳᠠᠯ ᠢ ᠴᠢᠩᠭᠠᠳᠬᠠᠵᠤ᠂ ᠬᠥᠮᠦᠨ ᠬᠡᠷᠡᠭᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠬᠥᠮᠦᠨ ᠰᠣᠩᠭᠤᠵᠤ ᠬᠥᠮᠦᠨ ᠬᠡᠷᠡᠭᠯᠡᠬᠦ ᠬᠡᠪ ᠰᠤᠷᠲᠠᠯ ᠢ ᠦᠨᠡᠨ ᠬᠦ ᠴᠢᠩᠭᠠᠳᠬᠠᠬᠤ ᠬᠡᠷᠡᠭᠲᠡᠢ᠂ ᠶᠠᠭᠠᠬᠢᠭᠰᠠᠨ ᠴᠤ ︽ᠬᠤᠶᠠᠷ ᠨᠢᠭᠤᠷᠳᠠᠨ︾ ᠢ ᠤᠳᠤᠷᠢᠳᠬᠤ ᠺᠠᠳ᠋ᠷ ᠤᠨ ᠡᠩᠨᠡᠭᠡᠨ ᠳᠤ ᠬᠤᠳᠬᠤᠨ ᠣᠷᠣᠭᠤᠯᠵᠤ ᠪᠣᠯᠬᠤ ᠦᠭᠡᠢ ᠬᠡᠵᠥ ᠵᠢᠭᠠᠵᠥ ᠭᠠᠷᠭᠠᠪᠠ᠃
      ᠬᠤᠷᠠᠯ ᠠᠴᠠ᠂ ᠰᠦᠩ ᠯᠢᠶᠠᠩ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠬᠡᠷᠡᠭ ᠪᠣᠯ ᠨᠡᠶᠢᠲᠡᠯᠢᠭ ᠴᠢᠨᠠᠷᠲᠠᠢ ᠮᠥᠩᠭᠦᠨ ᠭᠦᠢᠯᠭᠡᠭᠡᠨ ᠤ ᠢᠯᠵᠠᠷᠠᠯ ᠤᠨ ᠬᠡᠷᠡᠭ ᠪᠣᠯᠤᠨ᠎ᠠ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠶᠢ ᠭᠦᠨᠵᠡᠭᠡᠶᠢᠷᠡᠭᠦᠯᠬᠦ ᠳᠤ ᠡᠷᠬᠡᠪᠰᠢ ᠮᠠᠨ ᠤ ᠣᠷᠣᠨ ᠤ ᠮᠥᠩᠭᠦᠨ ᠭᠦᠢᠯᠭᠡᠭᠡᠨ ᠤ ᠬᠦᠷᠢᠶᠡᠨ ᠤ ᠡᠯ᠎ᠡ ᠲᠦᠷᠦᠯ ᠤᠨ ᠠᠶᠤᠯ ᠲᠦᠭᠰᠢᠭᠦᠷᠢ ᠭᠡᠮ ᠰᠣᠭᠤᠭ ᠪᠣᠯᠤᠨ ᠰᠢᠰᠲ᠋ᠧᠮᠲᠦ ᠴᠢᠨᠠᠷᠲᠠᠢ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠢᠯᠵᠢᠷᠡᠯ ᠢ ᠡᠰᠡᠷᠭᠦᠴᠡᠬᠦ ᠲᠡᠮᠡᠴᠡᠯ ᠢ ᠡᠷᠡᠰ ᠬᠦᠴᠦᠲᠡᠢ᠂ ᠣᠨᠣᠴᠠᠲᠠᠢ ᠭᠦᠨᠵᠡᠭᠡᠢ ᠠᠬᠢᠭᠤᠯᠬᠤ ᠬᠡᠷᠡᠭᠲᠡᠢ᠃ ᠣᠶᠢᠷ᠎ᠠ ᠶᠢᠨ ᠵᠢᠯ ᠤᠨ ᠲᠤᠷᠰᠢ ᠮᠠᠨ ᠤ ᠣᠷᠣᠨ ᠤ ᠮᠥᠩᠭᠦᠨ ᠭᠦᠶᠯᠭᠡᠭᠡᠨ ᠤ ᠰᠢᠰᠲ᠋ᠧᠮ ᠳᠤ ᠭᠠᠷᠤᠭᠰᠠᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠲᠠᠢ ᠤᠶᠠᠯᠳᠤᠭᠤᠯᠤᠨ᠂ ᠬᠡᠷᠡᠭ ᠤᠨ ᠰᠦᠪᠡᠭᠴᠢ ᠶᠢ ᠦᠨᠳᠦᠰᠦᠨ ᠠᠴᠠ ᠨᠢ ᠰᠢᠶᠳᠪᠦᠷᠢᠯᠡᠬᠦ ᠶᠢ ᠭᠦᠨᠵᠡᠭᠡᠶ ᠥᠷᠨᠢᠭᠦᠯᠵᠦ᠂ ᠡᠯ᠎ᠡ ᠲᠥᠷᠥᠯ ᠤᠨ ᠠᠰᠠᠭᠤᠳᠠᠯ ᠤᠨ ᠰᠦᠪᠡᠭᠴᠢ ᠪᠠ ᠬᠡᠷᠡᠭ ᠲᠤ ᠬᠤᠯᠪᠣᠭᠳᠠᠭᠰᠠᠨ ᠬᠥᠮᠦᠰ ᠢ ᠪᠥᠬᠦ ᠲᠠᠯ᠎ᠠ ᠪᠠᠷ ᠪᠠᠶᠢᠴᠠᠭᠠᠨ ᠬᠠᠷᠭᠤᠭᠤᠯᠵᠤ᠂ ᠦᠨᠡᠨ ᠬᠦ ᠪᠠᠶᠢᠴᠠᠭᠠᠨ ᠳᠣᠲᠣᠯᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠰᠢᠶᠳᠪᠦᠷᠢᠯᠡᠬᠦ ᠬᠡᠷᠡᠭᠲᠡᠶ᠃ ᠮᠥᠩᠭᠦᠨ ᠭᠦᠢᠯᠭᠡᠭᠡᠨ ᠤ ᠨᠢᠭᠡᠴᠢ ᠶᠢᠨ ᠤᠳᠤᠷᠢᠳᠬᠤ ᠪᠠᠭ ᠢᠯᠠᠩᠭᠤᠶ᠎ᠠ

︽ᠨᠢᠭᠡᠳᠦᠭᠡᠷ ᠭᠠᠷ︾ ᠤᠨ ᠬᠢᠨᠠᠯᠲᠠ ᠶᠢ ᠲᠤᠪᠤᠶᠢᠯᠭᠠᠨ ᠴᠢᠩᠭᠠᠳᠬᠠᠵᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂

︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠢᠯᠵᠠᠷᠠᠯ ᠤᠨ ᠠᠰᠠᠭᠤᠳᠠᠯ ᠢ ᠴᠢᠩᠭ᠎ᠠ ᠰᠡᠷᠭᠡᠶᠢᠯᠡᠨ ᠴᠢᠩᠭ᠎ᠠ ᠵᠠᠰᠠᠵᠤ ᠴᠢᠩᠭ᠎ᠠ ᠪᠠᠶᠢᠴᠠᠭᠠᠬᠤ ᠬᠡᠷᠡᠭᠲᠡᠢ᠃ ᠢᠯᠵᠢᠷᠡᠯ ᠤᠨ ᠠᠶᠤᠯ ᠲᠦᠭᠰᠢᠭᠦᠷᠢ᠂ ᠡᠵᠡᠩᠨᠡᠯᠲᠡ ᠶᠢᠨ ᠠᠶᠤᠯ ᠲᠦᠭᠰᠢᠭᠦᠷᠢ᠂ ᠮᠡᠳᠡᠭᠡ ᠵᠠᠩᠭᠢ ᠶᠢᠨ ᠮᠡᠷᠭᠡᠵᠢᠯ ᠤᠨ ᠠᠶᠤᠯ ᠲᠦᠭᠰᠢᠭᠦᠷᠢ᠂ ᠬᠤᠯᠪᠣᠯᠳᠤᠭᠰᠠᠨ ᠠᠶᠤᠯ ᠲᠦᠭᠰᠢᠭᠦᠷᠢ᠂ ᠬᠠᠮᠢᠶᠠᠷᠤᠯᠲᠠ ᠶᠢᠨ ᠠᠶᠤᠯ ᠲᠦᠭᠰᠢᠭᠦᠷᠢ᠂ ᠨᠠᠮ ᠢ ᠬᠠᠮᠢᠶᠠᠷᠴᠤ ᠨᠠᠮ ᠢ ᠵᠠᠰᠠᠬᠤ ᠠᠶᠤᠯ ᠳᠦᠭᠰᠢᠬᠦᠷᠢ ᠶᠢ ᠠᠷᠢᠯᠭᠠᠬᠤ ︽ᠵᠢᠷᠭᠤᠭᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠢᠯᠵᠢᠷᠡᠯ ᠢ ᠡᠰᠡᠷᠭᠦᠴᠡᠬᠦ ᠪᠠ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠪᠦᠬᠦ ᠣᠷᠣᠨ ᠤ ᠮᠥᠩᠭᠦᠨ ᠭᠦᠢᠯᠭᠡᠭᠡᠨ ᠤ ᠨᠢᠭᠡᠴᠢ ᠶᠢᠨ

︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠲᠣᠭᠲᠠᠭᠠᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠵᠤ᠂ ᠳᠤᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠵᠣᠷᠢᠭᠲᠠᠢ ᠪᠠᠷ ᠬᠠᠲᠠᠭᠤ ᠲᠠᠢ ᠨᠢ ᠬᠠᠯᠳᠠᠵᠤ᠂ ᠱᠠᠯᠠᠪᠳᠠᠭᠤᠯᠤᠨ ᠱᠠᠭᠠᠷᠳᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠪᠣᠯᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠪᠣᠳᠠᠲᠠᠶᠢᠵᠢᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ ᠬᠡᠵᠥ ᠴᠢᠬᠤᠯᠠᠴᠢᠯᠠᠪᠠ᠃
      ᠬᠤᠷᠠᠯ ᠠᠴᠠ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠠᠵᠢᠯ ᠢ ᠲᠣᠭᠲᠠᠭᠤᠨ ᠢᠶᠠᠷ ᠠᠬᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠤᠳᠤᠷᠢᠳᠬᠤ ᠳᠤᠭᠤᠶᠢᠯᠠᠩ ᠤᠨ ᠡᠯ᠎ᠡ ᠠᠵᠢᠯᠯᠠᠬᠤ ᠳᠤᠭᠤᠶᠢᠯᠠᠩ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠢᠨ ᠤᠯᠤᠰ ᠲᠦᠷᠦ ᠶᠢᠨ ᠲᠠᠯ᠎ᠠ ᠠᠴᠠ ᠦᠵᠡᠬᠦ ᠶᠢ ᠪᠠᠷᠢᠮᠲᠠᠯᠠᠵᠤ᠂ ᠡᠷᠡᠰ ᠰᠢᠭᠤᠷᠬᠠᠢ ᠪᠠᠷ ᠤᠯᠤᠰ ᠲᠦᠷᠦ ᠶᠢᠨ ᠲᠠᠯ᠎ᠠ ᠠᠴᠠ ᠬᠢᠵᠦ᠂ ᠪᠠᠶᠢᠪᠠᠰᠤ ᠵᠣᠬᠢᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠬᠠᠷᠢᠭᠤᠴᠠᠯᠭ᠎ᠠ ᠡᠭᠦᠷᠭᠡᠯᠡᠯ ᠢᠶᠠᠷ᠂ ᠨᠡᠩ ᠴᠢᠩᠭ᠎ᠠ ᠰᠠᠬᠢᠯᠭ᠎ᠠ ᠪᠠᠲᠤ ᠣᠪᠣᠷ ᠰᠤᠷᠲᠠᠯ ᠢᠶᠠᠷ ᠠᠵᠢᠯ ᠢᠶᠠᠨ ᠠᠬᠢᠭᠤᠯᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠠᠵᠢᠯ ᠢ ᠰᠠᠶᠢᠲᠤᠷ ᠬᠢᠬᠦ ᠡᠨᠡ ᠬᠦ ᠴᠢᠬᠤᠯᠠ ᠤᠯᠤᠰ ᠲᠦᠷᠦ ᠶᠢᠨ ᠡᠭᠦᠷᠭᠡ ᠶᠢ ᠴᠢᠩᠭ᠎ᠠ ᠠᠳᠬᠤᠵᠤ ᠰᠠᠶᠢᠲᠤᠷ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠨᠢᠭᠡ ᠠᠴᠠ ᠨᠥᠬᠦᠭᠡ ᠶᠢ ᠵᠦᠶᠴᠢᠯᠡᠨ ᠰᠢᠰᠲ᠋ᠧᠮ ᠲᠠᠢ ᠵᠠᠰᠠᠯᠲᠠ ᠬᠢᠵᠥ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠨᠢᠭᠡ ᠠᠰᠠᠭᠤᠳᠠᠯ ᠢ ᠴᠡᠭᠴᠡᠯᠡᠨ ᠵᠠᠰᠠᠬᠤ ᠪᠠᠷ ᠳᠠᠮᠵᠢᠭᠤᠯᠤᠨ ᠨᠢᠭᠡ ᠲᠥᠷᠥᠯ ᠤᠨ ᠠᠰᠠᠭᠤᠳᠠᠯ ᠢ ᠰᠢᠶᠳᠪᠦᠷᠢᠯᠡᠬᠦ ᠶᠢ ᠠᠬᠢᠭᠤᠯᠵᠤ᠂ ᠨᠢᠭᠡ ᠲᠠᠯ᠎ᠠ ᠶᠢᠨ ᠲᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ︽ᠭᠤᠷᠪᠠ ᠥᠬᠡᠶ ᠪᠠᠶᠢᠬᠤ︾ ᠶᠢ ᠨᠢᠭᠡ ᠴᠤᠭᠴᠠᠵᠢᠭᠤᠯᠤᠨ ᠠᠬᠢᠭᠤᠯᠬᠤ ᠲᠥᠪᠯᠡᠷᠡᠩᠭᠦᠶ ᠦᠷ᠎ᠡ ᠪᠦᠲᠦᠮᠵᠢ ᠶᠢ ᠴᠢᠷᠮᠠᠶᠢᠨ ᠪᠣᠶ ᠪᠣᠯᠭᠠᠬᠤ ᠬᠡᠷᠡᠭᠲᠡᠶ᠃ ᠡᠯ᠎ᠡ ᠠᠵᠢᠯᠯᠠᠬᠤ ᠳᠤᠭᠤᠶᠢᠯᠠᠩ ᠤᠨ ᠳᠠᠷᠤᠭ᠎ᠠ ᠦᠨᠡᠨ ᠬᠦ ᠬᠠᠷᠢᠭᠤᠴᠠᠯᠭ᠎ᠠ ᠡᠭᠦᠷᠭᠡᠯᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠴᠢᠬᠤᠯᠠ ᠠᠵᠢᠯ ᠢ ᠪᠡᠶ᠎ᠡ ᠪᠠᠷ ᠢᠶᠠᠨ ᠰᠤᠳᠤᠯᠤᠨ ᠪᠠᠶᠢᠷᠢᠯᠠᠭᠤᠯᠵᠤ᠂ ᠴᠢᠬᠤᠯᠠ ᠠᠰᠠᠭᠤᠳᠠᠯ ᠢ ᠪᠡᠶ᠎ᠡ ᠪᠠᠷ ᠢᠶᠠᠨ ᠠᠬᠢᠭᠤᠯᠤᠨ ᠰᠢᠢᠳᠪᠦᠷᠢᠯᠡᠵᠥ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ ᠰᠠᠶᠢᠲᠤᠷ ᠠᠳᠬᠤᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠡᠯ᠎ᠡ ᠵᠦᠢᠯ ᠤᠨ ᠡᠭᠦᠷᠭᠡ ᠶᠢ ᠬᠦᠴᠦᠲᠡᠢ ᠪᠦᠲᠦᠮᠵᠢᠲᠡᠢ ᠰᠠᠶᠢᠲᠤᠷ ᠪᠡᠶᠡᠯᠡᠭᠦᠯᠬᠦ ᠬᠡᠷᠡᠭᠲᠡᠢ ᠬᠡᠵᠥ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ