2021 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠨᠢᠬᠡᠳᠤᠯᠳᠡᠢ ᠳᠦᠯᠦᠪᠵᠢᠬᠦᠯᠵᠥ ᠦᠷᠨᠢᠬᠦᠯᠦᠭᠰᠡᠨ ᠪᠠᠶᠢᠳᠠᠯ ᠢ ᠬᠢᠨᠠᠨ ᠰᠢᠯᠭᠠᠵᠤ ᠦᠨᠡᠯᠡᠨ ᠵᠢᠱᠢᠬᠦ ᠮᠤᠵᠢ ᠶᠢᠨ ᠱᠠᠲᠤᠨ ᠤ ᠵᠣᠯᠭᠠᠯᠴᠠᠭᠠᠨ ᠤ ᠬᠤᠷᠠᠯ ᠬᠥᠬᠡᠬᠤᠲᠠ ᠳᠤ ᠬᠤᠷᠠᠯᠳᠤᠪᠠ  ᠶᠠᠩ ᡁᠢ ᠮᠢᠩ ᠶᠠᠷᠢᠶ᠎ᠠ ᠲᠠᠯᠪᠢᠵᠤ ᠱᠢ ᠲᠠᠢ ᠹᠧᠩ ᠬᠤᠷᠠᠯ ᠢ ᠡᠷᠭᠢᠯᠡᠭᠰᠡᠨ ᠪᠥᠭᠡᠳ ᠸᠠᠩ ᠯᠢ ᠰᠢᠶᠠ ᠬᠤᠷᠠᠯ ᠳᠤ ᠣᠷᠣᠯᠴᠠᠵᠠᠶ
ᠨᠡᠶᠢᠲᠡᠯᠡᠭᠰᠡᠨ ᠴᠠᠭ᠄
2021/12/28

1.jpg费轮换.jpg


      12 ᠰᠠᠷ᠎ᠠ ᠶᠢᠨ 27 ᠤ ᠡᠳᠤᠷ᠂ 2021 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠨᠢᠬᠡᠳᠤᠯᠳᠡᠢ ᠳᠦᠯᠦᠪᠵᠢᠬᠦᠯᠵᠥ ᠦᠷᠨᠢᠬᠦᠯᠦᠭᠰᠡᠨ ᠪᠠᠶᠢᠳᠠᠯ ᠢ ᠬᠢᠨᠠᠨ ᠰᠢᠯᠭᠠᠵᠤ ᠦᠨᠡᠯᠡᠨ ᠵᠢᠱᠢᠬᠦ ᠮᠤᠵᠢ ᠶᠢᠨ ᠱᠠᠲᠤᠨ ᠤ ᠵᠣᠯᠭᠠᠯᠴᠠᠭᠠᠨ ᠤ ᠬᠤᠷᠠᠯ ᠬᠥᠬᠡᠬᠤᠲᠠ ᠳᠤ ᠬᠤᠷᠠᠯᠳᠤᠪᠠ᠃ ᠤᠯᠤᠰ ᠤᠨ ᠶᠡᠷᠦᠩᠬᠡᠶᠢᠯᠡᠭᠰᠡᠨ ᠬᠠᠷᠭᠤᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠤᠯ ᠤᠨ ᠳᠡᠳ᠋ ᠱᠦᠵᠢ᠂ ᠳᠡᠳ᠋ ᠰᠠᠶᠢᠳ ᠶᠠᠩ ᡁᠢ ᠮᠢᠩ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠭᠢᠯᠡᠭᠰᠡᠨ ᠪᠥᠭᠡᠳ ᠣᠪᠣᠷ ᠢᠶᠠᠨ ᠢᠯᠡᠳᠭᠡᠬᠦ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠠᠶ᠃
      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠪᠤᠭᠤᠲᠤ ᠬᠤᠳᠠ ᠶᠢᠨ ᠨᠠᠮ ᠤᠨ ᠬᠤᠷᠢᠶᠠᠨ ᠤ ᠱᠦᠵᠢ ᠮᠧᠩ ᠹᠠᠨ ᠯᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠤᠭᠰᠠᠨ ᠠᠵᠢᠯ ᠤᠨ ᠪᠠᠶᠢᠳᠠᠯ ᠢ ᠬᠠᠷᠢᠭᠤ ᠮᠡᠳᠡᠭᠦᠯᠵᠦ᠂ ᠪᠡᠭᠡᠵᠢᠩ ᠬᠤᠳᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠸᠠᠩ ᠸᠧᠨ ᠵᠢᠶᠧ ᠪᠡᠭᠡᠵᠢᠩ ᠬᠤᠳᠠ ᠶᠢᠨ 2021 ᠣᠨ ᠤ ᠪᠡᠭᠡᠵᠢᠩ ᠥᠪᠥᠷ ᠮᠣᠩᠭᠤᠯ ᠬᠠᠮᠵᠢᠯᠴᠠᠨ ᠬᠠᠪᠰᠤᠷᠤᠨ ᠲᠡᠳᠬᠦᠭᠰᠡᠨ ᠠᠵᠢᠯ ᠤᠨ ᠪᠠᠶᠢᠳᠠᠯ ᠢ ᠬᠠᠷᠢᠭᠤ ᠮᠡᠳᠡᠭᠦᠯᠪᠡ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠳ᠋ᠢᠩ ᠰᠢᠤ ᠹᠧᠩ᠂ ᠬᠤᠸᠠᠩ ᡁᠢ ᠴᠢᠶᠠᠩ᠂ ᠯᠢ ᠪᠢᠩ ᠷᠦᠩ ᠣᠷᠣᠯᠴᠠᠵᠠᠢ᠃

2.jpg


      ᠶᠠᠩ ᡁᠢ ᠮᠢᠩ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠬᠢᠨᠠᠨ ᠰᠢᠯᠭᠠᠵᠤ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠵᠥ ᠥᠷᠨᠢᠭᠦᠯᠬᠦ ᠪᠤᠯ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠨᠠᠮ ᠤᠨ ᠲᠥᠪ ᠬᠤᠷᠢᠶ᠎ᠠ ᠠᠴᠠ ᠲᠤᠰᠢᠶᠠᠭᠰᠠᠨ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠰᠠᠶᠢᠲᠤᠷ ᠬᠢᠬᠦ ᠶᠢ ᠠᠬᠢᠭᠤᠯᠬᠤ ᠴᠢᠬᠤᠯᠠ ᠠᠷᠭ᠎ᠠ ᠮᠥᠨ᠂ ᠡᠨᠡ ᠤᠳᠠᠭᠠᠨ ᠤ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠤᠨ ᠴᠢᠬᠤᠯᠠ ᠠᠴᠢ ᠬᠤᠯᠪᠣᠭᠳᠠᠯ ᠢ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠲᠠᠨᠢᠵᠤ᠂ ᠤᠯᠠᠮ ᠨᠢᠭᠡ ᠠᠯᠬᠤᠮ ᠳᠣᠬᠢᠶ᠎ᠠ ᠶᠢ ᠲᠠᠯᠪᠢᠬᠤ᠂ ᠲᠠᠷᠤᠯᠳᠠ ᠶᠢ ᠳᠠᠮᠵᠢᠭᠤᠯᠬᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠪᠣᠳᠠᠲᠠᠶ ᠠᠵᠢᠯᠯᠠᠬᠤ ᠶᠢ ᠵᠣᠷᠢᠭᠵᠢᠭᠤᠯᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠢ ᠱᠠᠭᠠᠷᠳᠠᠨ ᠠᠰᠠᠭᠤᠳᠠᠯ ᠢ ᠡᠷᠢᠭᠦᠯᠵᠦ᠂ ᠠᠶᠤᠯ ᠲᠦᠭᠰᠢᠭᠦᠷᠢ ᠶᠢᠨ ᠭᠡᠮ ᠰᠤᠭᠤᠭ ᠢ ᠠᠷᠢᠯᠭᠠᠵᠤ᠂ ᠳᠤᠲᠠᠭᠤᠳᠠᠯ ᠪᠠᠭᠤᠷᠠᠶ ᠲᠠᠯ᠎ᠠ ᠪᠠᠨ ᠨᠥᠬᠦᠪᠥᠷᠢᠯᠡᠵᠦ᠂ ᠬᠡᠪᠴᠢᠶᠡᠵᠢᠯ ᠤᠨ ᠴᠢᠨᠠᠷᠲᠠᠶ ᠪᠠᠷ ᠳᠠᠬᠢᠨ ᠶᠠᠳᠠᠭᠤᠷᠠᠬᠤ ᠥᠬᠡᠶ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠤᠨ ᠯᠠᠪᠳᠠᠭᠤᠨ ᠪᠠᠲᠤᠲᠠᠢ ᠬᠢᠵᠦ᠂ ᠦᠷ᠎ᠡ ᠪᠦᠲᠦᠮᠵᠢ ᠭᠠᠷᠭᠠᠬᠤ ᠶᠢ ᠠᠳᠬᠤᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠳᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠳᠡᠢ᠃ ᠬᠢᠨᠠᠨ ᠰᠢᠯᠭᠠᠵᠥ ᠦᠨᠡᠯᠡᠨ ᠵᠢᠱᠢᠬᠦ ᠭᠤᠤᠯ ᠠᠭᠤᠯᠭ᠎ᠠ ᠶᠢ ᠣᠨᠣᠪᠴᠢᠲᠠᠶ ᠡᠵᠡᠮᠰᠢᠵᠦ᠂ ︽ᠬᠤᠷᠢᠭ᠎ᠠ ᠱᠤᠭᠤᠮ ᠢ ᠰᠠᠬᠢᠬᠤ᠂ ᠵᠣᠯᠭᠠᠭᠤᠯᠬᠤ ᠶᠢ ᠠᠳᠬᠤᠬᠤ᠂ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠭᠤᠤᠯ ᠰᠢᠵᠢᠮ ᠤᠨ ᠲᠣᠭᠤᠷᠢᠨ ᠳᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠭᠤᠤᠯᠳᠠᠯᠭ᠎ᠠ ᠶᠢ ᠳᠣᠪᠣᠶᠢᠯᠭᠠᠬᠤ᠂ ᠨᠢᠭᠡᠳᠦᠯᠲᠡᠶ ᠲᠥᠯᠥᠪᠵᠢᠭᠦᠯᠦᠨ ᠨᠡᠶᠢᠳᠭᠡᠬᠦ᠂ ᠴᠢᠩᠭ᠎ᠠ ᠪᠥᠭᠡᠳ ᠪᠣᠳᠠᠲᠠᠶ ᠪᠠᠶᠢᠬᠤ ᠶᠢ ᠪᠠᠷᠢᠮᠳᠠᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠷᠦ ᠶᠢᠨ ᠪᠣᠳᠣᠯᠭ᠎ᠠ ᠶᠢ ᠵᠣᠯᠭᠠᠭᠤᠯᠬᠤ᠂ ᠠᠵᠢᠯ ᠢ ᠨᠠᠶᠢᠳᠠᠪᠤᠷᠢᠵᠢᠭᠤᠯᠬᠤ᠂ ᠬᠠᠮᠵᠢᠯᠴᠠᠵᠤ ᠬᠠᠪᠰᠤᠷᠤᠨ ᠲᠡᠳᠬᠦᠬᠦ ᠪᠠ ᠦᠷ᠎ᠡ ᠪᠦᠲᠦᠭᠡᠯ ᠢ ᠪᠠᠬᠢᠵᠢᠭᠦᠯᠬᠦ ᠶᠢ ᠴᠢᠩᠭ᠎ᠠ ᠠᠩᠬᠠᠷᠴᠤ᠂ ᠬᠢᠨᠠᠨ ᠰᠢᠯᠭᠠᠵᠥ ᠦᠨᠡᠯᠡᠨ ᠵᠢᠱᠢᠬᠦ ᠠᠷᠭ᠎ᠠ ᠶᠢᠨ ᠰᠢᠨ᠎ᠡ ᠶᠢ ᠡᠭᠦᠳᠦᠨ ᠰᠠᠶᠢᠲᠤᠷ ᠬᠡᠷᠡᠭᠯᠡᠵᠦ᠂ ᠶᠠᠪᠤᠴᠠ ᠶᠢ ᠪᠠᠷᠢᠮᠵᠢᠶᠠᠵᠢᠭᠤᠯᠬᠤ᠂ ᠡᠩᠨᠡᠭᠡ ᠶᠢ ᠲᠤᠰᠬᠠᠶᠢᠵᠢᠭᠤᠯᠬᠤ᠂ ᠲᠦᠷᠢᠮ ᠢ ᠵᠢᠷᠤᠮᠵᠢᠭᠤᠯᠬᠤ ᠶᠢ ᠠᠬᠢᠭᠤᠯᠤᠨ᠂ ᠶᠠᠪᠤᠴᠠ ᠶᠢ ᠨᠢᠬᠳᠠ ᠴᠢᠩᠭ᠎ᠠ ᠨᠠᠷᠢᠨ ᠨᠢᠮᠪᠠᠶ ᠪᠠᠶᠢᠯᠭᠠᠬᠤ ᠶᠢ ᠦᠨᠡᠨ ᠬᠦ ᠪᠠᠲᠤᠯᠠᠵᠤ᠂ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠦᠷ᠎ᠡ ᠳ᠋ᠦᠩ ᠢᠶᠠᠷ ᠬᠥᠮᠦᠰ ᠢ ᠪᠢᠰᠢᠷᠡᠭᠦᠯᠵᠦ᠂ ᠬᠢᠨᠠᠨ ᠰᠢᠯᠭᠠᠵᠥ ᠦᠨᠡᠯᠡᠨ ᠵᠢᠱᠢᠬᠦ ᠠᠵᠢᠯ ᠢ ᠴᠢᠨᠠᠷ ᠰᠠᠶᠢᠲᠠᠶ ᠪᠠᠷ ᠰᠠᠶᠢᠲᠤᠷ ᠪᠡᠶᠡᠯᠡᠭᠦᠯᠬᠦ ᠬᠡᠷᠡᠭᠲᠡᠶ᠃ ᠶᠡᠷᠦᠩᠬᠡᠶᠢᠯᠡᠨ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠴᠢᠩᠭ᠎ᠠ ᠵᠢᠷᠤᠮᠯᠠᠨ᠂ ᠡᠯ᠎ᠡ ᠵᠦᠶᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠶ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠢ ᠦᠨᠡᠨ ᠠᠴᠠ ᠵᠥᠪ ᠢ ᠡᠷᠢᠵᠦ᠂ ᠪᠤᠰᠤᠳᠴᠢ ᠲᠥᠪ ᠭᠤᠤᠯᠴᠢ ᠪᠠᠷ ᠥᠷᠨᠢᠭᠦᠯᠬᠦ ᠭᠡᠷᠡᠭᠳᠠᠢ᠃ ᠥᠪᠥᠷ ᠮᠣᠩᠭᠤᠯ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠳᠤ ᠵᠥᠪ ᠢᠶᠠᠷ ᠬᠠᠨᠳᠤᠵᠤ᠂ ᠵᠣᠯᠭᠠᠭᠤᠯᠤᠨ ᠬᠠᠮᠵᠢᠯᠴᠠᠭᠤᠯᠬᠤ ᠶᠢ ᠢᠳᠡᠪᠬᠢᠲᠡᠶ ᠰᠠᠶᠢᠲᠤᠷ ᠬᠢᠵᠦ᠂ ᠬᠢᠨᠠᠨ ᠰᠢᠯᠭᠠᠵᠤ ᠦᠨᠡᠯᠡᠨ ᠵᠢᠱᠢᠬᠦ ᠡᠭᠦᠷᠭᠡ ᠶᠢ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠰᠠᠶᠢᠲᠤᠷ ᠪᠡᠶᠡᠯᠡᠭᠦᠯᠬᠦ ᠶᠢ ᠬᠦᠰᠡᠶ᠎ᠠ︔ ᠬᠢᠨᠠᠨ ᠰᠢᠯᠭᠠᠵᠥ ᠦᠨᠡᠯᠡᠨ ᠵᠢᠱᠢᠬᠦ ᠶᠢ ᠠᠵᠢᠯ ᠢᠶᠠᠨ ᠰᠠᠶᠢᠵᠢᠷᠠᠭᠤᠯᠤᠨ ᠴᠢᠩᠭᠠᠳᠬᠠᠬᠤ ᠴᠢᠬᠤᠯᠠ ᠠᠵᠠ ᠲᠣᠬᠢᠶᠠᠯ ᠪᠣᠯᠭᠠᠵᠤ᠂ ᠰᠢᠯᠵᠢᠯᠲᠡ ᠶᠢᠨ ᠬᠤᠭᠤᠴᠠᠭᠠᠨ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠣᠨᠴᠠᠯᠢᠭ ᠢ ᠤᠨᠤᠴᠠᠳᠠᠢ ᠡᠵᠡᠮᠳᠡᠨ᠂ ᠲᠤᠷᠰᠢᠯᠭ᠎ᠠ ᠡᠭᠦᠳᠴᠦ᠂ ᠰᠢᠨ᠎ᠡ ᠵᠠᠮ ᠢ ᠰᠦᠪᠡᠭᠴᠢᠯᠡᠨ᠂ ᠲᠥᠷᠥ ᠶᠢᠨ ᠪᠣᠳᠣᠯᠭ᠎ᠠ ᠶᠢ ︽ᠦᠨᠳᠦᠰᠦᠨ ᠱᠠᠲᠤᠨ ᠳᠤ ᠣᠶᠢᠷᠠᠲᠤᠭᠤᠯᠵᠤ︾᠂ ᠪᠣᠳᠠᠲᠠᠶ ᠳᠤ ᠨᠠᠶᠢᠳᠠᠪᠤᠷᠢᠵᠢᠭᠤᠯᠤᠨ ᠪᠣᠳᠠᠲᠤ ᠦᠷ᠎ᠡ ᠪᠦᠲᠦᠮᠵᠢ ᠣᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠬᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠡᠭᠦᠷᠭᠡ ᠶᠢ ᠪᠡᠶᠡᠯᠡᠭᠦᠯᠬᠦ ᠳᠤ ᠨᠠᠩ ᠶᠡᠭᠡ ᠠᠮᠵᠢᠯᠲᠠ ᠭᠠᠷᠭᠠᠬᠤ ᠶᠢ ᠬᠦᠰᠡᠵᠥ ᠪᠠᠶᠢᠨ᠎ᠠ ᠬᠡᠵᠥ ᠵᠢᠭᠠᠵᠥ ᠭᠠᠷᠭᠠᠪᠠ᠃

3.jpg


      ᠱᠢ ᠲᠠᠢ ᠹᠧᠩ᠂ ᠤᠯᠤᠰ ᠤᠨ ᠶᠡᠷᠦᠩᠬᠡᠶᠢᠯᠡᠭᠰᠡᠨ ᠬᠠᠷᠭᠤᠭᠤᠯᠤᠨ ᠪᠠᠶᠢᠴᠠᠭᠠᠬᠤ ᠳᠤᠭᠤᠶᠢᠯᠠᠩ ᠥᠪᠥᠷ ᠮᠣᠩᠭᠤᠯ ᠳᠤ ᠢᠷᠡᠵᠦ ᠬᠢᠨᠠᠨ ᠰᠢᠯᠭᠠᠵᠥ ᠦᠨᠡᠯᠡᠨ ᠵᠢᠱᠢᠬᠦ ᠠᠵᠢᠯ ᠥᠷᠨᠢᠭᠦᠯᠦᠭᠰᠡᠨ ᠨᠢ ᠰᠢᠯᠵᠢᠯᠲᠡ ᠶᠢᠨ ᠬᠤᠭᠤᠴᠠᠭᠠᠨ ᠤ ᠡᠬᠢᠯᠡᠯᠲᠡ ᠶᠢᠨ ᠵᠢᠯ ᠳᠤ ᠮᠠᠨ ᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠡᠨ ᠦᠷ᠎ᠡ ᠪᠦᠲᠦᠮᠵᠢ ᠶᠢ ᠪᠠᠬᠢᠵᠢᠭᠦᠯᠬᠦ‍ ᠨᠢᠭᠡ ᠤᠳᠠᠭ᠎ᠠ ᠶᠢᠨ ᠲᠥᠪᠯᠡᠷᠡᠩᠭᠦᠶ ᠰᠢᠯᠭᠠᠯᠲᠠ ᠪᠣᠯᠬᠤ ᠪᠦᠭᠡᠳ ᠪᠠᠰᠠ ᠴᠤ ᠮᠠᠨ ᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠭᠡᠨ ᠠᠬᠢᠭᠤᠯᠬᠤ ᠨᠢᠭᠡ ᠤᠳᠠᠭ᠎ᠠ ᠶᠢᠨ ᠪᠥᠬᠦ ᠲᠠᠯ᠎ᠠ ᠶᠢᠨ ᠳᠠᠶᠢᠴᠢᠯᠠᠯᠲᠠ ᠪᠣᠯᠤᠨ᠎ᠠ᠂ ᠨᠠᠩ ᠴᠤ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠨᠢᠭᠡ ᠤᠳᠠᠭ᠎ᠠ ᠶᠢᠨ ᠤᠯᠤᠰ ᠲᠥᠷᠥ ᠶᠢᠨ ᠪᠡᠶ᠎ᠡ ᠶᠢᠨ ᠪᠠᠶᠢᠴᠠᠭᠠᠯᠲᠠ ᠪᠣᠯᠤᠨ᠎ᠠ᠂ ᠡᠨᠡ ᠨᠢ ᠪᠢᠳᠡᠨ ᠤ ᠠᠵᠢᠯ ᠢᠶᠠᠨ ᠤᠯᠠᠮ ᠴᠢᠨᠠᠭᠰᠢᠳᠠ ᠴᠢᠩᠭᠠᠳᠬᠠᠨ ᠰᠠᠶᠢᠵᠢᠷᠠᠭᠤᠯᠬᠤ ᠳᠤ ᠴᠢᠬᠤᠯᠠ ᠠᠵᠠ ᠲᠣᠬᠢᠶᠠᠯ ᠬᠠᠩᠭᠠᠵᠤ᠂ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠠᠢ ᠭᠡᠵᠤ ᠬᠡᠯᠡᠪᠡ᠃
      ᠱᠢ ᠲᠠᠢ ᠹᠧᠩ᠂ ᠪᠢᠳᠡ ᠯᠠᠪᠳᠠᠢ ᠤᠯᠤᠰ ᠲᠥᠷᠥ ᠪᠠ ᠪᠥᠬᠦ ᠲᠠᠯ᠎ᠠ ᠶᠢᠨ ᠦᠨᠳᠦᠷᠴᠡ ᠠᠴᠠ ᠡᠨᠡ ᠤᠳᠠᠭ᠎ᠠ ᠶᠢᠨ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠢ ᠲᠠᠨᠢᠵᠤ ᠲᠡᠭᠦᠨ ᠳᠤ ᠬᠠᠨᠳᠤᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠭᠡᠵᠦ᠂ ᠲᠥᠪ ᠴᠢᠩᠭ᠎ᠠ ᠴᠢᠩ ᠦᠨᠡᠨᠴᠢ ᠪᠠᠷ ᠰᠢᠯᠭᠠᠯᠲᠠ ᠶᠢ ᠬᠦᠯᠢᠶᠡᠵᠦ᠂ ᠡᠷᠡᠰ ᠬᠦᠴᠦᠲᠡᠶ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠬᠢᠨᠠᠨ ᠰᠢᠯᠭᠠᠵᠤ ᠦᠨᠡᠯᠡᠨ ᠵᠢᠱᠢᠬᠦ ᠶᠢ ᠬᠦᠯᠢᠶᠡᠬᠦ ᠶᠠᠪᠤᠴᠠ ᠶᠢ ᠦᠨᠡᠨ ᠬᠦ ᠠᠵᠢᠯ ᠤᠨ ᠰᠠᠭᠤᠷᠢ ᠶᠢ ᠪᠠᠬᠢᠵᠢᠭᠦᠯᠬᠦ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠠᠪᠤᠴᠠ ᠪᠣᠯᠭᠠᠨ ᠬᠤᠪᠢᠷᠠᠭᠤᠯᠤᠨ᠎ᠠ᠃ ᠪᠢᠳᠡ ᠯᠠᠪᠳᠠᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠶᠡᠷᠦᠩᠬᠡᠶᠢᠯᠡᠨ ᠬᠢᠨᠠᠨ ᠪᠠᠶᠢᠴᠠᠭᠠᠬᠤ ᠳᠤᠭᠤᠶᠢᠯᠠᠩ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠡᠯ᠎ᠡ ᠵᠦᠶᠯ ᠤᠨ ᠠᠵᠢᠯ ᠢᠶᠠᠨ ᠯᠠᠪᠳᠠᠭᠤᠨ ᠪᠠᠲᠤᠲᠠᠶ ᠨᠠᠷᠢᠯᠢᠭ ᠰᠠᠶᠢᠲᠤᠷ ᠬᠢᠵᠦ᠂ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠢ ᠥᠷᠨᠢᠭᠦᠯᠬᠦ ᠳᠤ ᠪᠥᠬᠦ ᠬᠦᠴᠦᠨ ᠢᠶᠠᠷ ᠢᠶᠠᠨ ᠰᠠᠶᠢᠨ ᠰᠠᠶᠢᠬᠠᠨ ᠨᠥᠬᠦᠴᠡᠯ ᠡᠭᠦᠳᠴᠦ᠂ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠢ ᠡᠮᠬᠢ ᠵᠢᠷᠤᠮ ᠲᠠᠢ ᠪᠦᠲᠦᠮᠵᠢᠲᠡᠶ ᠥᠷᠨᠢᠭᠦᠯᠬᠦ ᠶᠢ ᠦᠨᠡᠨ ᠬᠦ ᠪᠠᠲᠤᠯᠠᠨ᠎ᠠ᠃ ᠪᠢᠳᠡ ᠯᠠᠪᠳᠠᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠶᠡᠷᠦᠩᠬᠡᠶᠢᠯᠡᠨ ᠬᠢᠨᠠᠨ ᠪᠠᠶᠢᠴᠠᠭᠠᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ᠂ ᠳᠤᠷᠠᠳᠤᠭᠰᠠᠨ ᠰᠠᠨᠠᠯ ᠢ ᠵᠤᠷᠪᠤᠰ ᠳᠠᠷᠠᠭᠠᠯᠠᠨ ᠨᠠᠷᠢᠨ ᠬᠢᠨᠠᠮᠠᠭᠠᠶ ᠵᠠᠳᠠᠯᠤᠨ ᠰᠤᠳᠤᠯᠵᠤ᠂ ᠨᠠᠷᠢᠨ ᠲᠠᠩᠰᠠ ᠭᠠᠷᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠪᠠᠷᠢᠨ ᠬᠡᠷᠡᠭᠵᠢᠭᠦᠯᠦᠨ ᠪᠠᠷᠢᠨ ᠰᠠᠶᠢᠵᠢᠷᠠᠭᠤᠯᠵᠤ᠂ ᠦᠨᠡᠨ ᠬᠦ ᠴᠡᠭᠴᠡᠯᠡᠨ ᠰᠠᠶᠢᠵᠢᠷᠠᠭᠤᠯᠵᠤ ᠪᠣᠳᠠᠲᠠᠶ ᠰᠠᠶᠢᠵᠢᠷᠠᠭᠤᠯᠵᠤ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠡᠶᠡᠯᠡᠭᠦᠯᠵᠦ᠂ ᠡᠬᠢ ᠡᠭᠦᠰᠦᠯ ᠠᠴᠠ ᠨᠢ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠠᠯᠳᠠᠰᠢ ᠭᠠᠷᠬᠤ ᠶᠢ ᠬᠤᠷᠢᠭᠯᠠᠬᠤ ᠶᠢ ᠴᠢᠬᠤᠯᠠᠴᠢᠯᠠᠵᠤ᠂ ᠠᠵᠢᠯ ᠤᠨ ᠳᠤᠮᠳᠠᠬᠢ ᠳᠤᠲᠠᠭᠤᠳᠠᠯ ᠪᠠ ᠪᠠᠭᠤᠷᠠᠶ ᠲᠠᠯ᠎ᠠ ᠪᠠᠨ ᠦᠨᠡᠨ ᠬᠦ ᠨᠥᠬᠦᠪᠥᠷᠢᠯᠡᠵᠦ᠂ ᠰᠠᠶᠢᠲᠤᠷ ᠨᠥᠬᠦᠪᠥᠷᠢᠯᠡᠵᠦ᠂ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠪᠠᠶᠢᠳᠠᠯ ᠡᠭᠦᠰᠭᠦ ᠥᠬᠡᠶ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠪᠠᠷ ᠴᠢᠷᠮᠠᠶᠢᠨ᠎ᠠ᠃ ᠪᠢᠳᠡ ᠲᠣᠰ ᠤᠳᠠᠭᠠᠨ ᠤ ᠬᠢᠨᠠᠨ ᠰᠢᠯᠭᠠᠵᠥ ᠦᠨᠡᠯᠡᠨ ᠵᠢᠱᠢᠬᠦ ᠪᠠᠷ ᠠᠵᠠ ᠲᠣᠬᠢᠶᠠᠯ ᠪᠣᠯᠭᠠᠵᠤ᠂ ᠪᠡᠭᠡᠵᠢᠩ ᠬᠤᠲᠠ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠨᠠᠩ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠬᠦᠷᠢᠶ᠎ᠡ ᠴᠠᠷᠠᠭ᠎ᠠ ᠪᠠ ᠣᠷᠣᠨ ᠵᠠᠶ ᠶᠢ ᠤᠯᠠᠮ ᠨᠢᠭᠡ ᠠᠯᠬᠤᠮ ᠥᠷᠭᠡᠳᠭᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠨᠠᠩ ᠰᠠᠶᠢᠲᠤᠷ ᠠᠬᠢᠭᠤᠯᠤᠨ᠎ᠠ᠃ ᠪᠢᠳᠠ ᠰᠢᠯᠵᠢᠯᠲᠡ ᠶᠢᠨ ᠬᠤᠭᠤᠴᠠᠭᠠᠨ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠣᠨᠴᠠᠯᠢᠭ ᠢ ᠤᠨᠤᠴᠠᠳᠠᠢ ᠡᠵᠡᠮᠳᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠲᠥᠯᠥᠪᠵᠢᠭᠦᠯᠭᠡ ᠬᠢᠵᠦ᠂ ᠬᠠᠷᠠᠯᠲᠠ ᠲᠣᠭᠲᠠᠭᠠᠵᠤ᠂ ᠠᠷᠭ᠎ᠠ ᠬᠡᠮᠵᠢᠶ᠎ᠠ ᠰᠦᠪᠡᠭᠴᠢᠯᠡᠵᠦ᠂ ᠢᠷᠡᠬᠦ ᠵᠢᠯ ᠤᠨ ᠠᠵᠢᠯ ᠢ ᠦᠨᠡᠨ ᠬᠦ ᠰᠠᠶᠢᠲᠤᠷ ᠲᠥᠯᠥᠪᠵᠢᠭᠦᠯᠦᠨ ᠪᠠᠶᠢᠷᠢᠯᠠᠭᠤᠯᠵᠤ᠂ ᠡᠯ᠎ᠡ ᠵᠦᠢᠯ ᠤᠨ ᠠᠵᠢᠯ ᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠬᠦᠴᠦᠲᠡᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠬᠦ ᠶᠢ ᠠᠬᠢᠭᠤᠯᠤᠨ᠎ᠠ ᠬᠡᠵᠤ ᠢᠯᠡᠳᠬᠡᠪᠡ᠃
      ᠬᠢᠨᠠᠨ ᠰᠢᠯᠭᠠᠵᠥ ᠦᠨᠡᠯᠡᠨ ᠵᠢᠱᠢᠬᠦ ᠶᠡᠷᠦᠩᠬᠡᠶᠢᠯᠡᠭᠰᠡᠨ ᠬᠠᠷᠭᠤᠭᠤᠯᠤᠨ ᠪᠠᠶᠢᠴᠠᠭᠠᠬᠤ ᠳᠤᠭᠤᠶᠢᠯᠠᠩ᠂ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠳᠤᠭᠤᠶᠢᠯᠠᠩ ᠤᠨ ᠪᠦᠷᠢᠯᠳᠦᠬᠦᠨ᠂ ᠪᠡᠭᠡᠵᠢᠩ ᠬᠤᠳᠠ ᠶᠢᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠥᠲᠡᠭᠡ ᠲᠤᠰᠬᠤᠨ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ