ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ︽2022 ᠣᠨ ᠤ ᠰᠢᠨ᠎ᠡ ᠵᠢᠯ ᠴᠠᠭᠠᠨ ᠰᠠᠷ᠎ᠠ ᠶᠢᠨ | ᠬᠤᠭᠤᠴᠠᠭᠠᠨ ᠳᠠᠬᠢ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠲᠤᠬᠠᠶ ᠮᠡᠳᠡᠭᠳᠡᠯ︾ | ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠵᠤ | ᠪᠤᠢ᠃ | ︽ᠮᠡᠳᠡᠭᠳᠡᠯ︾ ᠳᠤ᠂ ᠮᠠᠨ ᠤ ᠣᠷᠣᠨ 2022 ᠣᠨ ᠤ 1 ᠳ᠋ᠦ᠋ᠭᠡᠷ ᠰᠠᠷ᠎ᠠ ᠶᠢᠨ 10 ᠤ ᠡᠳᠦᠷ ᠠᠴᠠ ᠡᠮᠦᠨ᠎ᠡ 2022 ᠣᠨ ᠤ 1 — 2 ᠳ᠋ᠤᠭᠠᠷ | ᠰᠠᠷ᠎ᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠶ ᠬᠥᠮᠥᠰ᠂ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾᠂ | ᠥᠨᠥᠴᠢᠨ ᠬᠡᠤᠬᠡᠳ ᠪᠠ ᠪᠣᠳᠠᠲᠠᠶ ᠠᠰᠠᠷᠠᠨ ᠲᠡᠵᠢᠭᠡᠭᠴᠢ ᠥᠬᠡᠶ ᠬᠡᠤᠬᠡᠳ ᠵᠡᠷᠭᠡ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ | ᠪᠠᠯᠠ ᠮᠥᠩᠭᠦ ᠶᠢ ᠪᠣᠳᠠᠲᠠᠶᠢᠵᠢᠭᠤᠯᠤᠨ᠎ᠠ ᠭᠡᠵᠦ ᠲᠣᠳᠣᠷᠬᠠᠢ ᠲᠣᠭᠲᠠᠭᠠᠪᠠ᠃ | ︽ᠮᠡᠳᠡᠭᠳᠡᠯ︾ ᠳᠤ ᠱᠠᠭᠠᠷᠳᠠᠭᠰᠠᠨ ᠨᠢ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠢᠯᠡᠷᠡᠭᠦᠯᠦᠨ | ᠲᠦᠷᠭᠡᠨ ᠲᠠᠭᠠᠨ ᠴᠤᠤᠷᠢᠶᠠᠲᠤᠬᠤ ᠲᠣᠭᠲᠠᠴᠠ ᠶᠢ ᠲᠡᠭᠦᠯᠳᠡᠷᠵᠢᠭᠦᠯᠵᠦ᠂ ᠣᠷᠣᠯᠭ᠎ᠠ ᠪᠠᠭᠠᠲᠠᠶ ᠬᠥᠮᠦᠨ ᠠᠮᠠ ᠶᠢ ᠬᠥᠳᠡᠯᠦᠩᠭᠦᠶ ᠪᠠᠷ ᠬᠢᠨᠠᠨ ᠰᠢᠨᠵᠢᠯᠡᠬᠦ ᠶᠢ | ᠴᠢᠩᠭᠠᠳᠬᠠᠨ᠂ ᠠᠪᠤᠷᠠᠨ ᠲᠤᠰᠠᠯᠠᠬᠤ ᠴᠢᠬᠤᠯᠠᠲᠠᠶ ᠣᠷᠣᠯᠭ᠎ᠠ ᠪᠠᠭᠠᠲᠠᠶ ᠬᠥᠮᠦᠨ ᠠᠮᠠ ᠶᠢ ᠴᠠᠭ ᠲᠤᠬᠠᠶ ᠳᠤ ᠨᠢ ᠠᠪᠤᠷᠠᠨ ᠲᠤᠰᠠᠯᠠᠬᠤ ᠬᠡᠷᠡᠭᠲᠡᠶ᠃ ︽ᠬᠤᠶᠠᠷ ᠪᠠᠶᠠᠷ︾ | ᠤᠨ ᠬᠤᠭᠤᠴᠠᠭᠠᠨ ᠳᠠᠬᠢ ᠪᠠᠷᠠᠭᠠᠨ ᠤ ᠦᠨ᠎ᠡ ᠶᠢᠨ ᠬᠡᠯᠪᠡᠯᠵᠡᠯᠲᠡ ᠶᠢ ᠨᠢᠭᠲᠠ ᠠᠩᠬᠠᠷᠴᠤ᠂ ᠨᠡᠶᠢᠭᠡᠮ ᠤᠨ ᠠᠪᠤᠷᠠᠨ ᠲᠤᠰᠠᠯᠠᠮᠵᠢ ᠪᠠ ᠪᠠᠲᠤᠯᠠᠭ᠎ᠠ ᠶᠢᠨ ᠪᠠᠷᠢᠮᠵᠢᠶ᠎ᠠ ᠶᠢ | ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠣᠯᠳᠤᠭᠤᠯᠬᠤ ᠲᠣᠭᠲᠠᠴᠠ ᠶᠢ ᠴᠠᠭ ᠲᠤᠬᠠᠶ ᠳᠤ ᠨᠢ ᠨᠠᠶᠢᠳᠠᠪᠤᠷᠢᠵᠢᠭᠤᠯᠬᠤ ᠬᠡᠷᠡᠭᠲᠡᠢ᠃ ᠬᠦᠴᠢᠷᠳᠡᠯᠲᠡᠢ | ᠨᠠᠰᠤᠲᠠᠶᠢᠴᠤᠳ᠂ ᠥᠨᠥᠴᠢᠨ ᠬᠡᠦᠬᠡᠳ᠂ ᠠᠷᠤ ᠭᠡᠷ ᠲᠤ ᠪᠠᠨ ᠦᠯᠡᠳᠡᠵᠦ ᠬᠤᠴᠣᠷᠤᠭᠰᠠᠨ ᠡᠮᠡᠭᠲᠡᠶᠢᠴᠦᠳ ᠪᠠ ᠬᠡᠦᠬᠡᠳ᠂ ᠠᠮᠢᠳᠤᠷᠠᠯ ᠨᠢ ᠨᠠᠶᠢᠳᠠᠪᠤᠷᠢ ᠦᠭᠡᠢ | ᠲᠡᠨᠦᠭᠦᠯ ᠭᠤᠶᠢᠷᠠᠨᠴᠢᠳ᠂ ᠵᠡᠮᠳᠡᠭᠴᠦᠳ ᠵᠡᠷᠭᠡ ᠣᠨᠴᠠᠭᠠᠶ ᠬᠦᠴᠢᠷᠳᠡᠯᠲᠡᠢ ᠬᠥᠮᠥᠰ ᠢ ᠲᠣᠬᠤᠨᠢᠭᠤᠯᠬᠤ ᠠᠵᠢᠯ ᠢ ᠥᠷᠨᠢᠭᠦᠯᠬᠦ ᠬᠡᠷᠡᠭᠲᠡᠢ ᠭᠡᠵᠡᠢ᠃ | ᠣᠶᠢᠯᠠᠭᠠᠭᠰᠠᠨ ᠢᠶᠠᠷ᠂ ᠣᠳᠣᠬᠠᠨ ᠳᠤ ᠮᠠᠨ ᠤ ᠣᠷᠣᠨ ᠨᠢᠭᠡᠨᠲᠡ 2022 ᠣᠨ ᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠦᠴᠢᠷᠳᠡᠯᠲᠡᠶ ᠣᠯᠠᠨ | ᠲᠦᠮᠡᠨ ᠤ ᠨᠥᠬᠦᠪᠥᠷᠢ ᠶᠢᠨ ᠪᠠᠯᠠ ᠮᠥᠩᠭᠦ ᠶᠢᠨ 90% ᠶᠢ ᠡᠯ᠎ᠡ ᠭᠠᠵᠠᠷ ᠲᠤ ᠤᠷᠢᠳᠴᠢᠯᠠᠨ ᠪᠠᠭᠤᠯᠭᠠᠵᠤ᠂ ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠪᠠᠯᠠ ᠮᠥᠩᠭᠦ ᠶᠢ ᠴᠠᠭ ᠲᠤᠬᠠᠶ ᠳᠤ ᠨᠢ᠂ ᠲᠤᠭ᠎ᠠ ᠶᠣᠰᠣᠭᠠᠷ ᠭᠦᠢᠴᠡᠳ | ᠣᠯᠭᠤᠬᠤ ᠶᠢ ᠦᠨᠡᠨ ᠬᠦ ᠪᠠᠲᠤᠯᠠᠵᠤ ᠪᠤᠢ᠃ 2022 ᠣᠨ ᠠᠴᠠ ᠡᠬᠢᠯᠡᠨ᠂ ᠮᠠᠨ ᠤ ᠣᠷᠣᠨ ᠤ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ | ᠨᠥᠬᠦᠪᠥᠷᠢ ᠶᠢᠨ ᠪᠠᠯᠠ ᠮᠥᠩᠭᠦ ᠶᠢ ᠴᠦ ᠰᠠᠷ᠎ᠠ ᠪᠠᠷ ᠣᠯᠭᠤᠬᠤ ᠶᠢ ᠪᠡᠶᠡᠯᠡᠭᠦᠯᠵᠦ᠂ ᠰᠠᠷ᠎ᠠ ᠪᠦᠷᠢ ᠶᠢᠨ 10 ᠤ ᠡᠳᠦᠷ ᠠᠴᠠ ᠡᠮᠦᠨ᠎ᠡ ᠣᠯᠭᠤᠬᠤ ᠶᠢ ᠪᠡᠶᠡᠯᠡᠭᠦᠯᠦᠨ᠎ᠡ᠃ |