ᠠᠮᠢᠳᠤᠯᠢᠭ ᠢᠶᠠᠷ ᠬᠥᠮᠦᠨ ᠬᠡᠷᠡᠭᠯᠡᠬᠦ ᠲᠣᠭᠲᠠᠴᠠ ᠶᠢ ᠪᠠᠶᠢᠭᠤᠯᠵᠤ᠂ ᠡᠯᠰᠡᠬᠦ ᠠᠷᠭ᠎ᠠ ᠳᠤ ᠰᠢᠨ᠎ᠡ ᠶᠢ ᠡᠭᠦᠳᠴᠦ᠂ ᠪᠠᠭᠰᠢ ᠶᠢᠨ ᠠᠶᠠᠨᠳᠠᠭᠠᠨ ᠬᠠᠰᠤᠭᠳᠠᠬᠤ ᠪᠠ | ᠡᠯᠰᠡᠨ ᠨᠦᠬᠦᠪᠦᠷᠢᠯᠡᠬᠦ ᠶᠢ ᠵᠠᠪᠰᠠᠷ ᠥᠬᠡᠶ ᠵᠣᠯᠭᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ ᠁ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠬᠡᠷ᠂ | ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠠᠢ ᠬᠠᠮᠲᠤᠷᠠᠨ ᠵᠢᠯᠣᠭᠤᠳᠬᠤ ᠰᠠᠨᠠᠯ | ᠨᠡᠶᠢᠲᠡᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠢᠯᠡ ᠪᠠᠷ ᠡᠯᠰᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠬᠦ ᠲᠤᠬᠠᠶ ᠣᠯᠠᠨ ᠵᠦᠢᠯ ᠤᠨ ᠵᠢᠷᠤᠮᠵᠢᠯ ᠤᠨ ᠴᠢᠨᠠᠷᠲᠠᠢ᠂ ᠰᠢᠨ᠎ᠡ ᠶᠢ ᠡᠭᠦᠳᠬᠦ ᠴᠢᠨᠠᠷᠲᠠᠢ᠂ ᠴᠢᠭᠯᠡᠯᠲᠦ ᠴᠢᠨᠠᠷᠲᠠᠢ ᠰᠠᠨᠠᠯ ᠳᠤᠷᠠᠳᠪᠠ᠃ | ᠵᠢᠯᠣᠭᠤᠳᠬᠤ ᠰᠠᠨᠠᠯ ᠳᠤ ᠡᠩ ᠲᠡᠷᠢᠭᠦᠨ ᠳᠤ ᠡᠯᠰᠡᠬᠦ ᠨᠥᠬᠦᠴᠡᠯ ᠢ ᠴᠢᠩᠳᠠᠯᠠᠵᠤ᠂ ᠪᠠᠭᠰᠢ ᠡᠯᠰᠡᠬᠦ ᠪᠣᠭᠤᠮᠲᠠ ᠶᠢ ᠴᠢᠩᠭ᠎ᠠ ᠡᠵᠡᠮᠳᠡᠬᠦ ᠬᠡᠷᠡᠭᠲᠡᠢ ᠭᠡᠵᠦ | ᠳᠤᠷᠠᠳᠤᠨ ᠭᠠᠷᠭᠠᠵᠤ᠂ ᠡᠯᠰᠡᠬᠦ ᠡᠲᠡᠭᠡᠳ ᠤᠨ ᠦᠵᠡᠯ ᠰᠠᠨᠠᠭ᠎ᠠ ᠤᠯᠤᠰ ᠲᠥᠷᠥ᠂ ᠠᠵᠢᠯ ᠤᠨ ᠮᠣᠷᠠᠯ ᠰᠤᠷᠲᠠᠯ᠂ ᠰᠤᠷᠤᠯᠭ᠎ᠠ ᠶᠢᠨ ᠨᠠᠮᠲᠠᠷ᠂ ᠨᠡᠶᠢᠲᠡᠯᠢᠭ ᠬᠡᠯᠡᠨ ᠤ | ᠬᠢᠷᠢ ᠲᠦᠪᠰᠢᠨ᠂ ᠪᠠᠭᠰᠢ ᠶᠢᠨ ᠬᠢᠷᠢ ᠬᠡᠮ ᠵᠡᠷᠭᠡ ᠲᠠᠯ᠎ᠠ ᠳᠤ ᠲᠣᠳᠣᠷᠬᠠᠶ ᠱᠠᠭᠠᠷᠳᠠᠯᠭ᠎ᠠ ᠭᠠᠷᠭᠠᠵᠠᠶ᠃ ᠵᠢᠯᠣᠭᠤᠳᠬᠤ ᠰᠠᠨᠠᠯ ᠳᠤ᠂ ᠳᠤᠮᠳᠠᠳᠤ ᠪᠠᠭ᠎ᠠ ᠰᠤᠷᠭᠠᠭᠤᠯᠢ ᠶᠢᠨ | ᠪᠠᠭᠰᠢ ᠡᠯᠰᠡᠬᠦ ᠡᠵᠡᠨ ᠮᠡᠳᠡᠬᠦ ᠡᠷᠬᠡ ᠶᠢ ᠥᠷᠭᠡᠳᠬᠡᠵᠦ᠂ ᠤᠯᠤᠰ ᠠᠴᠠ ᠲᠣᠭᠲᠠᠭᠠᠭᠰᠠᠨ ᠲᠤᠰᠬᠠᠶ ᠵᠦᠢᠯ ᠤᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠠᠴᠠ | ᠨᠢᠭᠡᠳᠦᠯᠲᠡᠶ ᠲᠦᠯᠦᠪᠯᠡᠨ ᠬᠡᠷᠡᠭᠵᠢᠭᠦᠯᠬᠦ ᠠᠴᠠ ᠭᠠᠳᠠᠨ᠎ᠠ᠂ ᠪᠤᠰᠤᠳ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠡᠯᠰᠡᠬᠦ ᠠᠵᠢᠯ ᠢ ᠠᠶᠢᠮᠠᠭ ᠬᠤᠲᠠ᠂ ᠬᠤᠰᠢᠭᠤ | ᠰᠢᠶᠠᠨ ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠤᠶᠤ ᠨᠥᠬᠦᠴᠡᠯ ᠪᠥᠷᠢᠳᠦᠭᠰᠡᠨ ᠳᠤᠮᠳᠠᠳᠤ ᠪᠠᠭ᠎ᠠ | ᠰᠤᠷᠭᠠᠭᠤᠯᠢ ᠠᠴᠠ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ ᠪᠡᠶ᠎ᠡ ᠪᠠᠨ ᠳᠠᠭᠠᠭᠠᠵᠤ ᠬᠡᠷᠡᠭᠵᠢᠭᠦᠯᠦᠨ᠎ᠡ ᠭᠡᠵᠦ ᠲᠣᠳᠣᠷᠬᠠᠶ ᠲᠣᠭᠲᠠᠭᠠᠵᠠᠶ᠃ ᠡᠭᠦᠨ ᠠᠴᠠ ᠭᠠᠳᠠᠨ᠎ᠠ᠂ | ᠵᠢᠯᠣᠭᠤᠳᠬᠤ ᠰᠠᠨᠠᠯ ᠳᠤ ᠢᠯᠡ ᠪᠠᠷ ᠡᠯᠰᠡᠬᠦ᠂ ᠰᠢᠯᠭᠠᠨ ᠪᠠᠶᠢᠴᠠᠭᠠᠬᠤ᠂ ᠰᠢᠭᠤᠳ ᠨᠢᠭᠤᠷᠲᠠᠨ ᠰᠢᠯᠭᠠᠬᠤ᠂ ᠲᠥᠷᠥᠯ ᠵᠦᠢᠯ ᠤᠨ ᠰᠣᠷᠣᠭᠴᠢ ᠶᠢ ᠡᠯᠰᠡᠬᠦ ᠵᠡᠷᠭᠡ | ᠣᠯᠠᠨ ᠵᠦᠢᠯ ᠤᠨ ᠠᠵᠢᠯᠲᠠᠨ ᠡᠯᠰᠡᠬᠦ ᠠᠷᠭ᠎ᠠ ᠬᠡᠯᠪᠡᠷᠢ ᠶᠢ ᠳᠤᠷᠠᠳᠤᠨ ᠭᠠᠷᠭᠠᠵᠤ᠂ ᠪᠠᠭᠰᠢ ᠨᠥᠬᠦᠪᠥᠷᠢᠯᠡᠬᠦ ᠠᠷᠭ᠎ᠠ ᠵᠠᠮ ᠢ ᠦᠷᠭᠡᠳᠬᠡᠨ᠎ᠡ᠃ ᠵᠢᠱᠢᠶᠡᠯᠡᠪᠡᠯ ᠥᠪᠡᠷᠲᠡᠭᠡᠨ | ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠢᠨᠠᠷᠲᠠᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠣᠨᠴᠠᠯᠢᠠᠠᠳᠣ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠪᠣᠯᠤᠨ ᠰᠢᠶᠠᠨ ᠤ ᠲᠦᠪ ᠤᠨ ᠰᠢᠯᠢᠳᠡᠭ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠵᠢᠴᠢ ᠨᠥᠬᠦᠴᠡᠯ ᠪᠥᠷᠢᠳᠦᠭᠰᠡᠨ ᠪᠤᠰᠤᠳ ᠳᠤᠮᠳᠠᠳᠤ ᠪᠠᠭ᠎ᠠ | ᠰᠤᠷᠭᠠᠭᠤᠯᠢ ︵ᠬᠡᠤᠬᠡᠳ ᠤᠨ ᠴᠡᠴᠡᠷᠯᠢᠭ︶ ᠨᠢ ᠢᠯᠡ ᠪᠠᠷ ᠳᠡᠭᠡᠳᠦ ᠲᠠᠰ ᠤᠨ᠂ ᠳᠡᠭᠡᠳᠦ ᠮᠡᠷᠭᠡᠵᠢᠯ ᠴᠢᠳᠠᠪᠤᠷᠢ ᠲᠠᠢ ᠴᠢᠳᠠᠪᠤᠷᠢᠲᠠᠨ ᠪᠤᠶᠤ ᠪᠠᠴᠢᠮ ᠬᠡᠷᠡᠭᠴᠡᠭᠡ ᠲᠠᠢ | ᠪᠠᠴᠢᠮ ᠳᠤᠲᠠᠭᠳᠠᠵᠤ ᠪᠠᠶᠢᠭ᠎ᠠ ᠪᠠᠭᠰᠢ ᠡᠯᠰᠡᠬᠦ ᠳᠤ ᠪᠠᠨ᠂ ᠰᠤᠷᠭᠠᠭᠤᠯᠢ ᠨᠢ ᠰᠢᠭᠤᠳ ᠨᠢᠭᠤᠷᠲᠠᠨ ᠰᠢᠯᠭᠠᠬᠤ ᠪᠤᠶᠤ ᠰᠢᠯᠭᠠᠨ ᠪᠠᠶᠢᠴᠠᠭᠠᠬᠤ ᠠᠷᠭ᠎ᠠ ᠮᠠᠶ᠋ᠢᠭ ᠢᠶᠠᠷ | ᠢᠯᠡ ᠪᠠᠷ ᠡᠯᠰᠡᠵᠦ ᠪᠣᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠨᠢ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠳᠡᠭᠡᠳᠦ | ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠠᠴᠠ ᠲᠡᠭᠦᠰᠦᠭᠰᠡᠳ ᠪᠤᠶᠤ ᠪᠤᠰᠤᠳ ᠶᠡᠭᠡ ᠳᠡᠭᠡᠳᠦ ᠰᠤᠷᠭᠠᠭᠤᠯᠢ ᠶᠢᠨ ᠮᠠᠰᠲ᠋ᠧᠷ᠂ | ᠳ᠋ᠣᠺᠲ᠋ᠣᠷᠠᠨᠲ ᠢ ᠡᠯᠰᠡᠬᠦ ᠳᠤ ᠪᠠᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠶᠢᠮᠠᠭ ᠬᠤᠲᠠ᠂ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠪᠤᠶᠤ ᠨᠥᠬᠦᠴᠡᠯ ᠪᠥᠷᠢᠳᠦᠭᠰᠡᠨ ᠳᠤᠮᠳᠠᠳᠤ ᠪᠠᠭ᠎ᠠ ᠰᠤᠷᠭᠠᠭᠤᠯᠢ ᠠᠴᠠ ᠰᠢᠭᠤᠳ ᠨᠢᠭᠤᠷᠲᠠᠨ ᠰᠢᠯᠭᠠᠬᠤ ᠪᠤᠶᠤ ᠰᠢᠯᠭᠠᠨ ᠪᠠᠶᠢᠴᠠᠭᠠᠬᠤ | ᠠᠷᠭ᠎ᠠ ᠮᠠᠶ᠋ᠢᠭ ᠢᠶᠠᠷ ᠢᠯᠡ ᠪᠠᠷ ᠡᠯᠰᠡᠵᠦ ᠪᠣᠯᠤᠨ᠎ᠠ ᠭᠡᠵᠦ ᠳᠤᠷᠠᠳᠴᠠᠢ᠃ | ᠵᠢᠯᠣᠭᠤᠳᠬᠤ ᠰᠠᠨᠠᠯ ᠳᠤ ᠪᠠᠰᠠ ᠳᠤᠷᠠᠳᠤᠭᠰᠠᠨ ᠨᠢ᠂ ᠬᠢᠯᠢ ᠬᠢᠵᠠᠭᠠᠷ ᠤᠨ ᠬᠤᠰᠢᠭᠤ ᠰᠢᠶᠠᠨ᠂ ᠮᠠᠯᠵᠢᠬᠤ ᠬᠤᠰᠢᠭᠤ ᠰᠢᠶᠠᠨ ᠪᠠ ᠤᠯᠤᠰ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠪᠤᠶᠤ ᠪᠠᠴᠢᠮ | ᠳᠤᠲᠠᠭᠳᠠᠵᠤ ᠪᠠᠶᠢᠭ᠎ᠠ ᠬᠢᠴᠢᠶᠡᠯ ᠲᠦᠷᠦᠯ ᠤᠨ ᠪᠠᠭᠰᠢ ᠡᠯᠰᠡᠬᠦ ᠳᠤ᠂ ᠡᠯᠰᠡᠬᠦ ᠨᠥᠬᠦᠴᠡᠯ ᠢ ᠵᠣᠬᠢᠬᠤ ᠬᠡᠮᠵᠢᠶ᠎ᠡ ᠪᠠᠷ ᠳᠣᠷᠤᠭᠰᠢᠯᠠᠭᠤᠯᠵᠤ᠂ ᠰᠢᠯᠭᠠᠯᠲᠠ ᠬᠢᠬᠦ ᠬᠠᠷᠢᠴᠠᠯ ᠢ | ᠪᠠᠭᠤᠷᠠᠭᠤᠯᠬᠤ ᠪᠤᠶᠤ ᠰᠢᠯᠭᠠᠯᠲᠠ ᠬᠢᠬᠦ ᠬᠠᠷᠢᠴᠠᠯ ᠭᠠᠷᠭᠠᠬᠤ ᠥᠬᠡᠶ ᠪᠠᠷ ᠬᠢᠷᠢ ᠪᠦᠲᠦᠮᠵᠢ ᠶᠢᠨ ᠬᠢᠷᠢ ᠲᠡᠩᠴᠡᠭᠦ ᠱᠤᠭᠤᠮ ᠢ ᠵᠠᠭᠠᠭᠯᠠᠨ ᠲᠣᠭᠲᠠᠭᠠᠵᠤ ᠪᠣᠯᠤᠨ᠎ᠠ᠃ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠡᠩᠴᠡᠭᠦᠷᠢᠲᠡᠶ ᠳᠣᠭᠢᠷᠠᠭᠤᠯᠬᠤ | ᠪᠠ ᠪᠠᠴᠢᠮ ᠳᠤᠲᠠᠭᠳᠠᠵᠤ ᠪᠠᠶᠢᠭ᠎ᠠ ᠬᠢᠴᠢᠶᠡᠯ ᠲᠦᠷᠦᠯ᠂ ᠬᠥᠳᠡᠭᠡ ᠲᠣᠰᠬᠤᠨ ᠤ ᠰᠤᠷᠭᠠᠭᠤᠯᠢ ᠶᠢ ᠤᠷᠢᠳ ᠢᠶᠠᠷ ᠪᠣᠳᠣᠯᠬᠢᠯᠠᠬᠤ ᠵᠠᠷᠴᠢᠮ ᠶᠣᠰᠣᠭᠠᠷ᠂ ᠣᠨ ᠤ ᠪᠠᠭᠰᠢ | ᠡᠯᠰᠡᠬᠦ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠣᠭᠲᠠᠭᠠᠬᠤ ᠪᠠᠷ ᠪᠠᠷᠠᠬᠤ ᠦᠭᠡᠢ᠂ ᠪᠠᠭᠰᠢ ᠶᠢᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ | ᠲᠣᠪᠤᠶᠢᠮ᠎ᠠ ᠪᠠᠶᠢᠭ᠎ᠠ ᠭᠠᠵᠠᠷ ᠣᠷᠣᠨ ᠪᠠ ᠰᠤᠷᠭᠠᠭᠤᠯᠢ ᠠᠴᠠ ᠣᠨ ᠤ ᠳᠣᠲᠣᠷᠠᠬᠢ ᠠᠶᠠᠨᠳᠠᠭᠠᠨ ᠬᠠᠰᠤᠭᠳᠠᠭᠰᠠᠨ ᠪᠠᠭᠰᠢ ᠶᠢᠨ ᠰᠤᠯᠠ ᠣᠷᠣᠨ ᠲᠤᠭ᠎ᠠ ᠶᠢ ᠨᠢᠭᠡᠳᠦᠯᠲᠡᠶ | ᠲᠦᠯᠦᠪᠵᠢᠭᠦᠯᠦᠨ ᠬᠡᠷᠡᠭᠯᠡᠬᠦ ᠲᠤᠬᠠᠢ ᠲᠣᠳᠣᠷᠬᠠᠶ ᠰᠠᠨᠠᠯ ᠳᠤᠷᠠᠳᠬᠤ ᠬᠡᠷᠡᠭᠲᠡᠢ ᠭᠡᠵᠡᠢ᠃ | |