ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/12/28

      12 ᠳ᠋ᠤᠭᠠᠷ ᠰᠠᠷ᠎ᠠ ᠶᠢᠨ 27 ᠤ ᠡᠳᠦᠷ ᠤᠨ 0 ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠲᠣᠳᠣᠯᠠᠭᠰᠠᠨ 49 ᠡᠪᠡᠳᠴᠢᠨ ᠤ ᠵᠢᠱᠢᠶ᠎ᠡ ︵ᠴᠥᠮ ᠬᠥᠯᠥᠨ ᠪᠣᠶᠢᠷ ᠤᠨ ᠮᠠᠨᠵᠤᠤᠷ ᠬᠤᠲᠠ ᠳᠤ ᠪᠤᠢ︶ ᠡᠷᠡᠭᠦᠯᠵᠢᠵᠦ ᠡᠮᠨᠡᠯᠭᠡ ᠠᠴᠠ ᠭᠠᠷᠪᠠ᠃

      12 ᠳ᠋ᠤᠭᠠᠷ ᠰᠠᠷ᠎ᠠ ᠶᠢᠨ 27 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 8᠂ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 111 ︵ᠬᠥᠯᠥᠨ ᠪᠣᠶᠢᠷ ᠤᠨ ᠮᠠᠨᠵᠤᠤᠷ ᠬᠤᠲᠠ ᠳᠤ 108᠂ ᠰᠢᠨ᠎ᠡ ᠪᠠᠷᠭᠤ ᠪᠠᠷᠠᠭᠤᠨ ᠬᠤᠰᠢᠭᠤᠨ ᠳᠤ 3︶ ᠪᠠᠶᠢᠨ᠎ᠠ᠃ ᠴᠥᠮ ᠲᠣᠭᠲᠠᠭᠰᠠᠨ ᠡᠮᠨᠡᠯᠭᠡ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠲᠠᠯᠠᠪᠤᠷ ᠲᠤ ᠲᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ