ᠦᠪᠦᠷ ᠮᠣᠩᠭᠤᠯ ᠣᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/12/29

      12 ᠳ᠋ᠤᠭᠠᠷ ᠰᠠᠷ᠎ᠠ ᠶᠢᠨ 28᠎ ᠤ ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠃ ᠲᠤᠬᠠᠢ ᠶᠢᠨ ᠭᠠᠵᠠᠷ ᠤᠨ ᠳᠣᠲᠣᠯᠠᠭᠰᠠᠨ 21 ᠡᠪᠡᠳᠴᠢᠨ ᠤ ᠵᠢᠱᠢᠶ᠎ᠡ ︵ᠴᠥᠮ ᠬᠥᠯᠥᠨ ᠪᠤᠶᠢᠷ ᠤᠨ ᠮᠠᠨᠵᠤᠤᠷ ᠬᠤᠲᠠ ᠳᠤ ᠪᠤᠢ︶ ᠡᠷᠡᠭᠦᠯᠵᠢᠵᠦ ᠡᠮᠨᠡᠯᠭᠡ ᠠᠴᠠ ᠭᠠᠷᠪᠠ᠃
      12 ᠳ᠋ᠤᠭᠠᠷ ᠰᠠᠷ᠎ᠠ ᠶᠢᠨ 28᠎ ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 8᠂ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 90 ︵ᠬᠥᠯᠥᠨ ᠪᠤᠶᠢᠷ ᠤᠨ ᠮᠠᠨᠵᠤᠤᠷ ᠬᠤᠲᠠ 87᠂ ᠰᠢᠨ᠎ᠡ ᠪᠠᠷᠭᠤ ᠪᠠᠷᠠᠭᠤᠨ ᠬᠤᠰᠢᠭᠤ ᠳᠤ 3︶ ᠪᠠᠶᠢᠨ᠎ᠠ᠃ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠲᠠᠯᠠᠪᠤᠷ ᠲᠤ ᠲᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ