ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠺᠣᠮᠫᠠᠨᠢ ︽ᠨᠠᠮ ᠤᠨ ᠲᠡᠤᠬᠡ ᠶᠢᠨ ᠮᠡᠳᠡᠯᠭᠡ ᠶᠢᠨ ᠮᠡᠳᠡᠪᠡᠰᠦ ᠵᠣᠬᠢᠬᠤ ᠵᠦᠢᠯ︾᠎ ᠤᠨ ᠱᠠᠩᠨᠠᠯᠲᠤ ᠤᠷᠤᠯᠳᠤᠭᠠᠨ ᠥᠷᠨᠢᠭᠦᠯᠪᠡ
ᠨᠡᠶᠢᠲᠡᠯᠡᠭᠰᠡᠨ ᠴᠠᠭ᠄
2021/12/29
      1921 ᠣᠨ ᠠᠴᠠ 2021 ᠣᠨ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ 100 ᠬᠠᠪᠤᠷ ᠨᠠᠮᠤᠷ ᠢ ᠥᠩᠭᠡᠷᠡᠭᠡᠪᠡ᠃ ᠵᠠᠭᠤᠨ ᠵᠢᠯ ᠪᠣᠯ ᠴᠤᠬ ᠵᠢᠪᠬᠤᠭ᠎ᠠ ᠪᠠᠳᠠᠷᠠᠨ ᠬᠥᠭᠵᠢᠭᠰᠡᠨ ᠵᠠᠭᠤᠨ ᠵᠢᠯ᠂ ᠵᠠᠭᠤᠨ ᠵᠢᠯ ᠪᠣᠯ ᠰᠠᠯᠬᠢ ᠪᠣᠷᠣᠭᠠᠨ ᠢ ᠲᠤᠭᠤᠯᠵᠦ ᠤᠷᠤᠭᠰᠢᠯᠠᠭᠰᠠᠨ ᠵᠠᠭᠤᠨ ᠵᠢᠯ᠃ ᠳᠤᠮᠳᠠᠳᠤ ᠤᠯᠤᠰ ᠤᠨ ᠡᠪ ᠬᠠᠮᠲᠤ ᠨᠠᠮ ᠵᠠᠭᠤᠨ ᠵᠢᠯ ᠤᠨ ᠲᠡᠮᠡᠴᠡᠯ ᠤᠨ ᠳᠤᠮᠳᠠ ᠥᠪᠡᠷ ᠤᠨ ᠤᠶᠤᠨ ᠰᠠᠨᠠᠭᠠᠨ ᠤ ᠰᠢᠰᠲ᠋ᠧᠮ ᠢᠶᠠᠨ ᠪᠠᠶᠢᠭᠤᠯᠵᠤ᠂ ᠰᠡᠷᠭᠦᠨ ᠮᠠᠨᠳᠤᠯᠲᠠ ᠶᠢᠨ ᠵᠠᠮ ᠳᠤ ᠪᠠᠨ ᠵᠠᠯᠠᠭᠤ ᠨᠠᠰᠤᠨ ᠤ ᠲᠦᠷᠢ ᠲᠥᠷᠬᠦ ᠪᠠᠷ ᠤᠷᠤᠭᠰᠢᠯᠠᠪᠠ᠃ ᠶᠡᠷᠦᠩᠬᠡᠢ ᠱᠦᠵᠢ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠲᠤ᠂ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ ᠡᠭᠦᠷᠭᠡ ᠪᠠᠨ ᠪᠣᠯᠭᠠᠵᠤ᠂ ᠳᠤᠮᠳᠠᠳᠤ ᠶᠢᠨ ᠬᠥᠮᠦᠨ ᠪᠣᠯᠬᠤ ᠰᠥᠰᠥ ᠵᠣᠷᠢᠭ᠂ ᠰᠥᠰᠥ ᠵᠣᠷᠢᠭ᠂ ᠢᠳᠡ ᠬᠦᠴᠦ ᠪᠠᠨ ᠴᠢᠩᠭᠠᠳᠬᠠᠵᠤ᠂ ᠴᠠᠭ ᠦᠶ᠎ᠡ ᠳᠤ ᠣᠰᠣᠯᠳᠠᠬᠤ ᠦᠭᠡᠢ᠂ ᠵᠠᠯᠠᠭᠤ ᠨᠠᠰᠤᠨ ᠳᠤ ᠪᠠᠨ ᠣᠰᠣᠯᠳᠠᠬᠤ ᠦᠭᠡᠢ᠂ ᠨᠠᠮ ᠪᠣᠯᠤᠨ ᠠᠷᠠᠳ ᠲᠦᠮᠡᠨ ᠤ ᠨᠠᠨᠳᠢᠨ ᠬᠦᠰᠡᠯ ᠡᠷᠡᠮᠡᠯᠵᠡᠯ ᠳᠤ ᠣᠰᠣᠯᠳᠠᠬᠤ ᠦᠭᠡᠢ ᠪᠠᠶᠢᠬᠤ ᠬᠡᠷᠡᠭᠲᠡᠢ ᠭᠡᠵᠦ ᠵᠠᠬᠢᠪᠠ᠃
察右后旗旅投公司开展“党史应知应会”有奖知识竞赛1.png
      ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠤᠭᠠᠴᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠣᠶᠢᠷ᠎ᠠ ᠶᠢᠨ ᠡᠳᠦᠷ ︽ᠨᠠᠮ ᠤᠨ ᠲᠡᠦᠬᠡ ᠶᠢᠨ ᠮᠡᠳᠡᠯᠭᠡ ᠶᠢᠨ ᠮᠡᠳᠡᠪᠡᠰᠦ ᠵᠣᠬᠢᠬᠤ ᠵᠦᠢᠯ︾᠎ ᠤᠨ ᠱᠠᠩᠨᠠᠯᠲᠤ ᠤᠷᠤᠯᠳᠤᠭᠠᠨ ᠢ ᠵᠣᠬᠢᠶᠠᠨ ᠪᠠᠶᠢᠭᠤᠯᠵᠤ ᠥᠷᠨᠢᠭᠦᠯᠵᠡᠢ᠃ ᠬᠤᠰᠢᠭᠤᠨ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠺᠣᠮᠫᠠᠨᠢ ᠶᠢᠨ ᠪᠥᠬᠦ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠤᠷᠤᠯᠳᠤᠭᠠᠨ ᠳᠤ ᠣᠷᠣᠯᠴᠠᠭᠰᠠᠨ ᠪᠥᠭᠡᠳ ᠬᠤᠰᠢᠭᠤᠨ ᠬᠠᠮ ᠵᠠᠭᠤᠴᠢᠯᠠᠭᠤᠷ ᠤᠨ ᠲᠥᠪ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠢ ᠣᠨᠴᠠᠭᠠᠶᠢᠯᠠᠨ ᠤᠷᠢᠭᠰᠠᠨ ᠪᠠᠶᠢᠨ᠎ᠠ᠃ ᠤᠷᠤᠯᠳᠤᠭᠠᠨ ᠳᠤ ᠤᠯᠠᠨ ᠵᠦᠢᠯ ᠤᠨ ᠰᠡᠳᠦᠪ ᠤᠨ ᠬᠡᠯᠪᠡᠷᠢ ᠶᠢ ᠲᠤᠬᠢᠷᠠᠭᠤᠯᠵᠤ᠂ ᠤᠷᠤᠯᠳᠤᠭᠠᠨ ᠤ ᠶᠠᠪᠤᠴᠠ ᠬᠤᠷᠴᠠ ᠰᠢᠷᠦᠭᠦᠨ ᠪᠠᠶᠢᠵᠤ᠂ ᠣᠷᠤᠯᠴᠠᠭᠴᠢᠳ ᠭᠦᠢᠴᠡᠳ ᠪᠡᠯᠡᠳᠬᠡᠵᠦ᠂ ᠢᠳᠡᠪᠬᠢᠲᠡᠢ ᠪᠠᠷ ᠰᠠᠨᠠᠯ ᠢᠶᠠᠨ ᠰᠣᠯᠢᠯᠴᠠᠵᠤ᠂ ᠨᠠᠮ ᠤᠨ ᠲᠡᠦᠬᠡ ᠶᠢ ᠰᠤᠷᠤᠯᠴᠠᠬᠤ ᠰᠠᠶᠢᠨ ᠰᠠᠶᠢᠬᠠᠨ ᠬᠡᠪ ᠰᠤᠷᠲᠠᠯ ᠢ ᠪᠦᠷᠢᠯᠳᠦᠭᠦᠯᠵᠡᠢ᠃
察右后旗旅投公司开展“党史应知应会”有奖知识竞赛2.png
      ᠲᠤᠰ ᠤᠳᠠᠭᠠᠨ ᠤ ᠨᠠᠮ ᠤᠨ ᠲᠡᠦᠬᠡ ᠶᠢᠨ ᠮᠡᠳᠡᠯᠭᠡ ᠶᠢᠨ ᠤᠷᠤᠯᠳᠤᠭᠠᠨ ᠥᠷᠨᠢᠭᠦᠯᠬᠦ ᠪᠠᠷ ᠳᠡᠮᠵᠢᠨ᠂ ᠪᠦᠬᠦ ᠠᠵᠢᠯᠲᠠᠨ ᠠᠵᠢᠯᠴᠢᠨ ᠤ ᠨᠠᠮ ᠤᠨ ᠲᠡᠦᠬᠡ ᠰᠤᠷᠬᠤ ᠤᠷᠮ᠎ᠠ ᠵᠣᠷᠢᠭ ᠢ ᠳᠡᠭᠡᠭᠰᠢᠯᠡᠭᠦᠯᠵᠦ᠂ ᠪᠠᠰᠠ ᠪᠢᠳᠡᠨ ᠢ ᠨᠠᠮ ᠤᠨ ᠲᠡᠦᠬᠡ ᠶᠢ ᠰᠤᠷᠤᠯᠴᠠᠵᠤ ᠦᠵᠡᠯ ᠰᠠᠨᠠᠭ᠎ᠠ ᠶᠢ ᠤᠬᠠᠪᠤᠷᠢᠯᠠᠨ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠡᠷᠳᠡᠮ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠬᠤ ᠶᠢ ᠵᠣᠷᠢᠭᠵᠢᠭᠤᠯᠵᠤ᠂ ᠶᠡᠷᠦᠩᠬᠡᠶᠢᠯᠡᠭᠰᠡᠨ ᠴᠢᠳᠠᠪᠤᠷᠢ ᠪᠠᠨ ᠳᠡᠭᠡᠭᠰᠢᠯᠡᠭᠦᠯᠵᠦ᠂ ᠨᠠᠮ ᠤᠨ ᠲᠡᠮᠡᠴᠡᠯ ᠤᠨ ᠥᠩᠭᠡᠷᠡᠯᠲᠡ ᠪᠣᠯᠤᠨ ᠠᠭᠤᠤ ᠶᠡᠭᠡ ᠠᠮᠵᠢᠯᠲᠠ ᠪᠠᠷ ᠲᠡᠮᠡᠴᠡᠯ ᠤᠨ ᠵᠣᠷᠢᠭ ᠢᠶᠠᠨ ᠬᠥᠪᠴᠢᠯᠡᠵᠦ᠂ ᠴᠢᠭᠯᠡᠯ ᠢᠶᠠᠨ ᠲᠣᠳᠣᠷᠬᠠᠶᠢᠯᠠᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠢᠶᠠᠷ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠨᠠᠮ ᠤᠨ ᠦᠢᠯᠡᠳᠦᠯᠭᠡ ᠶᠢᠨ ᠡᠭᠦᠳᠦᠯᠲᠡ ᠪᠣᠯᠤᠨ ᠲᠡᠦᠬᠡ ᠶᠢᠨ ᠲᠤᠷᠰᠢᠯᠭ᠎ᠠ ᠪᠠᠷ ᠤᠶᠤᠨ ᠤᠬᠠᠭᠠᠨ ᠢᠶᠠᠨ ᠰᠡᠩᠬᠡᠷᠡᠭᠦᠯᠵᠦ᠂ ᠵᠠᠩ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠵᠤᠭᠠᠴᠠᠯ ᠤᠨ ᠪᠡᠯᠡ ᠣᠷᠣᠭᠤᠯᠤᠯᠲᠠ ᠶᠢᠨ ᠦᠢᠯᠡᠰ ᠲᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ᠃
      ᠴᠢᠬᠡᠴᠢ ᠵᠢᠷᠤᠮᠲᠠᠨ ᠡᠳᠦᠷ ᠤᠨ ᠣᠬᠤᠷ ᠢ ᠨᠠᠨᠳᠢᠩᠨᠠᠵᠤ᠂ ᠲᠡᠮᠡᠴᠡᠯ ᠤᠨ ᠵᠠᠮ ᠤᠨ ᠤᠷᠳᠤ ᠶᠢ ᠡᠷᠬᠢᠮᠯᠡᠨ᠎ᠡ᠃ 2021 ᠣᠨ ᠳᠤ ᠪᠢᠳᠡ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠨ ᠠᠪᠴᠢᠷᠠᠯ᠎ᠠ᠂ ᠮᠢᠩᠭᠠᠨ ᠣᠨ ᠤ ᠠᠤᠭ᠎ᠠ ᠦᠢᠯᠡᠰ ᠤᠨ ᠵᠠᠭᠤᠨ ᠵᠢᠯ ᠪᠣᠯ ᠵᠥᠪᠬᠡᠨ ᠣᠷᠣᠰᠢᠯ ᠲᠡᠳᠦᠢ ᠶᠤᠮ᠃ ᠰᠢᠨ᠎ᠡ ᠨᠢᠭᠡ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠪᠣᠯᠤᠭᠰᠠᠨ ᠤ ᠬᠤᠪᠢ ᠳᠤ ᠪᠢᠳᠡ ︽ᠲᠦᠷᠪᠡᠨ ᠲᠡᠦᠬᠡ︾᠎ ᠶᠢ ᠰᠠᠶᠢᠲᠤᠷ ᠰᠤᠷᠤᠯᠴᠠᠵᠤ ᠤᠬ ᠰᠠᠨᠠᠭ᠎ᠠ ᠪᠠᠨ ᠡᠭᠦᠷᠢᠳᠡ ᠬᠠᠳᠠᠭᠠᠯᠠᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠬᠦ ᠬᠡᠷᠡᠭᠲᠡᠢ᠃ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠪᠢᠰᠬᠠᠯ ᠤᠨ ᠭᠧᠨ ᠢ ᠰᠠᠶᠢᠲᠤᠷ ᠤᠯᠠᠮᠵᠢᠯᠠᠵᠤ᠂ ᠬᠤᠪᠢᠰᠬᠠᠯ ᠤᠨ ᠲᠦᠷᠦ ᠶᠢ ᠦᠶ᠎ᠡ ᠶᠢᠨ ᠦᠶ᠎ᠡ ᠳᠤ ᠪᠠᠨ ᠤᠯᠠᠮᠵᠢᠯᠠᠶ᠎ᠠ︕
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ