︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠲᠡᠷᠭᠡ ᠵᠣᠭᠰᠣᠭᠠᠬᠤ ᠪᠡᠯᠡᠳᠬᠡᠮᠵᠢ ᠶᠢᠨ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2021/12/29

      ᠨᠢᠭᠡ᠂ ᠲᠤᠭᠤᠷᠪᠢᠭᠰᠠᠨ ᠠᠬᠤᠶ ᠪᠠᠶᠢᠳᠠᠯ ᠤᠨ ᠲᠤᠬᠠᠶ

      ᠬᠤᠳᠠ ᠶᠢᠨ ᠲᠡᠷᠭᠡ ᠵᠣᠭᠰᠣᠭᠠᠬᠤ ᠪᠡᠯᠡᠳᠬᠡᠮᠵᠢ ᠨᠢ ᠮᠠᠰᠢᠨᠲᠤ ᠲᠡᠷᠭᠡ ᠥᠮᠴᠢᠯᠡᠬᠦ ᠪᠠ ᠬᠡᠷᠡᠭᠯᠡᠬᠦ ᠶᠢ ᠲᠣᠬᠢᠷᠠᠭᠤᠯᠬᠤ ᠭᠤᠣᠯ ᠪᠣᠯᠬᠤ ᠵᠠᠮ ᠬᠠᠷᠢᠯᠴᠠᠭᠠᠨ ᠤ ᠪᠡᠯᠡᠳᠬᠡᠮᠵᠢ ᠪᠣᠯᠤᠭᠰᠠᠨ ᠤ ᠬᠤᠪᠢ ᠳᠤ᠂ ᠮᠠᠰᠢᠨᠲᠤ ᠲᠡᠷᠭᠡ ᠶᠢᠨ ᠠᠵᠢᠯᠯᠠᠭ᠎ᠠ ᠯᠤᠭ᠎ᠠ ᠬᠠᠷᠢᠯᠴᠠᠨ ᠬᠢᠵᠠᠭᠠᠷᠯᠠᠵᠤ᠂ ᠬᠠᠷᠢᠯᠴᠠᠨ ᠲᠦᠰᠢᠭᠯᠡᠯᠴᠡᠵᠦ᠂ ᠬᠤᠳᠠ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠭᠲᠠᠯᠴᠠᠭ᠎ᠠ ᠵᠢᠴᠢ ᠬᠤᠳᠠ ᠶᠢᠨ ᠦᠷᠭᠦᠯᠵᠢᠯᠡᠬᠦᠶᠢᠴᠡ ᠬᠥᠭᠵᠢᠯᠲᠡ ᠶᠢ ᠲᠤᠯᠭᠠᠭᠤᠷᠢᠯᠠᠬᠤ ᠳᠤ ᠴᠢᠬᠤᠯᠠ ᠦᠢᠯᠡᠳᠦᠯ ᠲᠠᠢ ᠶᠤᠮ᠃ ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠬᠤᠲᠠ ᠶᠢᠨ ᠲᠡᠷᠭᠡ ᠵᠣᠭᠰᠣᠭᠠᠬᠤ ᠪᠡᠯᠡᠳᠬᠡᠮᠵᠢ ᠶᠢᠨ ᠬᠡᠪᠴᠢᠶ᠎ᠡ ᠦᠷᠭᠦᠯᠵᠢᠯᠡᠨ ᠥᠷᠭᠡᠳᠴᠦ᠂ ᠲᠡᠷᠭᠡ ᠵᠣᠭᠰᠣᠭᠠᠬᠤ ᠡᠮᠬᠢ ᠳᠢᠭᠯᠢᠮ ᠲᠠᠰᠤᠷᠠᠯᠲᠠ ᠥᠬᠡᠶ ᠲᠡᠭᠦᠯᠳᠡᠷᠵᠢᠵᠦ᠂ ᠠᠵᠤ ᠦᠶᠢᠯᠡᠰᠵᠢᠯᠲᠡ ᠶᠢᠨ ᠬᠥᠭᠵᠢᠯᠲᠡ ᠠᠯᠬᠤᠮ ᠠᠯᠬᠤᠮ ᠢᠶᠠᠷ ᠭᠦᠨᠵᠡᠭᠡᠶᠢᠷᠡᠭᠰᠡᠨ ᠪᠣᠯᠪᠠᠴᠤ ᠬᠠᠩᠭᠠᠯᠭ᠎ᠠ ᠶᠢᠨ ᠴᠢᠳᠠᠪᠤᠷᠢ ᠳᠤᠲᠠᠮᠠᠭ᠂ ᠵᠠᠰᠠᠯᠲᠠ ᠶᠢᠨ ᠲᠦᠪᠰᠢᠨ ᠳᠣᠣᠷ᠎ᠠ᠂ ᠵᠠᠬ᠎ᠠ ᠳᠡᠯᠭᠡᠭᠦᠷᠴᠢᠯᠡᠯᠲᠡ ᠶᠢᠨ ᠠᠬᠢᠴᠠ ᠤᠳᠠᠭᠠᠨ ᠵᠡᠷᠭᠡ ᠠᠰᠠᠭᠤᠳᠠᠯ ᠮᠥᠨ ᠯᠡ ᠣᠷᠣᠰᠢᠭᠰᠠᠭᠠᠷ ᠪᠠᠶᠢᠨ᠎ᠠ᠃ ᠬᠤᠲᠠ ᠶᠢᠨ ᠲᠡᠷᠭᠡ ᠵᠣᠭᠰᠣᠭᠠᠬᠤ ᠪᠡᠯᠡᠳᠬᠡᠮᠵᠢ ᠶᠢᠨ ᠬᠥᠭᠵᠢᠯᠲᠡ ᠶᠢᠨ ᠶᠠᠪᠤᠴᠠ ᠳᠤ ᠲᠣᠪᠤᠶᠢᠮ᠎ᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠳᠤ ᠴᠢᠭᠯᠡᠭᠦᠯᠦᠨ᠂ 2021 ᠣᠨ ᠤ 5 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠲᠥᠷᠥ ᠠᠯᠪᠠᠨ ᠵᠠᠬᠢᠳᠠᠯ ﹇2021﹈ 46 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢᠶᠠᠷ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ︽ᠬᠤᠲᠠ ᠶᠢᠨ ᠲᠡᠷᠭᠡ ᠵᠣᠭᠰᠣᠭᠠᠬᠤ ᠪᠡᠯᠡᠳᠬᠡᠮᠵᠢ ᠶᠢᠨ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠮᠵᠢᠭᠤᠯᠤᠨ ᠲᠠᠷᠬᠠᠭᠠᠪᠠ᠃ ︽ᠰᠠᠨᠠᠯ︾ ᠳᠤ᠂ 2025 ᠣᠨ ᠪᠣᠯᠬᠤ ᠳᠤ᠂ ᠪᠥᠬᠦ ᠤᠯᠤᠰ ᠤᠨ ᠲᠣᠮᠣ ᠳᠤᠮᠳᠠ ᠵᠢᠵᠢᠭ ᠬᠤᠲᠠ ᠳᠤ ᠲᠡᠷᠭᠡ ᠵᠣᠭᠰᠣᠭᠠᠬᠤ ᠪᠠᠷ ᠭᠤᠣᠯᠯᠠᠭᠰᠠᠨ᠂ ᠵᠠᠮ ᠤᠨ ᠭᠠᠳᠠᠨ᠎ᠠ ᠣᠯᠠᠨ ᠨᠡᠶᠢᠲᠡ ᠶᠢᠨ ᠲᠡᠷᠭᠡ ᠶᠢ ᠵᠣᠭᠰᠣᠭᠠᠬᠤ ᠪᠠᠷ ᠬᠠᠪᠰᠤᠷᠤᠭᠤᠯᠤᠭᠰᠠᠨ᠂ ᠵᠠᠮ ᠤᠨ ᠳᠣᠲᠣᠷ᠎ᠠ ᠲᠡᠷᠭᠡ ᠵᠣᠭᠰᠣᠭᠠᠬᠤ ᠪᠠᠷ ᠨᠥᠬᠦᠪᠦᠷᠢᠯᠡᠭᠦᠯᠦᠭᠰᠡᠨ ᠬᠤᠲᠠ ᠶᠢᠨ ᠲᠡᠷᠭᠡ ᠵᠣᠭᠰᠣᠭᠠᠬᠤ ᠰᠢᠰᠲ᠋ᠧᠮ ᠢ ᠦᠨᠳᠦᠰᠦᠨ ᠳᠤ ᠪᠠᠨ ᠳᠣᠭᠢᠷᠠᠭᠤᠯᠤᠨ ᠪᠠᠶᠢᠭᠤᠯᠤᠨ᠎ᠠ ᠭᠡᠵᠦ ᠲᠣᠳᠣᠷᠬᠠᠶ ᠲᠣᠭᠲᠠᠭᠠᠵᠠᠶ᠃

      ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠤᠭᠤᠷᠪᠢᠨ ᠪᠢᠴᠢᠬᠦ ᠳᠤᠭᠤᠶᠢᠯᠠᠩ ᠪᠠᠶᠢᠭᠤᠯᠵᠤ᠂ ᠮᠠᠨ ᠤ ᠣᠷᠣᠨ ᠤ ᠬᠤᠲᠠ ᠶᠢᠨ ᠲᠡᠷᠭᠡ ᠵᠣᠭᠰᠣᠭᠠᠬᠤ ᠪᠡᠯᠡᠳᠬᠡᠮᠵᠢ ᠶᠢᠨ ᠬᠥᠭᠵᠢᠯᠲᠡ ᠶᠢᠨ ᠣᠳᠣᠬᠢ ᠪᠠᠶᠢᠳᠠᠯ ᠢ ᠭᠦᠨᠵᠡᠭᠡᠶ ᠪᠠᠶᠢᠴᠠᠭᠠᠨ ᠰᠤᠳᠤᠯᠵᠤ᠂ ᠭᠠᠳᠠᠷ ᠮᠤᠵᠢ ᠶᠢᠨ ᠲᠤᠷᠰᠢᠯᠭᠠᠲᠤ ᠠᠷᠭ᠎ᠠ ᠪᠠᠷ ᠬᠢᠨᠠᠮᠠᠭᠠᠶ ᠲᠣᠯᠢᠯᠠᠭᠤᠯᠤᠨ᠂ ᠮᠠᠨ ᠤ ᠣᠷᠣᠨ ᠤ ᠬᠤᠲᠠ ᠶᠢᠨ ᠲᠡᠷᠭᠡ ᠵᠣᠭᠰᠣᠭᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠭᠰᠠᠨ ᠪᠥᠭᠡᠳ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠡᠯ᠎ᠡ ᠲᠠᠯ᠎ᠠ ᠶᠢᠨ ᠰᠠᠨᠠᠯ ᠢ ᠥᠷᠭᠡᠨ ᠢᠶᠠᠷ ᠬᠤᠷᠢᠶᠠᠪᠠ᠃ 11 ᠳ᠋ᠦ᠋ᠭᠡᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠥᠪᠥᠷ ᠵᠠᠰᠠᠭ ᠠᠯᠪᠠᠨ ᠲᠠᠷᠬᠠᠭᠠᠭᠰᠠᠨ ﹇2021﹈ 71 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠢᠶᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠲᠡᠷᠭᠡ ᠵᠣᠭᠰᠣᠭᠠᠬᠤ ᠪᠡᠯᠡᠳᠬᠡᠮᠵᠢ ᠶᠢᠨ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠤᠯᠤᠰ ᠤᠨ ︽ᠰᠠᠨᠠᠯ︾ ᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠭᠤᠤᠯᠳᠠᠯᠭ᠎ᠠ ᠲᠠᠢ ᠡᠭᠦᠷᠭᠡ ᠶᠢᠨ ᠪᠠᠷᠢᠮᠵᠢᠶ᠎ᠠ ᠲᠠᠢ ᠬᠠᠷᠭᠤᠭᠤᠯᠵᠤ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠡᠯ᠎ᠡ ᠵᠦᠢᠯ ᠤᠨ ᠡᠭᠦᠷᠭᠡ ᠶᠢᠨ ᠬᠠᠷᠢᠭᠤᠴᠠᠯᠭᠠᠲᠤ ᠭᠤᠤᠯ ᠴᠣᠭᠴᠠ ᠶᠢ ᠲᠣᠳᠣᠷᠬᠠᠶᠢᠯᠠᠪᠠ᠃ ︽ᠬᠡᠷᠡᠭᠵᠢᠭᠦᠯᠬᠦ ᠲᠥᠰᠦᠯ︾ ᠨᠢ ᠬᠤᠲᠠ ᠶᠢᠨ ᠲᠡᠷᠭᠡ ᠵᠣᠭᠰᠣᠭᠠᠬᠤ ᠪᠡᠯᠡᠳᠬᠡᠮᠵᠢ ᠶᠢᠨ ᠬᠠᠩᠭᠠᠯᠭ᠎ᠠ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠬᠦ᠂ ᠬᠤᠲᠠ ᠶᠢᠨ ᠵᠠᠮ ᠬᠠᠷᠢᠯᠴᠠᠭᠠᠨ ᠤ ᠣᠷᠴᠢᠨ ᠲᠣᠭᠤᠷᠢᠨ ᠵᠢᠴᠢ ᠠᠵᠢᠯᠯᠠᠭᠠᠨ ᠤ ᠦᠷ᠎ᠡ ᠪᠦᠲᠦᠮᠵᠢ ᠶᠢ ᠰᠠᠶᠢᠵᠢᠷᠠᠭᠤᠯᠬᠤ᠂ ᠬᠤᠲᠠ ᠶᠢᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠴᠢᠩᠭᠠᠷᠠᠭᠤᠯᠬᠤ ᠳᠤ ᠢᠳᠡᠪᠬᠢᠲᠡᠶ ᠦᠢᠯᠡᠳᠦᠯ ᠲᠠᠢ ᠶᠤᠮ᠃

      ᠬᠤᠶᠠᠷ᠂ ᠭᠤᠣᠯ ᠠᠭᠤᠯᠭ᠎ᠠ ᠶᠢᠨ ᠲᠤᠬᠠᠶ

      ᠨᠢᠭᠡᠳᠦᠭᠡᠷ ᠬᠡᠰᠡᠭ ᠨᠢ ᠲᠡᠷᠭᠡ ᠵᠣᠭᠰᠣᠭᠠᠬᠤ ᠪᠡᠯᠡᠳᠬᠡᠮᠵᠢ ᠶᠢᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠪᠣᠯᠣᠨ᠎ᠠ᠃ ᠲᠡᠷᠭᠡ ᠵᠣᠭᠰᠣᠭᠠᠬᠤ ᠡᠬᠢ ᠪᠠᠶᠠᠯᠢᠭ ᠨᠢ ᠲᠠᠷᠠᠬᠠᠶ ᠪᠤᠲᠠᠷᠬᠠᠶ᠂ ᠥᠮᠴᠢᠯᠡᠬᠦ ᠡᠷᠬᠡ ᠶᠢᠨ ᠬᠠᠷᠢᠶᠠᠯᠠᠯ ᠨᠢ ᠣᠯᠠᠨ ᠶᠠᠩᠵᠤᠲᠤ ᠴᠢᠨᠠᠷ ᠤᠨ ᠣᠨᠴᠠᠯᠢᠭ ᠲᠠᠢ ᠪᠠᠶᠢᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠪᠣᠯ ᠲᠡᠷᠭᠡ ᠵᠣᠭᠰᠣᠭᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢ ᠤᠷᠤᠭᠰᠢᠲᠠᠶ ᠠᠬᠢᠭᠤᠯᠬᠤ ᠶᠢᠨ ᠦᠨᠳᠦᠰᠦᠨ ᠪᠠᠲᠤᠯᠠᠭ᠎ᠠ ᠪᠣᠯᠣᠨ᠎ᠠ᠃ ︽ᠬᠡᠷᠡᠭᠵᠢᠭᠦᠯᠬᠦ ᠲᠥᠰᠦᠯ︾ ᠳᠤ ᠲᠥᠯᠥᠪᠵᠢᠭᠦᠯᠦᠨ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠬᠤ᠂ ᠬᠤᠲᠠ ᠶᠢᠨ ᠲᠡᠷᠭᠡ ᠵᠣᠭᠰᠣᠭᠠᠬᠤ ᠦᠨᠳᠦᠰᠦᠨ ᠬᠡᠷᠡᠭᠴᠡᠭᠡ ᠶᠢ ᠬᠦᠴᠦᠯᠡᠨ ᠪᠠᠲᠤᠯᠠᠬᠤ᠂ ᠲᠡᠷᠭᠡ ᠵᠣᠭᠰᠣᠭᠠᠬᠤ ᠬᠡᠷᠡᠭᠴᠡᠭᠡ ᠶᠢ ᠬᠠᠩᠭᠠᠬᠤ᠂ ᠲᠡᠷᠭᠡ ᠵᠣᠭᠰᠣᠭᠠᠬᠤ ᠪᠠ ᠲᠡᠷᠭᠡ ᠰᠣᠯᠢᠵᠤ ᠠᠶᠠᠯᠠᠬᠤ ᠶᠢ ᠵᠣᠯᠭᠠᠭᠤᠯᠬᠤ ᠲᠦᠪᠰᠢᠨ ᠢ ᠳᠡᠭᠡᠭᠰᠢᠯᠡᠭᠦᠯᠬᠦ ᠵᠡᠷᠭᠡ ᠳᠥᠷᠪᠡᠨ ᠲᠠᠯ᠎ᠠ ᠶᠢᠨ ᠲᠣᠭᠤᠷᠢᠨ ᠳᠤ᠂ ᠬᠤᠲᠠ ᠶᠢᠨ ᠲᠡᠷᠭᠡ ᠵᠣᠭᠰᠣᠭᠠᠬᠤ ᠪᠡᠯᠡᠳᠬᠡᠮᠵᠢ ᠶᠢ ᠨᠢᠭᠡᠳᠦᠯᠲᠡᠶ ᠲᠥᠯᠥᠪᠯᠡᠨ ᠪᠠᠶᠢᠷᠢᠯᠠᠭᠤᠯᠬᠤ᠂ ᠲᠡᠷᠭᠡ ᠵᠣᠭᠰᠣᠭᠠᠬᠤ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠶ᠃

      ᠬᠤᠶᠠᠳᠤᠭᠠᠷ ᠬᠡᠰᠡᠭ ᠨᠢ ᠲᠡᠷᠭᠡ ᠵᠣᠭᠰᠣᠭᠠᠬᠤ ᠪᠡᠯᠡᠳᠬᠡᠮᠵᠢ ᠶᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠬᠦ ᠲᠤᠬᠠᠢ ᠪᠣᠯᠣᠨ᠎ᠠ᠃ ᠬᠤᠲᠠᠴᠢᠯᠠᠯᠲᠠ ᠪᠠ ᠮᠠᠰᠢᠨᠴᠢᠯᠠᠯᠲᠠ ᠶᠢᠨ ᠲᠦᠷᠭᠡᠨ ᠬᠥᠭᠵᠢᠭᠰᠡᠨ ᠠᠬᠤᠶ ᠪᠠᠶᠢᠳᠠᠯ ᠳᠣᠤᠷ᠎ᠠ᠂ ᠲᠡᠷᠭᠡ ᠵᠣᠭᠰᠣᠭᠠᠬᠤ ᠠᠰᠠᠭᠤᠳᠠᠯ ᠨᠢ ᠨᠢᠭᠡᠨᠲᠡ ᠬᠤᠲᠠ ᠶᠢᠨ ᠨᠡᠶᠢᠳᠡᠮ ᠤᠨ ᠴᠢᠨᠠᠷᠲᠠᠢ ᠠᠰᠠᠭᠤᠳᠠᠯ ᠪᠣᠯᠵᠣ᠂ ᠤᠯᠠᠮᠵᠢᠯᠠᠯᠲᠤ ᠲᠡᠷᠭᠡ ᠵᠣᠭᠰᠣᠭᠠᠬᠤ ᠪᠡᠯᠡᠳᠬᠡᠮᠵᠢ ᠨᠢ ᠨᠢᠭᠡᠨᠲᠡ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠲᠡᠷᠭᠡ ᠵᠣᠭᠰᠣᠭᠠᠬᠤ ᠬᠡᠷᠡᠭᠴᠡᠭᠡ ᠶᠢ ᠬᠠᠩᠭᠠᠵᠤ ᠳᠡᠶᠢᠯᠬᠦ ᠥᠬᠡᠶ ᠪᠣᠯᠵᠠᠶ᠃ ︽ᠬᠡᠷᠡᠭᠵᠢᠭᠦᠯᠬᠦ ᠲᠥᠰᠦᠯ︾ ᠳᠤ ᠲᠡᠷᠭᠡ ᠵᠣᠭᠰᠣᠭᠠᠬᠤ ᠪᠡᠯᠡᠳᠬᠡᠮᠵᠢ ᠲᠣᠨᠣᠭᠯᠠᠯ ᠤᠨ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠬᠦ᠂ ᠬᠤᠲᠠ ᠶᠢᠨ ᠲᠡᠷᠭᠡ ᠵᠣᠭᠰᠣᠭᠠᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠬᠦ᠂ ᠲᠡᠷᠭᠡ ᠵᠣᠭᠰᠣᠭᠠᠬᠤ ᠦᠢᠯᠡᠴᠢᠯᠡᠭᠡ ᠶᠢᠨ ᠤᠶᠤᠨᠴᠢᠯᠠᠯᠲᠠ ᠶᠢ ᠲᠦᠷᠭᠡᠳᠬᠡᠨ ᠠᠬᠢᠭᠤᠯᠬᠤ᠂ ᠲᠡᠷᠭᠡ ᠵᠣᠭᠰᠣᠭᠠᠬᠤ ᠡᠬᠢ ᠪᠠᠶᠠᠯᠢᠭ ᠢ ᠨᠡᠭᠡᠭᠡᠯᠲᠡ ᠲᠠᠢ ᠪᠠᠶᠢᠯᠭᠠᠵᠤ ᠬᠠᠮᠲᠤ ᠳᠤ ᠪᠠᠨ ᠬᠦᠷᠲᠡᠬᠦ ᠶᠢ ᠵᠣᠷᠢᠭᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠡᠷᠭᠡ ᠵᠣᠭᠰᠣᠭᠠᠬᠤ ᠦᠷ᠎ᠡ ᠪᠦᠲᠦᠮᠵᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠲᠡᠷᠭᠡ ᠵᠣᠭᠰᠣᠭᠠᠬᠤ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠨᠠᠮᠳᠠᠭᠤᠯᠤᠨ᠎ᠠ ᠭᠡᠵᠡᠢ᠃

      ᠭᠤᠷᠪᠠᠳᠤᠭᠠᠷ ᠬᠡᠰᠡᠭ ᠨᠢ ᠪᠠᠯᠠ ᠮᠥᠩᠭᠦ ᠪᠠ ᠬᠡᠷᠡᠭᠯᠡᠬᠦ ᠭᠠᠵᠠᠷ ᠤᠨ ᠪᠠᠲᠤᠯᠠᠭ᠎ᠠ ᠶᠢ ᠴᠢᠩᠭᠠᠳᠬᠠᠬᠤ ᠲᠤᠬᠠᠢ ᠪᠣᠯᠣᠨ᠎ᠠ᠃ ᠲᠡᠷᠭᠡ ᠵᠣᠭᠰᠣᠭᠠᠬᠤ ᠪᠡᠯᠡᠳᠬᠡᠮᠵᠢ ᠶᠢᠨ ᠬᠡᠷᠡᠭᠯᠡᠬᠦ ᠭᠠᠵᠠᠷ ᠢ ᠤᠯᠬᠤ ᠠᠷᠭ᠎ᠠ ᠮᠠᠶ᠋ᠢᠭ᠂ ᠲᠡᠷᠭᠡ ᠵᠣᠭᠰᠣᠭᠠᠬᠤ ᠳᠤ ᠬᠤᠯᠪᠣᠭᠳᠠᠭᠰᠠᠨ ᠬᠤᠳᠠᠯᠳᠤᠭᠠᠨ ᠤ ᠢᠵᠢ ᠲᠥᠬᠦᠷ ᠨᠡᠭᠡᠭᠡᠨ ᠬᠥᠭᠵᠢᠭᠦᠯᠬᠦ ᠡᠷᠴᠢᠮ᠂ ᠲᠡᠷᠭᠡ ᠵᠣᠭᠰᠣᠭᠠᠬᠤ ᠪᠡᠯᠡᠳᠬᠡᠮᠵᠢ ᠶᠢᠨ ᠪᠠᠯᠠ ᠣᠷᠣᠭᠤᠯᠤᠯᠲᠠ ᠵᠢᠴᠢ ᠪᠥᠲᠥᠭᠡᠨ ᠪᠠᠶᠢᠭᠤᠯᠤᠯᠲᠠ ᠶᠢᠨ ᠵᠠᠭᠪᠤᠷ ᠵᠡᠷᠭᠡ ᠪᠣᠯ ᠲᠡᠷᠭᠡ ᠵᠣᠭᠰᠣᠭᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠤᠤᠯ ᠡᠯᠧᠮᠧᠨ᠋ᠲ ᠪᠣᠯᠤᠨ᠎ᠠ᠃ ᠲᠡᠷᠭᠡ ᠵᠣᠭᠰᠣᠭᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠨᠡᠶᠢᠭᠡᠮ ᠤᠨ ᠬᠥᠷᠥᠩᠭᠡ ᠶᠢᠨ ︽ᠪᠠᠯᠠ ᠣᠷᠣᠭᠤᠯᠬᠤ ᠳᠤᠷ᠎ᠠ ᠥᠬᠡᠶ︾᠂ ︽ᠪᠠᠯᠠ ᠣᠷᠣᠭᠤᠯᠬᠤ ᠵᠣᠷᠢᠭ ᠥᠬᠡᠶ︾ ᠬᠦᠴᠢᠷᠳᠡᠯ ᠢ ᠰᠢᠢᠳᠪᠦᠷᠢᠯᠡᠬᠦ ᠶᠢᠨ ᠲᠤᠰᠠᠳᠠ᠂ ︽ᠬᠡᠷᠡᠭᠵᠢᠭᠦᠯᠬᠦ ᠲᠥᠰᠦᠯ︾ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠬᠤ᠂ ᠣᠯᠠᠨ ᠡᠰᠢᠲᠦ ᠮᠥᠩᠭᠦᠨ ᠭᠦᠢᠯᠭᠡᠭᠡᠨ ᠤ ᠳᠡᠮᠵᠢᠯᠭᠡ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠬᠦ᠂ ᠲᠡᠷᠭᠡ ᠵᠣᠭᠰᠣᠭᠠᠬᠤ ᠪᠡᠯᠡᠳᠬᠡᠮᠵᠢ ᠶᠢᠨ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢ ᠵᠢᠷᠤᠮᠵᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠪᠠ᠃

      ᠳᠥᠷᠪᠡᠳᠦᠭᠡᠷ ᠬᠡᠰᠡᠭ ᠨᠢ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠬᠤ ᠲᠤᠬᠠᠢ ᠪᠣᠯᠣᠨ᠎ᠠ᠃ ᠲᠡᠷᠭᠡ ᠵᠣᠭᠰᠣᠭᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠠᠰᠢᠭ ᠣᠯᠵᠠᠪᠤᠷᠢ ᠨᠢ ᠨᠡᠯᠢᠶᠡᠳ ᠳᠣᠤᠷ᠎ᠠ᠂ ᠠᠰᠢᠭ ᠣᠯᠵᠠᠪᠤᠷᠢ ᠶᠢᠨ ᠬᠤᠭᠤᠴᠠᠭ᠎ᠠ ᠨᠢ ᠨᠡᠯᠢᠶᠡᠳ ᠣᠷᠳᠣ᠂ ᠵᠠᠬ᠎ᠠ ᠳᠡᠯᠭᠡᠭᠦᠷ ᠤᠨ ᠪᠠᠯᠠ ᠣᠷᠣᠭᠤᠯᠤᠯᠲᠠ ᠶᠢᠨ ᠢᠳᠡᠪᠬᠢᠵᠢᠯ ᠥᠨᠳᠥᠷ ᠪᠢᠰᠢ ᠪᠣᠯᠬᠤᠷ᠂ ᠣᠯᠠᠨ ᠠᠷᠭ᠎ᠠ ᠶᠢ ᠵᠡᠷᠭᠡ ᠪᠠᠷ ᠬᠡᠷᠡᠭᠯᠡᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠴᠢᠬᠤᠯᠠᠲᠠᠶ᠃ ︽ᠬᠡᠷᠡᠭᠵᠢᠭᠦᠯᠬᠦ ᠲᠥᠰᠦᠯ︾ ᠨᠢ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠨᠥᠬᠦᠴᠡᠯ ᠢ ᠠᠭᠤᠵᠢᠭᠤ ᠪᠣᠯᠭᠠᠬᠤ᠂ ᠪᠥᠲᠥᠭᠡᠨ ᠪᠠᠶᠢᠭᠤᠯᠵᠤ ᠠᠵᠢᠭᠯᠠᠭᠤᠯᠤᠨ ᠡᠵᠡᠩᠨᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠵᠥᠷᠢᠶᠡᠴᠢᠯᠡᠭᠰᠡᠨ ᠲᠡᠷᠭᠡ ᠵᠣᠭᠰᠣᠭᠠᠬᠤ ᠰᠦᠢᠳᠬᠡᠯ ᠬᠤᠷᠢᠶᠠᠯᠲᠠ ᠶᠢ ᠬᠡᠷᠡᠭᠵᠢᠭᠦᠯᠬᠦ᠂ ᠪᠠᠷᠢᠮᠵᠢᠶᠠᠵᠢᠭᠤᠯᠤᠨ ᠵᠢᠷᠤᠮᠵᠢᠭᠤᠯᠬᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠵᠡᠷᠭᠡ ᠪᠠᠷ ᠳᠠᠮᠵᠢᠭᠤᠯᠤᠨ᠂ ᠲᠡᠷᠭᠡ ᠵᠣᠭᠰᠣᠭᠠᠬᠤ ᠪᠡᠯᠡᠳᠬᠡᠮᠵᠢ ᠶᠢᠨ ᠬᠥᠭᠵᠢᠯᠲᠡ ᠶᠢᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ ᠭᠡᠵᠡᠢ᠃

      ᠲᠠᠪᠤᠳᠤᠭᠠᠷ ᠬᠡᠰᠡᠭ ᠨᠢ ᠲᠡᠷᠭᠡ ᠵᠣᠭᠰᠣᠭᠠᠬᠤ ᠬᠠᠮᠢᠶᠠᠷᠤᠯᠲᠠ ᠶᠢᠨ ᠬᠠᠤᠯᠢ ᠪᠠᠷ ᠵᠠᠰᠠᠬᠤ ᠪᠠᠲᠤᠯᠠᠭ᠎ᠠ ᠶᠢ ᠲᠡᠭᠦᠯᠳᠡᠷᠵᠢᠭᠦᠯᠬᠦ ᠲᠤᠬᠠᠢ ᠪᠣᠯᠣᠨ᠎ᠠ᠃ ᠲᠡᠷᠭᠡ ᠵᠣᠭᠰᠣᠭᠠᠬᠤ ᠬᠠᠤᠯᠢ ᠲᠣᠭᠲᠠᠭᠠᠯ ᠤᠨ ᠲᠣᠭᠲᠠᠯᠴᠠᠭ᠎ᠠ ᠲᠡᠭᠦᠯᠳᠡᠷ ᠪᠤᠰᠤ᠂ ᠬᠠᠤᠯᠢ ᠬᠡᠷᠡᠭᠵᠢᠭᠦᠯᠦᠯᠲᠡ ᠨᠢ ᠭᠦᠢᠴᠡᠳ ᠥᠬᠡᠶ ᠵᠡᠷᠭᠡ ᠨᠢ ᠬᠤᠲᠠ ᠶᠢᠨ ᠲᠡᠷᠭᠡ ᠵᠣᠭᠰᠣᠭᠠᠬᠤ ᠳᠤ ᠬᠦᠴᠢᠷ᠂ ᠡᠷᠦᠢ ᠬᠤᠷᠤᠢ ᠲᠡᠷᠭᠡ ᠵᠣᠭᠰᠣᠭᠠᠬᠤ ᠪᠣᠯᠭᠠᠭᠰᠠᠨ ᠤ ᠴᠢᠬᠤᠯᠠ ᠰᠢᠯᠲᠠᠭᠠᠨ ᠪᠣᠯᠤᠨ᠎ᠠ᠃ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠬᠠᠤᠯᠢ ᠶᠣᠰᠣᠭᠠᠷ ᠣᠷᠣᠨ ᠢᠶᠠᠨ ᠵᠠᠰᠠᠬᠤ ᠶᠢ ᠴᠢᠩᠭᠠᠳᠬᠠᠬᠤ ᠶᠡᠷᠦᠩᠬᠡᠶ ᠱᠠᠭᠠᠷᠳᠠᠯᠭ᠎ᠠ ᠶᠣᠰᠣᠭᠠᠷ᠂ ︽ᠬᠡᠷᠡᠭᠵᠢᠭᠦᠯᠬᠦ ᠲᠥᠰᠦᠯ︾ ᠳᠤ ᠲᠡᠷᠭᠡ ᠵᠣᠭᠰᠣᠭᠠᠬᠤ ᠬᠠᠮᠢᠶᠠᠷᠤᠯᠲᠠ ᠶᠢᠨ ᠬᠠᠤᠯᠢ ᠲᠣᠭᠲᠠᠭᠠᠯ ᠤᠨ ᠲᠣᠭᠲᠠᠯᠴᠠᠭ᠎ᠠ ᠶᠢ ᠪᠦᠷᠢᠨᠰᠢᠭᠦᠯᠬᠦ ᠪᠠᠷ ᠳᠠᠮᠵᠢᠭᠤᠯᠤᠨ᠂ ᠲᠡᠷᠭᠡ ᠵᠣᠭᠰᠣᠭᠠᠬᠤ ᠡᠮᠬᠢ ᠵᠢᠷᠤᠮ ᠢ ᠬᠠᠤᠯᠢ ᠶᠣᠰᠣᠭᠠᠷ ᠵᠢᠷᠤᠮᠵᠢᠭᠤᠯᠵᠤ᠂ ᠬᠠᠤᠯᠢ ᠲᠣᠭᠲᠠᠭᠠᠬᠤ ᠪᠠ ᠬᠠᠤᠯᠢ ᠬᠡᠷᠡᠭᠵᠢᠭᠦᠯᠬᠦ ᠬᠤᠶᠠᠷ ᠲᠠᠯ᠎ᠠ ᠪᠠᠷ ᠬᠠᠤᠯᠢᠵᠢᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ ᠭᠡᠵᠡᠢ᠃

      ᠭᠤᠷᠪᠠ᠂ ᠢᠵᠢ ᠲᠥᠬᠦᠷ ᠠᠷᠭ᠎ᠠ ᠬᠡᠮᠵᠢᠶ᠎ᠡ ᠶᠢᠨ ᠲᠤᠬᠠᠶ

      ᠬᠤᠲᠠ ᠶᠢᠨ ᠲᠡᠷᠭᠡ ᠵᠣᠭᠰᠣᠭᠠᠬᠤ ᠪᠡᠯᠡᠳᠬᠡᠮᠵᠢ ᠲᠣᠭᠲᠠᠯᠴᠠᠭ᠎ᠠ ᠶᠢᠨ ᠲᠡᠭᠦᠯᠳᠡᠷᠵᠢᠭᠰᠡᠨ ᠬᠡᠮᠵᠢᠶ᠎ᠡ ᠪᠣᠯ ᠬᠤᠲᠠ ᠶᠢᠨ ᠵᠠᠮ ᠬᠠᠷᠢᠯᠴᠠᠭᠠᠨ ᠤ ᠬᠥᠭᠵᠢᠯᠲᠡ ᠶᠢᠨ ᠲᠦᠪᠰᠢᠨ ᠢ ᠦᠨᠡᠯᠡᠬᠦ ᠴᠢᠬᠤᠯᠠ ᠭᠦᠢᠴᠡᠳᠬᠡᠯ ᠲᠤᠭ᠎ᠠ ᠶᠢᠨ ᠨᠢᠭᠡ ᠪᠣᠯᠤᠨ᠎ᠠ᠃ ᠮᠠᠨ ᠤ ᠣᠷᠣᠨ ᠤ ᠲᠡᠷᠭᠡ ᠵᠣᠭᠰᠣᠭᠠᠬᠤ ᠪᠡᠯᠡᠳᠬᠡᠮᠵᠢ ᠶᠢᠨ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠬᠤ ᠳᠤ ᠥᠪᠡᠷᠲᠡᠭᠡᠨ ᠵᠠᠰᠠᠬᠤ ᠣᠷᠣᠨ ᠤ ᠲᠠᠰ ᠳᠠᠪᠬᠤᠷᠭ᠎ᠠ ᠶᠢᠨ ᠲᠥᠷᠥ ᠶᠢᠨ ᠪᠣᠳᠣᠯᠭ᠎ᠠ ᠶᠢᠨ ᠲᠣᠭᠲᠠᠴᠠ ᠳᠤ ᠰᠢᠨ᠎ᠡ ᠶᠢ ᠡᠭᠦᠳᠬᠦ ᠶᠢ ᠱᠠᠭᠠᠷᠳᠠᠬᠤ ᠪᠠᠷ ᠪᠠᠷᠠᠬᠤ ᠥᠬᠡᠶ᠂ ᠨᠠᠩ ᠴᠤ ᠬᠤᠲᠠ ᠶᠢᠨ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠪᠡᠯᠡᠳᠬᠡᠮᠵᠢ ᠶᠢ ᠪᠦᠲᠦᠭᠡᠨ ᠪᠠᠶᠢᠭᠤᠯᠬᠤ ᠶᠢ ᠦᠨᠡᠨ ᠬᠦ ᠠᠬᠢᠭᠤᠯᠬᠤ ᠶᠢ ᠱᠠᠭᠠᠷᠳᠠᠵᠤ ᠪᠠᠶᠢᠨ᠎ᠠ᠃ ︽ᠬᠡᠷᠡᠭᠵᠢᠭᠦᠯᠬᠦ ᠲᠥᠰᠦᠯ︾ ᠳᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯ ᠲᠣᠰ ᠭᠠᠵᠠᠷ ᠣᠷᠣᠨ ᠤ ᠲᠡᠷᠭᠡ ᠵᠣᠭᠰᠣᠭᠠᠬᠤ ᠪᠡᠯᠡᠳᠬᠡᠮᠵᠢ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠭᠤᠤᠯ ᠴᠣᠭᠴᠠ ᠪᠠᠶᠢᠵᠤ᠂ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠪᠠᠷ ᠳᠠᠮᠵᠢᠭᠤᠯᠤᠨ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠬᠤᠲᠠ ᠶᠢᠨ ᠲᠡᠷᠭᠡ ᠵᠣᠭᠰᠣᠭᠠᠬᠤ ᠪᠡᠯᠡᠳᠬᠡᠮᠵᠢ ᠶᠢᠨ ᠬᠥᠭᠵᠢᠯᠲᠡ ᠶᠢ ᠬᠦᠴᠦᠲᠡᠶ ᠪᠥᠭᠡᠳ ᠡᠮᠬᠢ ᠵᠢᠷᠤᠮ ᠲᠠᠢ ᠠᠬᠢᠭᠤᠯᠬᠤ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ ᠵᠢᠴᠢ ᠥᠪᠥᠷ ᠮᠣᠩᠭᠤᠯ ᠤᠨ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠶᠡᠷᠦᠩᠬᠡᠶ ᠠᠩᠬᠢ ᠵᠡᠷᠭᠡ ᠬᠤᠯᠪᠣᠭᠳᠠᠯ ᠪᠥᠬᠦᠢ ᠰᠠᠯᠠᠭ᠎ᠠ ᠮᠥᠴᠢᠷ᠂ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠠᠶᠢᠮᠠᠭ ᠬᠤᠳᠠ ᠶᠢ ᠵᠢᠯᠣᠭᠤᠳᠬᠤ ᠪᠠ ᠵᠣᠬᠢᠴᠠᠭᠤᠯᠤᠨ ᠰᠢᠮᠳᠠᠭᠤᠯᠵᠤ ᠪᠠᠶᠢᠭᠠᠳ ᠢᠵᠢ ᠲᠥᠬᠦᠷ ᠲᠥᠷᠥ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠪᠥᠳᠥᠭᠡᠨ ᠪᠠᠶᠢᠭᠤᠯᠤᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠵᠤ᠂ ᠲᠥᠯᠥᠪᠵᠢᠭᠦᠯᠭᠡ ᠶᠢᠨ ᠬᠠᠷᠠᠯᠲᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠲᠣᠳᠣᠷᠬᠠᠢ ᠲᠣᠭᠲᠠᠭᠠᠪᠠ᠃

      ᠲᠡᠷᠭᠡ ᠵᠣᠭᠰᠣᠭᠠᠬᠤ ᠪᠡᠯᠡᠳᠬᠡᠮᠵᠢ ᠶᠢᠨ ᠬᠥᠭᠵᠢᠯᠲᠡ ᠨᠢ ᠨᠡᠶᠢᠭᠡᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠳᠠᠭ᠃ ︽ᠬᠡᠷᠡᠭᠵᠢᠭᠦᠯᠬᠦ ᠲᠥᠰᠦᠯ︾ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠳᠤ ᠨᠡᠶᠢᠭᠡᠮ ᠤᠨ ᠡᠯ᠎ᠡ ᠡᠲᠡᠭᠡᠳ ᠤᠨ ᠥᠷᠭᠡᠨ ᠣᠷᠣᠯᠴᠠᠯᠭ᠎ᠠ ᠪᠠ ᠳᠡᠮᠵᠢᠯᠭᠡ ᠠᠴᠠ ᠰᠠᠯᠵᠤ ᠴᠢᠳᠠᠬᠤ ᠥᠬᠡᠶ ᠶᠤᠮ᠃ ︽ᠬᠡᠷᠡᠭᠵᠢᠭᠦᠯᠬᠦ ᠲᠥᠰᠦᠯ︾ ᠳᠤ ᠭᠤᠷᠪᠠᠨ ᠲᠠᠯ᠎ᠠ ᠪᠠᠷ ᠤᠬᠠᠭᠤᠯᠬᠤ ᠪᠠ ᠬᠥᠲᠥᠯᠦᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠰᠠᠶᠢᠨ ᠰᠠᠶᠢᠬᠠᠨ ᠲᠥᠷᠥ ᠶᠢᠨ ᠪᠣᠳᠣᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠨᠢᠭᠡ ᠳᠤ᠂ ᠡᠯ᠎ᠡ ᠠᠶᠢᠮᠠᠭ ᠬᠤᠲᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠤᠲᠠ ᠶᠢᠨ ᠲᠡᠷᠭᠡ ᠵᠣᠭᠰᠣᠭᠠᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠬᠦ ᠪᠠᠨ ᠴᠢᠩᠭᠠᠳᠬᠠᠵᠤ᠂ ᠬᠤᠲᠠ ᠶᠢᠨ ᠲᠡᠷᠭᠡ ᠵᠣᠭᠰᠣᠭᠠᠬᠤ ᠪᠡᠯᠡᠳᠬᠡᠮᠵᠢ ᠶᠢᠨ ᠦᠨᠳᠦᠰᠦᠨ ᠪᠠᠶᠢᠳᠠᠯ᠂ ᠲᠤᠰᠬᠠᠶ ᠲᠥᠯᠥᠪᠵᠢᠭᠦᠯᠭᠡ᠂ ᠳᠣᠭᠢᠷᠠᠭᠤᠯᠤᠨ ᠪᠠᠶᠢᠭᠤᠯᠬᠤ ᠪᠠ ᠰᠦᠢᠳᠬᠡᠯ ᠬᠤᠷᠢᠶᠠᠬᠤ ᠪᠠᠷᠢᠮᠵᠢᠶ᠎ᠠ ᠵᠡᠷᠭᠡ ᠶᠢ ᠴᠠᠭ ᠲᠤᠬᠠᠶ ᠳᠤ ᠨᠢ ᠨᠡᠶᠢᠭᠡᠮ ᠳᠤ ᠨᠡᠶᠢᠲᠡᠯᠡᠵᠦ᠂ ᠣᠯᠠᠨ ᠨᠡᠶᠢᠲᠡ ᠶᠢ ᠬᠥᠲᠥᠯᠦᠨ ᠵᠢᠯᠣᠭᠤᠳᠴᠤ ᠪᠠᠶᠢᠭᠠᠳ ᠢᠳᠡᠪᠬᠢᠲᠡᠶ ᠣᠷᠣᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠳᠤ ᠪᠠᠨ ᠬᠦᠷᠲᠡᠬᠦ᠂ ᠲᠥᠯᠥᠪᠦᠷᠢ ᠲᠠᠢ ᠪᠠᠷ ᠬᠡᠷᠡᠭᠯᠡᠬᠦ ᠵᠡᠷᠭᠡ ᠦᠵᠡᠯᠲᠡ ᠲᠠᠨᠢᠯᠲᠠ ᠶᠢ ᠪᠣᠶ ᠪᠣᠯᠭᠠᠬᠤ ᠬᠡᠷᠡᠭᠲᠡᠶ᠃ ᠬᠤᠶᠠᠷ ᠲᠤ᠂ ᠵᠠᠮ ᠬᠠᠷᠢᠯᠴᠠᠭᠠᠨ ᠤ ᠪᠣᠯᠪᠠᠰᠤᠨ ᠢ ᠡᠷᠬᠢᠮᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠨᠡᠶᠢᠭᠡᠮ ᠤᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠪᠠ ᠪᠣᠬᠢᠷᠲᠤᠯ ᠥᠬᠡᠶ ᠪᠠᠷ ᠶᠠᠪᠤᠵᠤ ᠰᠠᠭᠤᠬᠤ ᠣᠨᠣᠯᠵᠢᠬᠤᠨ ᠢ ᠰᠠᠨᠠᠭᠠᠴᠢᠯᠠᠵᠤ᠂ ᠬᠤᠲᠠ ᠶᠢᠨ ᠠᠷᠠᠳ ᠤᠨ ᠲᠡᠷᠭᠡᠨ ᠵᠣᠭᠰᠣᠭᠠᠯ ᠢ ᠬᠠᠮᠲᠤ ᠳᠤ ᠪᠠᠨ ᠬᠦᠷᠲᠡᠬᠦ ᠪᠠ ᠪᠣᠯᠪᠠᠰᠤᠨ ᠢᠶᠠᠷ ᠲᠡᠷᠭᠡ ᠵᠣᠭᠰᠣᠭᠠᠬᠤ ᠤᠬᠠᠮᠰᠠᠷ ᠢ ᠴᠢᠩᠭᠠᠳᠬᠠᠬᠤ ᠬᠡᠷᠡᠭᠲᠡᠢ᠃ ᠭᠤᠷᠪᠠ ᠳᠤ᠂ ᠲᠡᠷᠭᠡ ᠵᠣᠭᠰᠣᠭᠠᠬᠤ ᠪᠡᠯᠡᠳᠬᠡᠮᠵᠢ ᠶᠢᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠲᠠᠯ᠎ᠠ ᠶᠢᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠴᠠᠭ ᠲᠤᠬᠠᠢ ᠳᠤ ᠨᠢ ᠳ᠋ᠦᠩᠨᠡᠨ ᠳᠡᠯᠭᠡᠷᠡᠭᠦᠯᠵᠦ᠂ ᠬᠤᠲᠠ ᠶᠢᠨ ᠵᠠᠮ ᠬᠠᠷᠢᠯᠴᠠᠭᠠᠨ ᠤ ᠨᠥᠬᠦᠴᠡᠯ ᠤᠨ ᠦᠷᠭᠦᠯᠵᠢᠯᠡᠨ ᠰᠠᠶᠢᠵᠢᠷᠠᠬᠤ ᠶᠢ ᠬᠠᠮᠲᠤ ᠪᠠᠷ ᠠᠬᠢᠭᠤᠯᠵᠤ᠂ ᠬᠤᠲᠠ ᠶᠢᠨ ᠴᠢᠨᠠᠷᠯᠢᠭ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠳᠤᠷᠠᠳᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ