2021 ᠣᠨ ᠳᠤ ᠬᠥᠯᠥᠨ ᠪᠤᠶᠢᠷ ᠬᠤᠲᠠ ᠶᠢᠨ ᠲᠤᠭᠤᠷᠪᠢᠭᠰᠠᠨ ᠲᠠᠷᠢᠶᠠᠯᠠᠩ ᠮᠠᠯ ᠠᠵᠤ ᠠᠬᠤᠶ ᠶᠢᠨ ᠠᠷᠪᠠᠨ ᠳᠥᠷᠪᠡᠨ ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠡᠨᠡ ᠵᠢᠯ ᠪᠦᠬᠦᠨ ᠢ ᠨᠡᠶᠢᠲᠡᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2021/12/29
      ᠬᠥᠯᠥᠨ ᠪᠤᠶᠢᠷ ᠬᠤᠲᠠ 2021 ᠣᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠠ ᠬᠥᠯᠥᠨ ᠪᠤᠶᠢᠷ ᠬᠤᠲᠠ ᠶᠢᠨ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠲᠡ 14 ᠵᠦᠢᠯ ᠲᠤᠭᠤᠷᠪᠢᠭᠰᠠᠨ ᠪᠥᠭᠡᠳ ᠡᠨᠡ ᠵᠢᠯ ᠪᠦᠬᠦᠨ ᠢ ᠨᠡᠶᠢᠲᠡᠯᠡᠨ ᠬᠡᠷᠡᠭᠵᠢᠭᠦᠯᠪᠡ᠃      ᠡᠭᠦᠨ ᠳᠤ ︽ᠰᠢᠷ᠎ᠠ ᠪᠤᠷᠴᠠᠭ ᠤᠨ ᠭᠠᠷᠤᠯᠲᠠ ᠶᠢᠨ ᠣᠷᠣᠨ ᠤ ᠣᠷᠴᠢᠨ ᠲᠣᠭᠤᠷᠢᠨ︾ ︽ᠬᠥᠯᠥᠨ ᠪᠤᠶᠢᠷ ᠤᠨ ᠰᠢᠷ᠎ᠠ ᠪᠤᠷᠴᠠᠭ ᠤᠨ ᠲᠥᠷᠥᠯ ᠵᠦᠢᠯ ᠢ ᠰᠣᠩᠭᠤᠬᠤ ᠱᠠᠭᠠᠷᠳᠠᠯᠭ᠎ᠠ︾ ︽ᠬᠥᠯᠥᠨ ᠪᠤᠶᠢᠷ ᠤᠨ ᠰᠢᠷ᠎ᠠ ᠪᠤᠷᠴᠠᠭ ᠢ ᠥᠨᠳᠥᠷ ᠪᠦᠲᠦᠮᠵᠢᠲᠡᠶ ᠪᠠᠷ ᠳᠠᠷᠢᠵᠤ ᠪᠤᠶᠢᠵᠢᠭᠤᠯᠬᠤ ᠮᠡᠷᠭᠡᠵᠢᠯ ᠤᠨ ᠲᠦᠷᠢᠮ︾ ︽ᠬᠥᠯᠥᠨ ᠪᠤᠶᠢᠷ ᠤᠨ ᠰᠢᠷ᠎ᠠ ᠪᠤᠷᠴᠠᠭ ᠢ ᠬᠤᠷᠢᠶᠠᠨ ᠬᠠᠳᠠᠭᠠᠯᠠᠬᠤ ᠮᠡᠷᠭᠡᠵᠢᠯ ᠤᠨ ᠵᠢᠷᠤᠮᠵᠢᠯ︾ ︽ᠬᠥᠯᠥᠨ ᠪᠤᠶᠢᠷ ᠤᠨ ᠰᠢᠷ᠎ᠠ ᠪᠤᠷᠴᠠᠭ︾ ᠵᠡᠷᠭᠡ ᠲᠠᠪᠤᠨ ᠵᠦᠢᠯ ᠤᠨ ᠰᠢᠷ᠎ᠠ ᠪᠤᠷᠴᠠᠭ ᠤᠨ ᠠᠵᠤ ᠦᠢᠯᠡᠰ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢ 2021 ᠣᠨ ᠤ 9 ᠳ᠋ᠦ᠋ᠭᠡᠷ ᠰᠠᠷ᠎ᠠ ᠶᠢᠨ 8 ᠤ ᠡᠳᠦᠷ ᠨᠡᠶᠢᠲᠡᠯᠡᠵᠦ᠂ 10 ᠳ᠋ᠤᠭᠠᠷ ᠰᠠᠷ᠎ᠠ ᠶᠢᠨ 8 ᠤ ᠡᠳᠦᠷ ᠠᠴᠠ ᠡᠬᠢᠯᠡᠨ ᠬᠡᠷᠡᠭᠵᠢᠭᠦᠯᠪᠡ᠃      ᠡᠭᠦᠨ ᠠᠴᠠ ᠭᠠᠳᠠᠨ᠎ᠠ ︽ᠥᠨᠳᠥᠷ ᠬᠦᠢᠲᠡᠨ ᠣᠷᠣᠨ ᠤ ᠬᠤᠨᠢ ᠶᠢ ᠬᠥᠮᠦᠨ ᠤ ᠬᠦᠴᠦ ᠪᠠᠷ ᠬᠡᠭᠡᠯᠲᠦᠭᠦᠯᠬᠦ ᠮᠡᠷᠭᠡᠵᠢᠯ ᠤᠨ ᠠᠵᠢᠯᠯᠠᠭᠠᠨ ᠤ ᠲᠦᠷᠢᠮ︾᠂ ︽ᠥᠨᠳᠥᠷ ᠬᠦᠢᠲᠡᠨ ᠣᠷᠣᠨ ᠤ ᠬᠤᠨᠢᠨ ᠤ ᠡᠪᠡᠰᠦ ᠪᠣᠷᠳᠤᠭ᠎ᠠ ᠶᠢ ᠬᠡᠷᠡᠭᠯᠡᠬᠦ ᠮᠡᠷᠭᠡᠵᠢᠯ ᠤᠨ ᠲᠦᠷᠢᠮ︾᠂ ︽ᠥᠨᠳᠥᠷ ᠬᠦᠢᠲᠡᠨ ᠣᠷᠣᠨ ᠤ ᠡᠭᠦᠯᠳᠡᠷ ᠤᠨ ᠬᠤᠨᠢᠨ ᠤ ᠲᠠᠯᠠᠪᠤᠷ ᠤᠨ ᠬᠠᠮᠢᠶᠠᠷᠤᠯᠲᠠ ᠶᠢᠨ ᠵᠢᠷᠤᠮᠵᠢᠯ︾᠂ ︽ᠥᠨᠳᠥᠷ ᠬᠦᠢᠲᠡᠨ ᠣᠷᠣᠨ ᠤ ᠬᠤᠨᠢ ᠶᠢ ᠡᠪᠦᠯ ᠤᠨ ᠤᠯᠠᠷᠢᠯ ᠳᠤ ᠪᠡᠯᠴᠢᠭᠡᠷ ᠰᠢᠯᠵᠢᠭᠦᠯᠬᠦ ᠮᠡᠷᠭᠡᠵᠢᠯ ᠤᠨ ᠲᠦᠷᠢᠮ︾᠂ ︽ᠭᠤᠷᠪᠠᠨ ᠭᠤᠤᠯ ᠤᠨ ᠠᠳᠤᠭᠤᠨ ᠤ ᠲᠦᠷᠭᠡᠨ ᠭᠦᠶᠦᠳᠡᠯ ᠤᠨ ᠰᠤᠷᠭᠠᠯᠲᠠ ᠬᠢᠬᠦ ᠮᠡᠷᠭᠡᠵᠢᠯ ᠤᠨ ᠲᠦᠷᠢᠮ︾᠂ ︽ᠭᠤᠷᠪᠠᠨ ᠭᠤᠤᠯ ᠤᠨ ᠠᠳᠤᠭᠤ ᠲᠡᠵᠢᠭᠡᠨ ᠠᠷᠠᠴᠢᠯᠠᠵᠤ ᠬᠠᠮᠢᠶᠠᠷᠬᠤ ᠮᠡᠷᠭᠡᠵᠢᠯ ᠤᠨ ᠲᠦᠷᠢᠮ ᠤᠨ 1 ᠳ᠋ᠦ᠋ᠭᠡᠷ ᠬᠡᠰᠡᠭ᠄ ᠤᠨᠠᠭ᠎ᠠ︾᠂ ︽ᠭᠤᠷᠪᠠᠨ ᠭᠤᠤᠯ ᠤᠨ ᠠᠳᠤᠭᠤ ᠶᠢ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠮᠡᠷᠭᠡᠵᠢᠯ ᠤᠨ ᠲᠦᠷᠢᠮ ᠤᠨ 2 ᠳ᠋ᠤᠭᠠᠷ ᠬᠡᠰᠡᠭ᠄ ᠪᠤᠶᠢᠵᠢᠭᠤᠯᠤᠭᠰᠠᠨ ᠮᠣᠷᠢ︾᠂ ︽ᠭᠤᠷᠪᠠᠨ ᠭᠤᠤᠯ ᠤᠨ ᠠᠳᠤᠭᠤ ᠶᠢ ᠲᠡᠵᠢᠭᠡᠨ ᠠᠷᠠᠴᠢᠯᠠᠵᠤ ᠬᠠᠮᠢᠶᠠᠷᠬᠤ ᠮᠡᠷᠭᠡᠵᠢᠯ ᠤᠨ ᠲᠦᠷᠢᠮ ᠤᠨ 3 ᠳ᠋ᠤᠭᠠᠷ ᠬᠡᠰᠡᠭ᠄ ᠦᠷᠡᠵᠢᠬᠦ ᠭᠡᠭᠦᠦ︾᠂ ︽ᠣᠯᠭᠤᠶᠠ ᠴᠠ ᠪᠤᠭᠤ︾ ᠵᠡᠷᠭᠡ ᠮᠠᠯ ᠠᠵᠤ ᠠᠬᠤᠶ ᠶᠢᠨ ᠬᠤᠯᠪᠣᠭᠳᠠᠯ ᠪᠥᠬᠦᠶ ᠬᠥᠯᠥᠨ ᠪᠤᠶᠢᠷ ᠬᠤᠲᠠ ᠶᠢᠨ 9 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢ 2021 ᠣᠨ ᠤ 7 ᠳ᠋ᠤᠭᠠᠷ ᠰᠠᠷ᠎ᠠ ᠶᠢᠨ 15 ᠤ ᠡᠳᠦᠷ ᠨᠡᠶᠢᠲᠡᠯᠡᠵᠦ᠂ 10 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ ᠬᠡᠷᠡᠭᠵᠢᠭᠦᠯᠪᠡ᠃      ᠡᠨᠡ ᠵᠢᠯ ᠤᠨ ᠨᠡᠶᠢᠲᠡᠯᠡᠨ ᠬᠡᠷᠡᠭᠵᠢᠭᠦᠯᠦᠭᠰᠡᠨ 14 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠨᠢ ᠰᠢᠷ᠎ᠠ ᠪᠤᠷᠴᠠᠭ ᠤᠨ ᠠᠵᠤ ᠦᠢᠯᠡᠰ᠂ ᠭᠤᠷᠪᠠᠨ ᠭᠤᠤᠯ ᠤᠨ ᠠᠳᠤᠭᠤ᠂ ᠲᠠᠯ᠎ᠠ ᠨᠤᠲᠤᠭ ᠤᠨ ᠣᠬᠤᠷ ᠰᠡᠭᠦᠯᠲᠦ ᠬᠤᠨᠢ᠂ ᠬᠥᠯᠥᠨ ᠪᠤᠶᠢᠷ ᠬᠤᠨᠢ ᠵᠢᠴᠢ ᠮᠠᠨ ᠤ ᠤᠯᠤᠰ ᠤᠨ ᠴᠣᠷ ᠤᠨ ᠭᠠᠭᠴᠠ ᠴᠠ ᠪᠤᠭᠤ ᠶᠢᠨ ᠡᠭᠦᠯᠳᠡᠷ — ᠣᠯᠭᠤᠶᠠ ᠴᠠ ᠪᠤᠭᠤ ᠳᠤ ᠬᠤᠯᠪᠣᠭᠳᠠᠨ᠎ᠠ᠃ ᠡᠲᠡᠭᠡᠷ ᠣᠷᠣᠨ ᠨᠤᠲᠤᠭ ᠤᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠨᠢ ᠰᠢᠷ᠎ᠠ ᠪᠤᠷᠴᠠᠭ ᠤᠨ ᠠᠵᠤ ᠦᠢᠯᠡᠰ ᠤᠨ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠭᠤᠷᠪᠠᠨ ᠭᠤᠤᠯ ᠤᠨ ᠠᠳᠤᠭᠤ ᠶᠢ ᠲᠦᠷᠭᠡᠨ ᠨᠥᠬᠦᠵᠦ ᠰᠤᠷᠭᠠᠬᠤ ᠵᠢᠴᠢ ᠲᠡᠵᠢᠭᠡᠨ ᠠᠷᠠᠴᠢᠯᠠᠬᠤ᠂ ᠥᠨᠳᠥᠷ ᠬᠦᠢᠲᠡᠨ ᠣᠷᠣᠨ ᠤ ᠬᠤᠨᠢ ᠶᠢ ᠲᠡᠵᠢᠭᠡᠨ ᠠᠷᠠᠴᠢᠯᠠᠬᠤ ᠪᠠ ᠦᠷᠡᠵᠢᠭᠦᠯᠬᠦ ᠭᠤᠭᠴᠤᠭ᠎ᠠ ᠶᠢ ᠵᠢᠷᠤᠮᠵᠢᠭᠤᠯᠤᠭᠰᠠᠨ ᠢᠶᠠᠷ ᠪᠠᠷᠠᠬᠤ ᠥᠬᠡᠶ᠂ ᠮᠠᠨ ᠤ ᠤᠯᠤᠰ ᠤᠨ ᠴᠠ ᠪᠤᠭᠤ ᠶᠢᠨ ᠡᠭᠦᠯᠳᠡᠷ ᠤᠨ ᠪᠠᠷᠢᠮᠵᠢᠶ᠎ᠠ ᠶᠢᠨ ᠬᠤᠭᠤᠰᠣᠨ ᠢ ᠨᠥᠬᠦᠪᠥᠷᠢᠯᠡᠭᠰᠡᠨ ᠪᠠᠶᠢᠨ᠎ᠠ᠃ ᠡᠭᠦᠨ ᠤ ᠬᠠᠮᠲᠤ ᠬᠥᠯᠥᠨ ᠪᠤᠶᠢᠷ ᠬᠤᠲᠠ ᠶᠢᠨ ᠰᠢᠷ᠎ᠠ ᠪᠤᠷᠴᠠᠭ᠂ ᠭᠤᠷᠪᠠᠨ ᠭᠤᠤᠯ ᠤᠨ ᠠᠳᠤᠭᠤ᠂ ᠥᠨᠳᠥᠷ ᠬᠦᠢᠲᠡᠨ ᠣᠷᠣᠨ ᠤ ᠬᠤᠨᠢ ᠶᠢ ᠲᠡᠵᠢᠭᠡᠨ ᠦᠷᠡᠵᠢᠭᠦᠯᠵᠦ ᠠᠰᠢᠭᠯᠠᠬᠤ ᠵᠢᠴᠢ ᠮᠠᠨ ᠤ ᠤᠯᠤᠰ ᠤᠨ ᠴᠠ ᠪᠤᠭᠤ ᠶᠢᠨ ᠡᠭᠦᠯᠳᠡᠷ ᠢ ᠬᠠᠮᠠᠭᠠᠯᠠᠬᠤ ᠪᠠ ᠲᠠᠰᠤᠷᠠᠯᠲᠠ ᠥᠬᠡᠶ ᠰᠣᠩᠭᠤᠨ ᠪᠤᠶᠢᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠪᠣᠯᠤᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ