ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/12/3
ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ                          ᠦᠪᠦᠷ ᠵᠠᠰᠠᠭ ᠠᠯᠪᠠᠨ ᠲᠠᠷᠬᠠᠭᠠᠭᠰᠠᠨ ﹇2021﹈ 59 ᠳ᠋ᠦ᠋ᠭᠡᠷ ᠲᠣᠭᠠᠲᠤᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠢᠳᠡᠰᠢᠨ ᠨᠣᠭᠤᠭ᠎ᠠ﹀ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                           2021 ᠣᠨ ᠤ 9 ᠳ᠋ᠦ᠋ᠭᠡᠷ ᠰᠠᠷ᠎ᠠ ᠶᠢᠨ 30  ᠤ ᠡᠳᠦᠷ                           ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ          ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠷᠭ᠎ᠠ      ︽ᠢᠳᠡᠰᠢᠨ ᠨᠣᠭᠤᠭ᠎ᠠ︾ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠤᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠢ ᠨᠢ ᠲᠣᠭᠲᠠᠪᠤᠷᠢᠵᠢᠭᠤᠯᠵᠤ ᠪᠠᠲᠤᠯᠠᠨ ᠬᠠᠩᠭᠠᠬᠤ ᠠᠵᠢᠯ ᠢᠶᠠᠨ ᠦᠨᠡᠨ ᠬᠦ ᠰᠠᠶᠢᠲᠤᠷ ᠬᠢᠵᠦ᠂ ᠠᠷᠠᠳ ᠣᠯᠠᠨ ᠤ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠨ ᠬᠠᠩᠭᠠᠬᠤ ᠶᠢᠨ ᠲᠤᠰᠠᠳᠠ᠂ ︽ ︿ᠢᠳᠡᠰᠢᠨ ᠨᠣᠭᠤᠭ᠎ᠠ﹀ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2017﹈ 1 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠰᠢᠨ᠎ᠡ ᠪᠠᠶᠢᠳᠠᠯ ᠳᠤᠤᠷᠠᠬᠢ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃      ᠨᠢᠭᠡ᠂ ᠰᠢᠯᠭᠠᠨ ᠬᠢᠨᠠᠭᠳᠠᠬᠤ ᠡᠲᠡᠭᠡᠳ      ᠪᠤᠭᠤᠲᠤ ᠬᠤᠲᠠ᠂ ᠬᠥᠯᠥᠨ ᠪᠣᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠳᠠ᠂ ᠣᠷᠳᠣᠰ ᠬᠤᠳᠠ᠂ ᠪᠠᠶᠠᠨᠨᠠᠭᠤᠷ ᠬᠤᠲᠠ᠂ ᠦᠬᠠᠶ ᠬᠤᠳᠠ᠂ ᠠᠯᠠᠱᠠ ᠠᠶᠢᠮᠠᠭ ᠵᠡᠷᠭᠡ 11 ᠠᠶᠢᠮᠠᠭ ᠬᠤᠲᠠ ᠪᠣᠯᠣᠨ᠎ᠠ᠃ ᠲᠥᠷᠥ ᠠᠯᠪᠠᠨ ᠲᠠᠷᠬᠠᠭᠠᠭᠰᠠᠨ ﹇2017﹈ 1 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠬᠥᠬᠡᠬᠤᠲᠠ ᠶᠢᠨ ︽ᠢᠳᠡᠰᠢᠨ ᠨᠣᠭᠤᠭ᠎ᠠ︾ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ᠲᠦᠷᠦᠭᠦᠯᠡᠵᠦ ᠪᠠᠶᠢᠭ᠎ᠠ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠠᠴᠠ ᠰᠢᠯᠭᠠᠨ ᠬᠢᠨᠠᠬᠤ ᠶᠢ ᠬᠠᠷᠢᠭᠤᠴᠠᠨ᠎ᠠ᠃      ᠬᠤᠶᠠᠷ᠂ ᠰᠢᠯᠭᠠᠨ ᠬᠢᠨᠠᠬᠤ ᠵᠣᠬᠢᠶᠠᠨ ᠪᠠᠶᠢᠭᠤᠯᠤᠯᠲᠠ ᠵᠢᠴᠢ ᠦᠶᠡᠯᠡᠯ      ︵ᠨᠢᠭᠡ︶ ᠰᠢᠯᠭᠠᠨ ᠬᠢᠨᠠᠬᠤ ᠵᠣᠬᠢᠶᠠᠨ ᠪᠠᠶᠢᠭᠤᠯᠤᠯᠲᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠤᠭ᠎ᠠ ᠪᠦᠷᠢᠳᠬᠡᠯ ᠤᠨ ᠲᠣᠪᠴᠢᠶ᠎ᠠ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠨᠢᠭᠡᠴᠢ ᠲᠠᠢ ᠬᠠᠮᠲᠤᠷᠠᠯᠴᠠᠨ᠂ 11 ᠠᠶᠢᠮᠠᠭ ᠬᠤᠲᠠ ᠶᠢᠨ ᠬᠤᠲᠠ ᠶᠢᠨ ᠳᠠᠷᠤᠭ᠎ᠠ ᠶᠢᠨ ︽ᠢᠳᠡᠰᠢᠨ ᠨᠣᠭᠤᠭ᠎ᠠ︾ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠢᠯᠭᠠᠨ ᠬᠢᠨᠠᠬᠤ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠬᠡᠷ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠪᠠᠶᠢᠷᠢᠯᠠᠭᠤᠯᠤᠨ᠎ᠠ᠃      ︵ᠬᠤᠶᠠᠷ︶ ᠰᠢᠯᠭᠠᠨ ᠬᠢᠨᠠᠬᠤ ᠦᠶᠡᠯᠡᠯ᠃ ︽ᠢᠳᠡᠰᠢᠨ ᠨᠣᠭᠤᠭ᠎ᠠ︾ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠵᠢᠯ ᠢ ᠬᠤᠶᠠᠷ ᠵᠢᠯ ᠳᠤ ᠨᠢᠭᠡ ᠤᠳᠠᠭ᠎ᠠ ᠥᠷᠨᠢᠭᠦᠯᠦᠨ᠎ᠡ᠃      ᠭᠤᠷᠪᠠ᠂ ᠰᠢᠯᠭᠠᠨ ᠬᠢᠨᠠᠬᠤ ᠠᠭᠤᠯᠭ᠎ᠠ      ︵ᠨᠢᠭᠡ︶ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠳᠠᠪᠤᠷᠢ᠃ ᠢᠳᠡᠰᠢᠨ ᠨᠣᠭᠤᠭ᠎ᠠ ᠶᠢᠨ ᠵᠢᠯ ᠤᠨ ᠲᠠᠷᠢᠬᠤ ᠲᠠᠯᠠᠪᠠᠶ᠂ ᠤᠨᠠᠯᠲᠠ ᠪᠠ ᠮᠢᠬᠠᠨ ᠤ ᠲᠥᠷᠥᠯ ᠤᠨ ᠭᠠᠷᠤᠯᠲᠠ ᠵᠡᠷᠭᠡ ᠪᠠᠶᠢᠳᠠᠯ ᠢ ᠬᠢᠨᠠᠨ ᠰᠢᠯᠭᠠᠬᠤ ᠬᠡᠷᠡᠭᠲᠡᠶ᠃ ︵ᠲᠦᠷᠦᠭᠦᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ︶      ︵ᠬᠤᠶᠠᠷ︶ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠭᠦᠢᠯᠭᠡᠭᠡᠨ ᠤ ᠴᠢᠳᠠᠪᠤᠷᠢ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ ᠪᠦᠲᠦᠭᠡᠨ ᠪᠠᠶᠢᠭᠤᠯᠤᠯᠲᠠ᠂ ᠠᠵᠢᠯᠯᠠᠭᠠᠨ᠂ ᠵᠢᠵᠢᠭᠯᠡᠨ ᠬᠤᠳᠠᠯᠳᠤᠬᠤ ᠲᠣᠣᠷ ᠴᠡᠭ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠬᠢᠨᠠᠨ ᠰᠢᠯᠭᠠᠬᠤ ᠬᠡᠷᠡᠭᠲᠡᠶ᠃ ︵ᠲᠦᠷᠦᠭᠦᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶      ︵ᠭᠤᠷᠪᠠ︶ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠶᠠᠰᠤ ᠴᠢᠨᠠᠷ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ᠃      1. ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠠᠮᠤᠷ ᠲᠦᠪᠰᠢᠨ ᠤ ᠬᠠᠷᠢᠶᠠᠯᠠᠭᠳᠠᠬᠤ ᠭᠠᠵᠠᠷ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ᠂ ᠪᠠᠷᠢᠮᠵᠢᠶᠠᠵᠢᠭᠰᠠᠨ ᠦᠢᠯᠡᠳᠪᠦᠷᠢᠯᠡᠯ᠂ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠶᠠᠰᠤ ᠴᠢᠨᠠᠷ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭᠠᠨ ᠤ ᠴᠢᠳᠠᠪᠤᠷᠢ ᠶᠢᠨ ᠪᠠᠶᠢᠭᠤᠯᠤᠯᠲᠠ ᠪᠠ ᠶᠠᠰᠤ ᠴᠢᠨᠠᠷ ᠠᠮᠤᠷ ᠲᠦᠪᠰᠢᠨ ᠤ ᠬᠢᠷᠢ ᠲᠦᠪᠰᠢᠨ ᠢᠶᠠᠨ ᠠᠬᠢᠭᠤᠯᠤᠭᠰᠠᠨ ᠵᠡᠷᠭᠡ ᠪᠠᠶᠢᠳᠠᠯ ᠢ ᠰᠢᠯᠭᠠᠨ ᠬᠢᠨᠠᠬᠤ ᠬᠡᠷᠡᠭᠲᠡᠢ᠃ ︵ᠲᠦᠷᠦᠭᠦᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶      2. ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠮᠥᠷᠳᠡᠨ ᠤᠬᠤᠴᠢᠯᠠᠬᠤ ᠲᠣᠭᠲᠠᠯᠴᠠᠭᠠᠨ ᠤ ᠪᠠᠶᠢᠭᠤᠯᠤᠯᠲᠠ ᠵᠡᠷᠭᠡ ᠪᠠᠶᠢᠳᠠᠯ ᠢ ᠰᠢᠯᠭᠠᠨ ᠬᠢᠨᠠᠬᠤ ᠬᠡᠷᠡᠭᠲᠡᠶ᠃ ︵ᠲᠦᠷᠦᠭᠦᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶      ︵ᠳᠥᠷᠪᠡ︶ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠲᠣᠬᠢᠷᠠᠭᠤᠯᠤᠨ ᠡᠵᠡᠮᠳᠡᠬᠦ ᠪᠠᠲᠤᠯᠠᠭ᠎ᠠ ᠶᠢᠨ ᠴᠢᠳᠠᠪᠤᠷᠢ᠃      1. ᠦᠢᠯᠡᠳᠪᠦᠷᠢᠯᠡᠯ ᠢ ᠲᠡᠳᠬᠦᠨ ᠳᠡᠮᠵᠢᠵᠦ ᠲᠣᠬᠢᠷᠠᠭᠤᠯᠤᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠪᠠᠶᠢᠭᠤᠯᠤᠯᠲᠠ᠂ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠮᠡᠷᠭᠡᠵᠢᠯ ᠳᠡᠯᠭᠡᠷᠡᠭᠦᠯᠬᠦ᠂ ᠥᠨᠳᠥᠷ ᠬᠡᠪ ᠴᠢᠨᠠᠷ ᠪᠦᠬᠦᠢ ᠮᠠᠯᠴᠢᠨ ᠲᠠᠷᠢᠶᠠᠴᠢᠨ ᠢ ᠬᠥᠮᠥᠵᠢᠭᠦᠯᠬᠦ ᠵᠡᠷᠭᠡ ᠪᠠᠶᠢᠳᠠᠯ ᠢ ᠰᠢᠯᠭᠠᠨ ᠬᠢᠨᠠᠬᠤ ᠬᠡᠷᠡᠭᠲᠡᠶ᠃ ︵ᠲᠦᠷᠦᠭᠦᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      2. ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠵᠤ ᠲᠣᠬᠢᠷᠠᠭᠤᠯᠤᠨ ᠡᠵᠡᠮᠳᠡᠬᠦ ᠪᠡᠯᠡᠳᠬᠡᠯ ᠲᠥᠰᠦᠯ ᠲᠣᠭᠲᠠᠭᠠᠭᠰᠠᠨ ᠵᠡᠷᠭᠡ ᠪᠠᠶᠢᠳᠠᠯ ᠢ ᠰᠢᠯᠭᠠᠨ ᠬᠢᠨᠠᠬᠤ ᠬᠡᠷᠡᠭᠲᠡᠶ᠃ ︵ᠲᠦᠷᠦᠭᠦᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ︶      3. ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠲᠣᠬᠢᠷᠠᠭᠤᠯᠤᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠪᠠᠶᠢᠭᠤᠯᠤᠯᠲᠠ᠂ ᠬᠡᠷᠡᠭᠯᠡᠭᠡ ᠶᠢᠨ ᠨᠡᠮᠡᠭᠦᠷᠢ ᠶᠢᠨ ᠲᠥᠷᠥ ᠶᠢᠨ ᠪᠣᠳᠣᠯᠭ᠎ᠠ᠂ ᠦᠨ᠎ᠡ ᠬᠠᠩᠰᠢ ᠶᠢᠨ ᠲᠣᠬᠢᠷᠠᠭᠤᠯᠤᠨ ᠡᠵᠡᠮᠳᠡᠬᠦ᠂ ᠴᠢᠬᠤᠯᠠ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠨᠥᠭᠡᠴᠡᠯᠡᠬᠦ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠠᠮᠢᠶᠠᠷᠤᠯᠲᠠ ᠶᠢᠨ ᠲᠣᠭᠲᠠᠯᠴᠠᠭᠠᠨ ᠤ ᠪᠠᠶᠢᠭᠤᠯᠤᠯᠲᠠ᠂ ᠮᠡᠳᠡᠭᠡ ᠵᠠᠩᠭᠢ ᠶᠢᠨ ᠬᠢᠨᠠᠨ ᠰᠢᠨᠵᠢᠵᠦ ᠰᠡᠷᠡᠮᠵᠢᠯᠡᠭᠦᠯᠬᠦ ᠬᠢᠭᠡᠳ ᠨᠡᠶᠢᠲᠡᠯᠡᠬᠦ ᠲᠠᠪᠴᠠᠩ ᠤᠨ ᠪᠠᠶᠢᠭᠤᠯᠤᠯᠲᠠ ᠵᠡᠷᠭᠡ ᠶᠢ ᠰᠢᠯᠭᠠᠨ ᠬᠢᠨᠠᠬᠤ ᠬᠡᠷᠡᠭᠲᠡᠢ᠃ ︵ᠲᠦᠷᠦᠭᠦᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠲᠠᠪᠤ︶ ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠬᠤᠲᠠ ᠶᠢᠨ ᠠᠷᠠᠳ ᠤᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠬᠦᠨ ᠨᠢᠭᠡᠴᠢ︶      ᠰᠢᠯᠭᠠᠨ ᠬᠢᠨᠠᠬᠤ ᠳᠤ ᠬᠤᠯᠪᠣᠭᠳᠠᠭᠰᠠᠨ ᠬᠤᠯᠪᠣᠭᠳᠠᠯ ᠪᠥᠬᠦᠶ ᠲᠤᠭ᠎ᠠ ᠪᠠᠷᠢᠮᠲᠠ ᠶᠢ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠂ ᠪᠦᠷᠢᠳᠬᠡᠭᠰᠡᠨ ᠥᠬᠡᠶ ᠲᠤᠭ᠎ᠠ ᠪᠠᠷᠢᠮᠲᠠ ᠶᠢ ᠪᠣᠯ᠂ ᠡᠯ᠎ᠡ ᠬᠠᠮᠢᠶ᠎ᠠ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠮᠠᠭᠠᠳᠯᠠᠨ ᠲᠣᠭᠲᠠᠭᠠᠭᠰᠠᠨ ᠲᠤᠭ᠎ᠠ ᠪᠠᠷᠢᠮᠲᠠ  ᠪᠠᠷ ᠪᠠᠷᠢᠮᠵᠢᠶ᠎ᠠ ᠪᠣᠯᠭᠠᠨ᠎ᠠ᠃      ᠳᠥᠷᠪᠡ᠂ ᠰᠢᠯᠭᠠᠵᠤ ᠬᠢᠨᠠᠭᠰᠠᠨ ᠦᠷ᠎ᠡ ᠳ᠋ᠦᠩ ᠤᠨ ᠦᠨᠡᠯᠡᠨ ᠲᠣᠭᠲᠠᠭᠠᠯᠲᠠ      ᠰᠢᠯᠭᠠᠨ ᠬᠢᠨᠠᠬᠤ ᠳᠤ ᠬᠤᠪᠢ ᠲᠣᠭᠲᠠᠭᠠᠬᠤ ᠳᠦᠷᠢᠮ ᠢ ᠬᠡᠷᠡᠭᠯᠡᠵᠦ᠂ ᠪᠦᠷᠢᠨ ᠬᠤᠪᠢ ᠨᠢ 100 ᠬᠤᠪᠢ ᠪᠣᠯᠤᠨ᠎ᠠ᠃ ᠰᠢᠯᠭᠠᠵᠤ ᠬᠢᠨᠠᠭᠰᠠᠨ ᠦᠷ᠎ᠡ ᠳ᠋ᠦᠩ ᠢ ᠰᠢᠯᠢᠳᠡᠭ᠂ ᠰᠠᠶᠢᠨ᠂ ᠬᠢᠷᠢ ᠲᠡᠩᠴᠡᠭᠰᠡᠨ᠂ ᠬᠢᠷᠢ ᠲᠡᠩᠴᠡᠭᠰᠡᠨ ᠥᠬᠡᠶ ᠭᠡᠵᠦ ᠳᠥᠷᠪᠡᠨ ᠵᠡᠷᠭᠡ ᠳᠡᠰ ᠲᠤ ᠬᠤᠪᠢᠶᠠᠨ᠎ᠠ᠃      ︵ᠨᠢᠭᠡ︶ ᠰᠢᠯᠭᠠᠨ ᠬᠢᠨᠠᠬᠤ ᠳᠤ ᠣᠯᠤᠭᠰᠠᠨ ᠬᠤᠪᠢ ᠨᠢ 90 ᠬᠤᠪᠢ ᠠᠴᠠ ᠳᠡᠭᠡᠭᠰᠢ ᠪᠣᠯ ᠰᠢᠯᠢᠳᠡᠭ᠃      ︵ᠬᠤᠶᠠᠷ︶ ᠰᠢᠯᠭᠠᠨ ᠬᠢᠨᠠᠬᠤ ᠳᠤ ᠣᠯᠤᠭᠰᠠᠨ ᠬᠤᠪᠢ ᠨᠢ 75 ᠬᠤᠪᠢ ᠠᠴᠠ ᠳᠡᠭᠡᠭᠰᠢ 90 ᠬᠤᠪᠢ ᠠᠴᠠ ᠳᠣᠷᠣᠭᠰᠢ ᠪᠣᠯ ᠰᠠᠶᠢᠨ᠃      ︵ᠭᠤᠷᠪᠠ︶ ᠰᠢᠯᠭᠠᠨ ᠬᠢᠨᠠᠬᠤ ᠳᠤ ᠣᠯᠤᠭᠰᠠᠨ ᠬᠤᠪᠢ ᠨᠢ 60 ᠬᠤᠪᠢ ᠠᠴᠠ ᠳᠡᠭᠡᠭᠰᠢ 75 ᠬᠤᠪᠢ ᠠᠴᠠ ᠳᠣᠷᠣᠭᠰᠢ ᠪᠣᠯ ᠬᠢᠷᠢ ᠲᠡᠩᠴᠡᠭᠰᠡᠨ ᠳᠤ ᠲᠣᠭᠠᠴᠠᠭᠳᠠᠨ᠎ᠠ᠃      ︵ᠳᠥᠷᠪᠡ︶ ᠰᠢᠯᠭᠠᠨ ᠬᠢᠨᠠᠬᠤ ᠳᠤ ᠣᠯᠤᠭᠰᠠᠨ ᠬᠤᠪᠢ ᠨᠢ 60 ᠬᠤᠪᠢ ᠠᠴᠠ ᠳᠣᠷᠣᠭᠰᠢ ᠪᠣᠯ ᠬᠢᠷᠢ ᠲᠡᠩᠴᠡᠭᠰᠡᠨ ᠦᠭᠡᠶ ᠳᠤ ᠲᠣᠭᠠᠴᠠᠭᠳᠠᠨ᠎ᠠ᠃      ᠰᠢᠯᠭᠠᠨ ᠬᠢᠨᠠᠬᠤ ᠳᠤ ᠣᠯᠤᠭᠰᠠᠨ ᠬᠤᠪᠢ ᠨᠢ ︽ ᠬᠡᠳᠦᠢ ᠬᠡᠳᠦᠢ ᠬᠤᠪᠢ ᠠᠴᠠ ᠳᠡᠭᠡᠭᠰᠢ︾ ᠭᠡᠳᠡᠭ ᠨᠢ ᠲᠡᠷᠡ ᠬᠦ ᠬᠤᠪᠢ ᠶᠢᠨ ᠲᠤᠭ᠎ᠠ ᠶᠢ ᠪᠠᠭᠲᠠᠭᠠᠨ᠎ᠠ᠂ ︽ᠬᠡᠳᠦᠢ ᠬᠡᠳᠦᠢ ᠬᠤᠪᠢ ᠠᠴᠠ ᠳᠣᠷᠣᠭᠰᠢ︾ ᠭᠡᠪᠡᠯ ᠲᠡᠷᠡ ᠬᠦ ᠬᠤᠪᠢ ᠶᠢᠨ ᠲᠤᠭ᠎ᠠ ᠨᠢ ᠪᠠᠭᠲᠠᠬᠤ ᠦᠭᠡᠶ᠃      ︵ᠲᠠᠪᠤ︶ ᠰᠢᠯᠭᠠᠨ ᠬᠢᠨᠠᠬᠤ ᠬᠤᠭᠤᠴᠠᠭᠠᠨ ᠳᠤ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠭᠠᠷᠪᠠᠯ᠂ ᠬᠢᠷᠢ ᠲᠡᠩᠴᠡᠭᠰᠡᠨ ᠦᠭᠡᠢ ᠭᠡᠬᠦ ᠰᠢᠯᠭᠠᠵᠤ ᠬᠢᠨᠠᠭᠰᠠᠨ ᠦᠷ᠎ᠡ ᠳ᠋ᠦᠩ ᠲᠠᠢ ᠪᠣᠯᠣᠨ᠎ᠠ᠃      ᠲᠠᠪᠤ᠂ ᠰᠢᠯᠭᠠᠨ ᠬᠢᠨᠠᠬᠤ ᠠᠯᠬᠤᠮ ᠳᠠᠷᠠᠭ᠎ᠠ      ︵ᠨᠢᠭᠡ︶ ᠥᠪᠡᠰᠦᠪᠡᠨ ᠦᠨᠡᠯᠡᠬᠦ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠣᠰ ᠠᠷᠭ᠎ᠠ ᠪᠠ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠲᠣᠰ ᠠᠶᠢᠮᠠᠭ ᠬᠤᠲᠠ ᠶᠢᠨ ᠰᠢᠯᠭᠠᠨ ᠬᠢᠨᠠᠬᠤ ᠬᠤᠭᠤᠴᠠᠭᠠᠨ ᠲᠠᠬᠢ ︽ᠢᠳᠡᠰᠢᠨ ᠨᠣᠭᠤᠭ᠎ᠠ︾ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠥᠬᠦ ᠲᠠᠯ᠎ᠠ ᠪᠠᠷ ᠳ᠋ᠦᠩᠨᠡᠯᠲᠡ ᠬᠢᠬᠦ ᠪᠠ ᠥᠪᠡᠰᠦᠪᠡᠨ ᠦᠨᠡᠯᠡᠵᠦ ᠬᠤᠪᠢ ᠲᠣᠭᠲᠠᠭᠠᠨ᠂ ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠶᠢ ᠪᠢᠴᠢᠵᠦ᠂ ᠳᠠᠷᠠᠭ᠎ᠠ ᠵᠢᠯ ᠤᠨ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠮᠡᠳᠡᠭᠦᠯᠦᠯᠲᠡ ᠪᠠ ᠭᠡᠷᠡᠴᠢ ᠪᠣᠯᠭᠠᠬᠤ ᠮᠠᠲ᠋ᠧᠷᠢᠶᠠᠯ ᠢᠶᠠᠨ ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠬᠡᠷ ᠲᠤ ᠮᠡᠳᠡᠭᠦᠯᠦᠨ ᠬᠦᠷᠭᠡᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠪᠤᠰᠤᠳ ᠪᠦᠷᠢᠯᠳᠦᠬᠦᠨ ᠨᠢᠭᠡᠴᠢ ᠳᠤ ᠬᠠᠭᠤᠯᠤᠨ ᠢᠯᠡᠭᠡᠬᠦ ᠬᠡᠷᠡᠭᠲᠡᠢ᠃      ︵ᠬᠤᠶᠠᠷ︶ ᠰᠠᠯᠠᠭ᠎ᠠ ᠮᠥᠴᠢᠷ ᠠᠴᠠ ᠰᠢᠯᠭᠠᠷᠠᠭᠤᠯᠤᠨ ᠬᠢᠨᠠᠬᠤ᠃ ᠡᠯ᠎ᠡ ᠲᠦᠷᠦᠭᠦᠯᠡᠬᠦ ᠰᠠᠯᠠᠭ᠎ᠠ ᠮᠥᠴᠢᠷ ᠨᠢ ᠬᠠᠮᠵᠢᠯᠴᠠᠬᠤ ᠰᠠᠯᠠᠭ᠎ᠠ ᠮᠥᠴᠢᠷ ᠪᠠ ᠨᠢᠭᠡᠴᠢ  ᠲᠠᠢ ᠬᠠᠮᠲᠤᠷᠠᠯᠴᠠᠨ᠂ ᠲᠣᠰ ᠠᠷᠭ᠎ᠠ ᠪᠠ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠭᠰᠠᠨ ᠪᠠᠶᠢᠳᠠᠯ ᠲᠠᠢ ᠤᠶᠠᠯᠳᠤᠭᠤᠯᠵᠤ᠂ ᠰᠢᠯᠭᠠᠨ ᠬᠢᠨᠠᠬᠤ ᠬᠤᠭᠤᠴᠠᠭᠠᠨ ᠲᠠᠬᠢ ᠡᠯ᠎ᠡ ᠠᠶᠢᠮᠠᠭ ᠬᠤᠲᠠ ᠶᠢᠨ ︽ᠢᠳᠡᠰᠢᠨ ᠨᠣᠭᠤᠭ᠎ᠠ︾ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠶᠢᠨ ᠬᠤᠯᠪᠣᠭᠳᠠᠯ ᠪᠥᠬᠦᠶ ᠠᠭᠤᠯᠭ᠎ᠠ ᠶᠢ ᠨᠢ ᠰᠢᠯᠭᠠᠨ ᠬᠢᠨᠠᠵᠤ ᠦᠨᠡᠯᠡᠨ᠂ ᠪᠢᠴᠢᠭᠰᠡᠨ ᠰᠠᠨᠠᠯ ᠢᠶᠠᠨ ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠬᠡᠷ ᠲᠤ ᠮᠡᠳᠡᠭᠦᠯᠦᠨ ᠬᠦᠷᠭᠡᠬᠦ ᠬᠡᠷᠡᠭᠲᠡᠢ᠃      ︵ᠭᠤᠷᠪᠠ︶ ᠰᠤᠭᠤᠴᠢᠨ ᠪᠠᠶᠢᠴᠠᠭᠠᠬᠤ ᠶᠢ ᠵᠣᠬᠢᠶᠠᠨ ᠪᠠᠶᠢᠭᠤᠯᠬᠤ᠃ ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠬᠦᠨ ᠨᠢᠭᠡᠴᠢ ᠨᠢ ᠡᠯ᠎ᠡ ᠠᠶᠢᠮᠠᠭ ᠬᠤᠲᠠ ᠶᠢᠨ ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠪᠠ ᠡᠯ᠎ᠡ ᠲᠦᠷᠦᠭᠦᠯᠡᠬᠦ ᠰᠠᠯᠠᠭ᠎ᠠ ᠮᠥᠴᠢᠷ ᠤᠨ ᠪᠢᠴᠢᠭᠰᠡᠨ ᠰᠠᠨᠠᠯ ᠢ ᠦᠨᠳᠦᠰᠦᠯᠡᠨ᠂ 20%  ᠠᠴᠠ ᠪᠠᠭ᠎ᠠ ᠪᠠᠶᠢᠯᠭᠠᠬᠤ ᠥᠬᠡᠶ ᠬᠠᠷᠢᠴᠠᠯ ᠢᠶᠠᠷ ᠰᠤᠭᠤᠴᠢᠨ ᠪᠠᠶᠢᠴᠠᠭᠠᠯᠭᠠᠬᠤ ᠠᠶᠢᠮᠠᠭ ᠬᠤᠲᠠ ᠶᠢ ᠲᠣᠭᠲᠠᠭᠠᠵᠤ᠂ ᠬᠤᠯᠪᠣᠭᠠᠯᠠᠵᠤ ᠰᠤᠭᠤᠴᠢᠨ ᠪᠠᠶᠢᠴᠠᠭᠠᠬᠤ ᠳᠤᠭᠤᠶᠢᠯᠠᠩ ᠢ ᠪᠦᠷᠢᠯᠳᠦᠭᠦᠯᠵᠦ ᠪᠣᠳᠠᠲᠤ ᠭᠠᠵᠠᠷ ᠲᠤ ᠨᠢ ᠬᠦᠷᠴᠦ ᠰᠢᠯᠭᠠᠨ ᠬᠢᠨᠠᠬᠤ ᠬᠡᠷᠡᠭᠲᠡᠶ᠃      ︵ᠳᠥᠷᠪᠡ︶ ᠶᠡᠷᠦᠩᠬᠡᠶ ᠳᠤ ᠨᠢ ᠦᠨᠡᠯᠡᠨ ᠲᠣᠭᠲᠠᠭᠠᠬᠤ᠃ ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠬᠡᠷ ᠨᠢ ᠬᠤᠯᠪᠣᠭᠳᠠᠯ ᠪᠥᠬᠦᠶ ᠨᠢᠭᠡᠴᠢ ᠶᠢᠨ ᠰᠢᠯᠭᠠᠷᠠᠭᠤᠯᠵᠤ ᠬᠢᠨᠠᠭᠰᠠᠨ ᠪᠠ ᠰᠤᠭᠤᠴᠢᠵᠤ ᠪᠠᠶᠢᠴᠠᠭᠠᠭᠰᠠᠨ ᠪᠠᠶᠢᠳᠠᠯ ᠢ ᠬᠤᠷᠢᠶᠠᠩᠭᠤᠶᠢᠯᠠᠨ᠂ ᠬᠠᠮᠲᠤᠷᠠᠭᠰᠠᠨ ᠬᠤᠷᠠᠯ ᠳᠤ ᠮᠡᠳᠡᠭᠦᠯᠦᠨ ᠶᠡᠷᠦᠩᠬᠡᠶ ᠳᠤ ᠨᠢ ᠦᠨᠡᠯᠡᠯᠲᠡ ᠬᠢᠵᠦ᠂ ᠰᠢᠯᠭᠠᠵᠤ ᠬᠢᠨᠠᠭᠰᠠᠨ ᠦᠷ᠎ᠡ ᠳ᠋ᠦᠩ ᠤᠨ ᠵᠡᠷᠭᠡ ᠳᠡᠰ ᠢ ᠲᠣᠭᠲᠠᠭᠠᠭᠠᠳ ᠰᠢᠯᠭᠠᠵᠤ ᠬᠢᠨᠠᠭᠰᠠᠨ ᠲᠣᠰ ᠵᠢᠯ ᠤᠨ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠲᠣᠭᠲᠠᠭᠠᠯᠭᠠᠬᠤ ᠬᠡᠷᠡᠭᠲᠡᠶ᠃      ︵ᠲᠠᠪᠤ︶ ᠦᠷ᠎ᠡ ᠳ᠋ᠦᠩ ᠢ ᠨᠢ ᠬᠠᠷᠢᠭᠤ ᠲᠤᠰᠬᠠᠬᠤ᠃ ᠰᠢᠯᠭᠠᠵᠤ ᠬᠢᠨᠠᠭᠰᠠᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ  ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠬᠠᠮᠲᠤᠷᠠᠭᠰᠠᠨ ᠬᠤᠷᠠᠯ ᠠᠴᠠ ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ  ᠤᠨ ᠣᠷᠳᠣᠨ ᠳᠤ ᠬᠠᠷᠢᠭᠤ ᠲᠤᠰᠬᠠᠬᠤ ᠬᠡᠷᠡᠭᠲᠡᠶ᠃      ᠵᠢᠷᠭᠤᠭ᠎ᠠ᠂ ᠰᠢᠯᠭᠠᠵᠣ ᠬᠢᠨᠠᠭᠰᠠᠨ ᠦᠷ᠎ᠡ ᠳ᠋ᠦᠩ ᠤᠨ ᠬᠡᠷᠩᠯᠡᠯᠳᠡ      ︵ᠨᠢᠭᠡ︶ ︽ᠰᠢᠯᠢᠳᠡᠭ︾ ᠢᠶᠠᠷ ᠦᠨᠡᠯᠡᠨ ᠲᠣᠭᠳᠠᠭᠠᠭᠳᠠᠭᠰᠠᠨ ᠠᠶᠢᠮᠠᠭ ᠬᠤᠲᠠ ᠶᠢ ᠰᠠᠶᠢᠰᠢᠶᠠᠨ ᠬᠥᠬᠢᠭᠦᠯᠵᠦ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠨᠢᠭᠡᠴᠢ ᠨᠢ ︽ᠢᠳᠡᠰᠢᠨ ᠨᠣᠭᠤᠭ᠎ᠠ︾ ᠶᠢᠨ ᠲᠥᠷᠥᠯ ᠵᠦᠢᠯ ᠤᠨ ᠪᠠᠯᠠ ᠮᠥᠩᠭᠦᠨ ᠤ ᠲᠣᠬᠢᠷᠠᠭᠤᠯᠤᠯᠲᠠ ᠪᠠ ᠲᠤᠰᠬᠠᠶ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠤᠷᠢᠳ ᠢᠶᠠᠷ ᠪᠣᠳᠣᠯᠬᠢᠯᠠᠬᠤ ᠬᠡᠷᠡᠭᠲᠡᠶ᠃       ︵ᠬᠤᠶᠠᠷ︶ ︽ᠬᠢᠷᠢ ᠲᠡᠩᠴᠡᠭᠰᠡᠨ ᠦᠭᠡᠶ︾ ᠪᠠᠷ ᠦᠨᠡᠯᠡᠨ ᠲᠣᠭᠲᠠᠭᠠᠭᠳᠠᠭᠰᠠᠨ ᠠᠶᠢᠮᠠᠭ ᠬᠤᠲᠠ ᠨᠢ ᠰᠢᠯᠭᠠᠵᠤ ᠬᠢᠨᠠᠭᠰᠠᠨ ᠦᠷ᠎ᠡ ᠳ᠋ᠦᠩ ᠢ ᠨᠡᠪᠲᠡᠷᠡᠭᠦᠯᠦᠨ ᠮᠡᠳᠡᠭᠡᠯᠡᠭᠰᠡᠨ ᠤ ᠳᠠᠷᠠᠭᠠᠬᠢ 30 ᠠᠵᠢᠯᠯᠠᠬᠤ ᠡᠳᠦᠷ ᠤᠨ ᠳᠣᠲᠣᠷ᠎ᠠ᠂ ᠴᠡᠭᠴᠡᠯᠡᠨ ᠰᠠᠶ᠋ᠢᠵᠢᠷᠠᠭᠤᠯᠬᠤ ᠲᠥᠰᠦᠯ ᠢᠶᠠᠨ ᠳᠤᠷᠠᠳᠴᠤ ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠮᠡᠳᠡᠭᠦᠯᠦᠨ᠂ 3 ᠰᠠᠷ᠎ᠠ ᠶᠢᠨ ᠳᠣᠲᠣᠷ᠎ᠠ ᠴᠡᠭᠴᠡᠯᠡᠵᠦ ᠰᠠᠶᠢᠵᠢᠷᠠᠭᠤᠯᠤᠭᠰᠠᠨ ᠦᠷ᠎ᠡ ᠳ᠋ᠦᠩ ᠢᠶᠠᠨ ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠮᠡᠳᠡᠭᠦᠯᠬᠦ ᠬᠡᠷᠡᠭᠲᠡᠶ᠃      ︵ᠭᠤᠷᠪᠠ︶ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠪᠤᠰᠤᠳ ᠪᠦᠷᠢᠯᠳᠦᠬᠦᠨ ᠨᠢᠭᠡᠴᠢ ᠲᠠᠢ ᠬᠠᠮᠲᠤᠷᠠᠯᠴᠠᠨ ᠪᠠᠶᠢᠵᠤ ᠲᠣᠰ ᠠᠷᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠡᠷᠭᠡ 11 ᠶᠠᠮᠤᠨ ᠵᠥᠪᠯᠡᠯ ᠤᠨ ᠲᠣᠭᠲᠠᠭᠠᠭᠰᠠᠨ ︽︿ᠢᠳᠡᠰᠢᠨ ᠨᠣᠭᠤᠭ᠎ᠠ﹀ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠷᠭ᠎ᠠ ᠶᠢᠨ ᠬᠡᠷᠡᠭᠵᠢᠭᠦᠯᠬᠦ ᠨᠠᠷᠢᠨ ᠲᠦᠷᠢᠮ﹀   ᠳᠤ ᠵᠠᠰᠠᠪᠤᠷᠢ ᠣᠷᠣᠭᠤᠯᠬᠤ ᠲᠤᠬᠠᠶ ᠮᠡᠳᠡᠭᠳᠡᠯ︾ ︵ᠲᠠᠷᠢᠶᠠᠯᠠᠩ ᠬᠤᠲᠠ ᠲᠠᠷᠬᠠᠭᠠᠭᠰᠠᠨ﹈ ﹇2021﹈ 1 ᠳ᠋ᠦ᠋ᠭᠡᠷ ᠲᠣᠭᠠᠲᠤ︶ ᠤᠨ ᠲᠣᠭᠲᠠᠭᠠᠯ ᠢᠶᠠᠷ ᠯᠠᠪᠯᠠᠯᠲᠠ ᠪᠣᠯᠭᠠᠨ᠂ ᠰᠢᠯᠭᠠᠨ ᠬᠢᠨᠠᠬᠤ ᠴᠤᠪᠤᠷᠠᠯ ᠪᠠ ᠱᠠᠭᠠᠷᠳᠠᠯᠭ᠎ᠠ ᠶᠢ ᠨᠠᠷᠢᠯᠢᠭᠵᠢᠭᠤᠯᠤᠨ᠂ ᠰᠢᠯᠭᠠᠨ ᠬᠢᠨᠠᠬᠤ ᠠᠵᠢᠯ ᠤᠨ ᠡᠷᠬᠡ ᠲᠡᠭᠰᠢ ᠲᠥᠪ ᠭᠤᠤᠯᠴᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃      ︵ᠳᠥᠷᠪᠡ︶ ᠰᠢᠯᠭᠠᠨ ᠬᠢᠨᠠᠵᠤ ᠦᠨᠡᠯᠡᠬᠦ ᠶᠠᠪᠤᠴᠠ ᠳᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ᠂ ᠲᠣᠭᠲᠠᠭᠠᠯ ᠠᠴᠠ ᠵᠥᠷᠢᠴᠡᠵᠦ ᠠᠵᠢᠯᠯᠠᠭᠰᠠᠨ ᠵᠡᠷᠭᠡ ᠰᠢᠯᠭᠠᠨ ᠬᠢᠨᠠᠵᠤ ᠦᠨᠡᠯᠡᠬᠦ ᠠᠵᠢᠯ ᠢ ᠨᠥᠯᠥᠭᠡᠯᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠪᠠᠯ᠂ ᠨᠡᠪᠲᠡᠷᠡᠭᠦᠯᠦᠨ ᠰᠢᠭᠦᠮᠵᠢᠯᠡᠬᠦ ᠬᠡᠷᠡᠭᠲᠡᠢ᠃      ᠳᠣᠯᠤᠭ᠎ᠠ᠂ ᠪᠤᠰᠤᠳ ᠵᠦᠢᠯ      ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠂ ᠤᠤᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠢᠳᠡᠰᠢᠨ ᠨᠣᠭᠤᠭ᠎ᠠ﹀ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇2017﹈ 162 ᠳ᠋ᠤᠭᠠᠷ ᠲᠣᠭᠠᠲᠤ︶  ᠶᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ             2021 ᠣᠨ ᠤ 9 ᠳ᠋ᠦ᠋ᠭᠡᠷ ᠰᠠᠷ᠎ᠠ ᠶᠢᠨ 30 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ