ᠱᠢ ᠲᠠᠢ ᠹᠧᠩ ᠨᠡᠶᠢᠰᠯᠡᠯ ᠤᠨ ᠨᠢᠰᠭᠡᠯ ᠤᠨ ᠪᠠᠭᠤᠳᠠᠯ ᠤᠨ ᠪᠦᠯᠦᠭᠯᠡᠯ ᠤᠨ ᠶᠡᠷᠦᠩᠬᠡᠢ ᠳᠠᠭᠠᠭᠠᠮᠠᠯ ᠯᠢᠦ ᠴᠦᠨ ᠴᠧᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2021/12/30


 1.jpg


     12 ᠰᠠᠷ᠎ᠠ ᠶᠢᠨ 29 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠬᠦᠬᠡᠬᠤᠳᠠ ᠳᠤ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠤᠨ ᠶᠡᠷᠦᠩᠬᠡᠢ ᠳᠠᠭᠠᠭᠠᠮᠠᠯ ᠯᠢᠦ ᠴᠦᠨ ᠴᠧᠨ ᠲᠠᠢ ᠠᠭᠤᠯᠵᠠᠪᠠ᠃
      ᠯᠢᠦ ᠴᠦᠨ ᠴᠧᠨ ᠨᠡᠷ ᠤᠨ ᠬᠦᠷᠦᠯᠴᠡᠨ ᠢᠷᠡᠭᠰᠡᠨ ᠢ ᠱᠢ ᠲᠠᠢ ᠹᠧᠩ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ᠂ ᠤᠢᠢᠷ᠎ᠠ ᠶᠢᠨ ᠵᠢᠯ ᠠᠴᠠ ᠨᠡᠶᠢᠰᠯᠡᠯ ᠤᠨ ᠨᠢᠰᠭᠡᠯ ᠤᠨ ᠪᠠᠭᠤᠳᠠᠯ ᠤᠨ ᠪᠦᠯᠦᠭᠯᠡᠯ ᠥᠪᠥᠷ ᠮᠣᠩᠭᠤᠯ ᠤᠨ ᠨᠢᠰᠭᠡᠯ ᠤᠨ ᠪᠠᠭᠤᠳᠠᠯ ᠤᠨ ᠪᠦᠯᠦᠭᠯᠡᠯ ᠤᠨ ᠡᠵᠡᠩᠨᠡᠯᠲᠡ ᠬᠠᠮᠢᠶᠠᠷᠤᠯᠲᠠ ᠳᠤ ᠢᠳᠡᠪᠬᠢᠲᠡᠢ ᠣᠷᠣᠯᠴᠠᠵᠤ᠂ ᠥᠪᠥᠷ ᠮᠣᠩᠭᠤᠯ ᠤᠨ ᠠᠭᠠᠷ ᠤᠨ ᠠᠶᠠᠯᠠᠯ ᠤᠨ ᠲᠡᠭᠡᠭᠡᠪᠦᠷᠢ ᠶᠢᠨ ᠦᠢᠯᠡᠰ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠦᠴᠦᠲᠡᠢ ᠠᠬᠢᠭᠤᠯᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠥᠪᠥᠷ ᠮᠣᠩᠭᠤᠯ ᠤᠨ ᠬᠢᠨ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠪᠣᠯᠤᠨ ᠨᠡᠶᠢᠳᠡᠮ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ ᠪᠣᠯᠤᠨ᠎ᠠ᠂ ᠨᠡᠶᠢᠰᠯᠡᠯ ᠤᠨ ᠨᠢᠰᠭᠡᠯ ᠤᠨ ᠪᠠᠭᠤᠳᠠᠯ ᠤᠨ ᠪᠦᠯᠦᠭᠯᠡᠯ ᠤᠨ ᠬᠢᠨ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ ᠥᠪᠥᠷ ᠮᠣᠩᠭᠤᠯ ᠯᠤᠭ᠎ᠠ ᠶᠢᠨ ᠭᠦᠨᠵᠡᠭᠡᠶ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠮᠠᠨ ᠤ ᠣᠷᠣᠨ ᠤ ᠭᠤᠤᠯ ᠱᠤᠭᠤᠮ ᠪᠤᠯᠤᠨ ᠰᠠᠯᠪᠤᠷᠢ ᠱᠤᠭᠤᠮ ᠤᠨ ᠬᠤᠯᠪᠣᠭᠠᠯᠠᠨ ᠬᠥᠳᠡᠯᠦᠯᠴᠡᠬᠦ ᠪᠠ ᠣᠷᠣᠨ ᠤ ᠳᠣᠲᠤᠷᠠᠬᠢ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠤᠨ ᠬᠤᠯᠪᠤᠯᠳᠤᠨ ᠨᠡᠪᠲᠡᠷᠡᠯᠴᠡᠬᠦ ᠶᠢ ᠳᠡᠮᠵᠢᠵᠦ᠂ ᠥᠪᠦᠷ ᠮᠣᠩᠭᠤᠯ ᠤᠨ ᠠᠭᠠᠷ ᠤᠨ ᠠᠶᠠᠯᠠᠯ ᠤᠨ ᠲᠡᠭᠡᠭᠡᠪᠦᠷᠢ ᠶᠢᠨ ᠦᠢᠯᠡᠰ ᠤᠨ ᠨᠡᠩ ᠶᠡᠭᠡ ᠬᠥᠭᠵᠢᠯᠲᠡ ᠲᠠᠢ ᠪᠣᠯᠬᠤ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃
      ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠪᠣᠯ ᠨᠢᠰᠬᠡᠯ ᠤᠨ ᠪᠠᠭᠤᠳᠠᠯ  ᠤᠨ ᠦᠢᠯᠡᠰ ᠢᠶᠠᠷ ᠭᠤᠣᠯ ᠪᠣᠯᠭᠠᠭᠰᠠᠨ ᠭᠠᠵᠠᠷ ᠣᠷᠣᠨ ᠠᠯᠤᠰᠯᠠᠭᠰᠠᠨ ᠲᠤᠮᠤ ᠬᠡᠯᠪᠡᠷᠢ ᠶᠢᠨ ᠤᠯᠤᠰ ᠤᠨ ᠥᠮᠴᠢᠯᠡᠯ ᠤᠨ ᠪᠦᠯᠦᠭᠯᠡᠯ ᠪᠣᠯᠬᠤ ᠪᠥᠭᠡᠳ ᠪᠦᠬᠦ ᠪᠥᠮᠪᠥᠷᠴᠡᠭ ᠤᠨ ᠬᠠᠮᠤᠭ ᠤᠨ ᠲᠤᠮᠤ ᠨᠢᠰᠭᠡᠯ ᠤᠨ ᠪᠠᠭᠤᠳᠠᠯ ᠤᠨ ᠬᠠᠮᠢᠶᠠᠷᠤᠯᠲᠠ ᠶᠢᠨ ᠪᠦᠯᠦᠭᠯᠡᠯ ᠤᠨ ᠨᠢᠭᠡ ᠪᠣᠯᠤᠨ᠎ᠠ᠃ ᠯᠢᠦ ᠴᠦᠨ ᠴᠧᠨ᠂ ᠨᠡᠶᠢᠰᠯᠡᠯ ᠤᠨ ᠨᠢᠰᠭᠡᠯ ᠤᠨ ᠪᠠᠭᠤᠳᠠᠯ ᠤᠨ ᠪᠦᠯᠦᠭᠯᠡᠯ ᠨᠢ ᠲᠣᠰ ᠪᠡᠶ᠎ᠡ ᠶᠢᠨ ᠳᠡᠷᠢᠬᠦᠨ ᠤ ᠬᠠᠮᠢᠶᠠᠷᠤᠯᠲᠠ ᠶᠢᠨ ᠣᠶᠢᠯᠠᠭᠠᠭᠳᠠᠬᠤᠨ᠂ ᠲᠡᠷᠢᠭᠦᠨ ᠤ ᠦᠶᠯᠡᠴᠢᠯᠡᠭᠡᠨ ᠤ ᠶᠠᠰᠤ ᠴᠢᠨᠠᠷ᠂ ᠪᠦᠷᠢᠨ ᠳᠡᠬᠦᠯᠳᠡᠷ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠵᠡᠷᠭᠡ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ ᠰᠠᠯᠪᠤᠷᠢ ᠱᠤᠭᠤᠮ ᠢ ᠨᠡᠪᠳᠡᠷᠡᠬᠦᠯᠬᠦ᠂ ᠨᠡᠪᠲᠡᠷᠡᠬᠦ ᠡᠭᠡᠯᠵᠢ ᠶᠢᠨ ᠨᠢᠰᠭᠡᠯ ᠵᠡᠷᠭᠡ ᠶᠢᠨ ᠲᠣᠭᠤᠷᠢᠨ ᠳᠤ ᠥᠪᠥᠷ ᠮᠣᠩᠭᠤᠯ ᠯᠤᠭ᠎ᠠ ᠶᠢᠨ ᠬᠠᠮᠲᠤᠷᠠᠯᠴᠠᠭ᠎ᠠ ᠪᠠᠨ ᠬᠦᠨᠵᠡᠭᠡᠶᠢᠷᠡᠭᠦᠯᠵᠦ᠂ ᠥᠪᠦᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠦᠶᠯᠡᠰ ᠤᠨ ᠬᠦᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠬᠥᠯᠥᠨ ᠪᠣᠶᠢᠷ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠢᠤᠢ ᠯᠢ ᠰᠢᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠭᠤᠯᠵᠠᠯᠲᠠ ᠳᠤ ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ