ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠥᠷᠭᠡᠳᠭᠡᠭᠰᠡᠨ ᠬᠤᠷᠠᠯ ᠬᠤᠷᠠᠯᠳᠤᠭᠤᠯᠵᠤ ᠡᠯ᠎ᠡ ᠠᠶᠢᠮᠠᠭ ᠬᠤᠳᠠ ᠶᠢᠨ ᠨᠠᠮ ᠤᠨ ᠬᠤᠷᠢᠶ᠎ᠠ ᠪᠣᠯᠤᠨ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ︵ᠠᠵᠢᠯ ᠤᠨ︶ ᠬᠤᠷᠢᠶ᠎ᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠳᠤᠬᠠᠢ ᠲᠤᠰᠢᠶᠠᠯ ᠤᠨ ᠮᠡᠳᠡᠭᠦᠯᠦᠯᠲᠡ ᠶᠢ ᠰᠣᠨᠣᠰᠪᠠ    ᠱᠢ ᠲᠠᠢ ᠹᠧᠩ ᠬᠤᠷᠠᠯ ᠢ ᠡᠷᠬᠢᠯᠡᠵᠠᠢ
ᠨᠡᠶᠢᠲᠡᠯᠡᠭᠰᠡᠨ ᠴᠠᠭ᠄
2021/12/30

1.jpg


      12 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠥᠷᠭᠡᠳᠭᠡᠭᠰᠡᠨ ᠬᠤᠷᠠᠯ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠶᠢᠨ ᠨᠠᠮ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ

︵ᠠᠵᠢᠯ ᠤᠨ︶ ᠬᠤᠷᠢᠶ᠎ᠠ ᠶᠢᠨ ᠱᠦᠵᠢ ᠶᠢᠨ 2021 ᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠳᠤᠬᠠᠢ ᠲᠤᠰᠢᠶᠠᠯ ᠤᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠤᠬᠠᠢ ᠶᠢᠨ ᠲᠠᠯᠠᠪᠠᠢ ᠳᠤ ᠰᠢᠯᠭᠠᠨ ᠦᠨᠡᠯᠡᠯᠲᠡ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃

2.jpg


      ᠬᠤᠷᠠᠯ ᠳᠡᠭᠡᠷ᠎ᠡ᠂ ᠱᠢ ᠲᠠᠢ ᠹᠧᠩ ᠣᠯᠠᠨ ᠤ ᠲᠤᠰᠢᠶᠠᠯ ᠤᠨ ᠮᠡᠳᠡᠭᠦᠯᠦᠯᠲᠡ ᠳᠤ ᠨᠢᠭᠡᠳ ᠨᠢᠭᠡ ᠪᠠᠷ ᠦᠨᠡᠯᠡᠯᠲᠡ ᠬᠢᠵᠦ᠂ ᠠᠵᠢᠯ ᠤᠨ ᠠᠮᠵᠢᠯᠲᠠ ᠪᠦᠲᠦᠮᠵᠢ ᠶᠢ ᠨᠤᠲᠠᠯᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠵᠢᠭᠠᠵᠤ ᠭᠠᠷᠭᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ ᠶᠢ ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠶᠠᠩ ᠸᠧᠢ ᠳ᠋ᠦᠩ ᠶᠡᠷᠦᠩᠬᠡᠶᠢᠯᠡᠭᠰᠡᠨ ᠦᠨᠡᠯᠡᠯᠲᠡ ᠬᠢᠪᠡ᠃
      ᠬᠤᠷᠠᠯ ᠠᠴᠠ᠂ ᠡᠨᠡ ᠵᠢᠯ ᠪᠣᠯ ᠣᠨᠴᠠᠭᠠᠶ ᠪᠥᠭᠡᠳ ᠴᠢᠬᠤᠯᠠ ᠨᠢᠭᠡ ᠵᠢᠯ ᠪᠣᠯᠤᠨ᠎ᠠ᠂ ᠪᠢᠳᠡ ᠨᠠᠮ ᠤᠨ ᠵᠠᠭᠤᠨ ᠵᠢᠯ ᠤᠨ ᠣᠶ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠳᠥᠷᠪᠡᠨ ᠱᠠᠲᠤᠨ ᠤ ᠨᠠᠮ ᠤᠨ ᠬᠤᠷᠢᠶ᠎ᠠ ᠶᠢᠨ ᠬᠤᠭᠤᠴᠠᠭ᠎ᠠ ᠰᠣᠯᠢᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠢᠷᠢᠰ ᠲᠤᠰᠬᠠᠶ ᠴᠡᠭᠴᠡᠯᠡᠨ ᠵᠠᠰᠠᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠡᠶᠡᠯᠡᠭᠦᠯᠬᠦ ᠶᠢ ᠠᠬᠢᠭᠤᠯᠪᠠ᠃ ᠨᠢᠭᠡ ᠵᠢᠯ ᠤᠨ ᠲᠤᠷᠰᠢ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠬᠢᠨᠠᠮᠠᠭᠠᠶ ᠭᠦᠶᠴᠡᠳᠭᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠶ ᠪᠥᠭᠡᠳ ᠬᠦᠴᠦᠲᠡᠶ ᠠᠬᠢᠭᠤᠯᠵᠤ᠂ ᠥᠷᠭᠡᠨ ᠣᠯᠠᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠯᠢ ᠣᠯᠠᠨ ᠪᠠᠴᠢᠮ ᠬᠦᠴᠢᠷ ᠲᠥᠭᠰᠢᠬᠦᠷᠢᠳᠤ ᠬᠦᠨᠳᠦ ᠡᠭᠦᠷᠭᠡ ᠶᠢᠨ ᠳᠤᠮᠳᠠ ᠳᠠᠪᠲᠠᠯᠲᠠ ᠪᠠ ᠰᠢᠯᠭᠠᠯᠲᠠ ᠶᠢ ᠳᠠᠭᠠᠭᠠᠵᠤ᠂ ᠤᠯᠤᠰ ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠬᠤ ᠬᠦᠴᠦᠨ ᠢᠶᠠᠨ ᠤᠯᠠᠮ ᠨᠢᠭᠡ ᠠᠯᠬᠤᠮ ᠴᠢᠩᠭᠠᠷᠠᠭᠤᠯᠪᠠ᠃ ᠶᠠᠮᠠᠷ ᠦᠶ᠎ᠡ ᠳᠤ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠᠲᠤ ᠴᠢᠩᠭ᠎ᠠ ᠬᠦᠴᠦᠨ ᠲᠠᠢ ᠪᠠᠶᠢᠪᠠᠯ᠂ ᠳᠡᠷᠡ ᠦᠶ᠎ᠡ ᠳᠤ ᠳᠠᠷᠤᠢ ᠮᠠᠨ ᠤ ᠠᠵᠢᠯ ᠤᠷᠤᠭᠰᠢᠲᠠᠢ ᠶᠠᠪᠤᠭᠳᠠᠵᠤ᠂ ᠡᠯ᠎ᠡ ᠵᠦᠢᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ ᠴᠢᠳᠠᠨ᠎ᠠ ᠬᠡᠳᠡᠭ ᠢ ᠪᠤᠳᠠᠳᠤ ᠶᠠᠪᠤᠳᠠᠯ ᠬᠡᠷᠡᠴᠢᠯᠡᠵᠡᠢ ᠬᠡᠵᠥ ᠵᠢᠭᠠᠵᠥ ᠭᠠᠷᠭᠠᠪᠠ᠃
      ᠬᠤᠷᠠᠯ ᠠᠴᠠ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ︽ᠡᠴᠦᠰ ᠤᠨ ᠨᠢᠭᠡ ᠺᠢᠯᠤᠮᠧᠲᠷ︾ ᠪᠣᠯᠤᠨ᠎ᠠ᠂ ᠨᠠᠮ ᠤᠨ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠵᠢᠯ ᠬᠢᠵᠦ ᠦᠢᠯᠡᠰ ᠪᠤᠰᠬᠠᠬᠤ ᠲᠠᠶᠢᠴᠢᠨ ᠪᠠᠬᠢᠯᠡᠯᠲᠡ ᠪᠠ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠣᠯᠤᠨ᠎ᠠ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠬᠤ ᠪᠣᠯ ᠦᠨᠳᠦᠰᠦᠨ ᠵᠦᠢᠯ ᠢ ᠬᠠᠮᠢᠶᠠᠷᠬᠤ᠂ ᠠᠯᠤᠰ ᠢᠷᠡᠭᠡᠳᠦᠢ ᠶᠢ ᠬᠠᠮᠢᠶᠠᠷᠬᠤ ᠶᠡᠭᠡ ᠶᠠᠪᠤᠳᠠᠯ ᠮᠥᠨ᠂ ᠬᠡᠷᠪᠡ ᠰᠠᠶᠢᠲᠤᠷ ᠠᠳᠬᠤᠬᠤ ᠦᠭᠡᠢ᠂ ᠪᠣᠳᠠᠲᠠᠢ ᠠᠳᠬᠤᠬᠤ ᠦᠭᠡᠢ᠂ ᠦᠷ᠎ᠡ ᠪᠦᠲᠦᠮᠵᠢ ᠭᠠᠷᠭᠠᠵᠤ ᠴᠢᠳᠠᠬᠤ ᠦᠭᠡᠢ ᠪᠣᠯ ᠡᠯ᠎ᠡ ᠲᠠᠯ᠎ᠠ ᠶᠢᠨ ᠠᠵᠢᠯ ᠴᠥᠮ ᠨᠥᠯᠥᠭᠡᠯᠡᠭᠳᠡᠬᠦ ᠪᠣᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠤᠨ ᠲᠦᠷᠦ ᠪᠠᠷᠢᠬᠤ ᠰᠠᠭᠤᠷᠢ ᠪᠠ ᠨᠠᠮ ᠤᠨ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠦᠨᠳᠤᠷᠴᠡ ᠠᠴᠠ᠂ ᠨᠠᠮ ᠤᠨ ᠰᠠᠭᠤᠷᠢ ᠶᠢ ᠪᠠᠲᠤᠳᠬᠠᠨ ᠪᠠᠬᠢᠵᠢᠭᠦᠯᠬᠦ ᠦᠨᠳᠤᠷᠴᠡ ᠠᠴᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠵᠦ᠂ ᠢᠮᠠᠭᠲᠠ ᠦᠨᠳᠦᠰᠦᠨ ᠱᠠᠳᠤ ᠶᠢ ᠠᠳᠬᠤᠨ ᠰᠠᠭᠤᠷᠢ ᠲᠠᠯᠪᠢᠬᠤ ᠶᠢ ᠠᠯᠤᠰ ᠬᠡᠳᠤ ᠶᠢᠨ ᠠᠷᠭ᠎ᠠ ᠪᠤᠳᠤᠯᠭ᠎ᠠ ᠪᠠ ᠦᠨᠳᠦᠰᠦ ᠶᠢ ᠪᠠᠬᠢᠵᠢᠭᠦᠯᠬᠦ ᠠᠷᠭ᠎ᠠ ᠪᠤᠳᠤᠯᠭ᠎ᠠ ᠪᠣᠯᠭᠠᠵᠤ᠂ ᠵᠢᠭᠰᠠᠭᠠᠯ ᠤᠨ ᠭᠠᠵᠠᠷ ᠤᠨ ᠤᠬᠠᠮᠰᠠᠷ᠂ ᠠᠵᠢᠯ ᠤᠨ ᠬᠠᠷᠢᠭᠤᠴᠠᠯᠭ᠎ᠠ ᠶᠢᠨ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠬᠠᠷᠢᠭᠤᠴᠠᠯᠭ᠎ᠠ ᠪᠠᠨ ᠰᠡᠳᠭᠢᠯ ᠳᠡᠭᠡᠨ ᠮᠡᠳᠡᠵᠤ᠂ ᠬᠠᠷᠢᠭᠤᠴᠠᠯᠭ᠎ᠠ ᠪᠠᠨ ᠪᠡᠶ᠎ᠡ ᠳᠡᠭᠡᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠭᠡᠵᠦ᠂ ᠰᠢᠨ᠎ᠡ ᠭᠠᠷᠤᠭ᠎ᠠ ᠠᠴᠠ ᠲᠠᠶᠢᠴᠢᠨ ᠪᠠᠬᠢᠯᠡᠯᠲᠡ ᠪᠠᠨ ᠨᠡᠩ ᠬᠦᠴᠦᠷᠬᠡᠭ ᠪᠣᠯᠭᠠᠨ ᠪᠠᠶᠢᠭᠤᠯᠵᠤ᠂ ᠦᠨᠳᠦᠰᠦᠨ ᠱᠠᠲᠤᠨ ᠤ ᠵᠢᠭᠰᠠᠭᠠᠯ ᠤᠨ ᠭᠠᠵᠠᠷ ᠢᠶᠠᠨ ᠨᠡᠩ ᠪᠠᠲᠤ ᠴᠣᠭᠴᠠᠯᠠᠵᠤ᠂ ᠨᠠᠮ ᠤᠨ ᠲᠤᠭ ᠢ ᠡᠭᠡ ᠤᠯᠤᠰ ᠤᠨ ᠤᠮᠠᠷᠠᠲᠤ ᠶᠢᠨ ᠡᠬᠡ ᠭᠠᠵᠠᠷ ᠳᠡᠭᠡᠷ᠎ᠡ ᠥᠨᠳᠥᠷ ᠮᠠᠨᠳᠤᠭᠤᠯᠬᠤ ᠬᠡᠷᠡᠭᠲᠡᠢ᠃ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢᠨ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠪᠬᠢ ᠶᠢ ᠬᠦᠴᠦᠯᠡᠨ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠡᠬᠦ ᠡᠨᠡ ᠬᠦ ᠳᠠᠶᠢᠴᠢᠨ ᠪᠠᠬᠢᠯᠡᠯᠲᠡ ᠶᠢ ᠦᠨᠡᠨ ᠬᠦ ᠨᠠᠩ ᠪᠠᠲᠤ ᠴᠢᠩᠭ᠎ᠠ ᠪᠣᠯᠭᠠᠨ ᠴᠣᠭᠴᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠨᠡᠨ ᠬᠦ ᠥᠷᠭᠡᠨ ᠣᠯᠠᠨ ᠺᠠᠳ᠋ᠷ ᠣᠯᠠᠨ ᠲᠦᠮᠡᠨ ᠤ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠪᠠᠲᠤ ᠴᠢᠩᠭ᠎ᠠ ᠬᠦᠴᠦᠨ ᠪᠣᠯᠭᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠬᠡᠷᠡᠭᠵᠢᠭᠦᠯᠬᠦ ᠶᠢ ᠬᠥᠲᠥᠯᠥᠨ ᠳᠠᠭᠠᠭᠤᠯᠵᠤ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃
      ᠬᠤᠷᠠᠯ ᠠᠴᠠ᠂ ᠢᠷᠡᠬᠦ ᠵᠢᠯ ᠮᠠᠨ ᠤ ᠨᠠᠮ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠪᠥᠭᠡᠳ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠩᠬᠠᠨ ᠤ ᠵᠢᠯ ᠪᠣᠯᠤᠨ᠎ᠠ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠣᠭᠲᠠᠭᠤᠨ ᠪᠠᠶᠢᠯᠭᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ᠂ ᠡᠯ᠎ᠡ ᠵᠦᠶᠯ ᠤᠨ ᠴᠢᠬᠤᠯᠠ ᠶᠡᠭᠡ ᠡᠭᠦᠷᠭᠡ ᠶᠢ ᠤᠷᠤᠭᠰᠢᠲᠠᠶ ᠨᠠᠶᠢᠳᠠᠪᠤᠷᠢᠵᠢᠭᠤᠯᠵᠤ᠂ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠬᠤ ᠳᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠨᠢ ᠲᠤᠶᠢᠯ ᠤᠨ ᠴᠢᠬᠤᠯᠠ ᠶᠤᠮ᠃ ᠪᠠᠶᠢᠳᠠᠯ ᠡᠭᠦᠷᠭᠡ ᠶᠢᠨ ᠬᠤᠪᠢᠷᠠᠯᠲᠠ ᠳᠤ ᠵᠣᠬᠢᠴᠠᠭᠤᠯᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠲᠥᠷᠥᠯ ᠬᠤᠪᠢᠶᠠᠨ ᠵᠢᠯᠣᠭᠤᠳᠬᠤ᠂ ᠣᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠮᠠᠯᠵᠢᠬᠤ ᠲᠠᠷᠢᠶᠠᠯᠠᠬᠤ ᠣᠷᠣᠨ᠂ ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠰᠤᠷᠭᠠᠭᠤᠯᠢ᠂ ᠪᠠᠶᠢᠭᠤᠯᠭ᠎ᠠ᠂ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠣᠯᠠᠨ ᠲᠦᠮᠡᠨ ᠢ ᠵᠣᠬᠢᠶᠠᠨ ᠪᠠᠶᠢᠭᠤᠯᠬᠤ ᠬᠦᠴᠦᠨ᠂ ᠨᠡᠶᠢᠭᠡᠮ ᠤᠨ ᠤᠷᠢᠶᠠᠯᠠᠬᠤ ᠬᠦᠴᠦᠨ ᠢ ᠲᠠᠰᠤᠷᠠᠯᠲᠠ ᠥᠬᠡᠶ ᠴᠢᠩᠭᠠᠳᠬᠠᠵᠤ᠂ ᠨᠠᠮ ᠤᠨ ᠭᠡᠰᠢᠭᠦᠨ ᠢ ᠨᠠᠩ ᠰᠠᠶᠢᠲᠤᠷ ᠵᠣᠬᠢᠶᠠᠨ ᠪᠠᠶᠢᠭᠤᠯᠵᠤ᠂ ᠴᠢᠳᠠᠪᠤᠷᠢᠲᠠᠨ ᠢ ᠨᠠᠩ ᠰᠠᠶᠢᠲᠤᠷ ᠨᠢᠭᠲᠠᠷᠠᠭᠤᠯᠵᠤ᠂ ᠣᠯᠠᠨ ᠲᠦᠮᠡᠨ ᠢ ᠨᠠᠩ ᠰᠠᠶᠢᠲᠤᠷ ᠳᠠᠶᠢᠴᠢᠯᠠᠵᠤ᠂ ᠪᠥᠬᠦ ᠣᠷᠣᠨ ᠤ ᠡᠯ᠎ᠡ ᠵᠦᠶᠯ ᠤᠨ ᠠᠵᠢᠯ ᠦᠶᠯᠡᠰ ᠤᠨ ᠬᠥᠭᠵᠢᠯᠲᠡ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠ ᠬᠦᠴᠦᠨ ᠴᠢᠳᠠᠯ ᠤᠨ ᠲᠤᠯᠭᠠᠭᠤᠷᠢᠯᠠᠯ ᠬᠠᠩᠭᠠᠬᠤ ᠬᠡᠷᠡᠭᠳᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠡᠭᠡ ᠪᠠᠶᠢᠳᠠᠯ ᠤᠨ ᠳᠣᠣᠷ᠎ᠠ ᠪᠣᠳᠣᠯᠬᠢᠯᠠᠬᠤ ᠪᠠ ᠠᠵᠢᠯᠯᠠᠭ᠎ᠠ ᠥᠷᠨᠢᠭᠦᠯᠬᠦ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠦᠭᠡᠯᠡᠭᠴᠢᠳ ᠤᠨ ᠶᠡᠭᠡ ᠬᠤᠷᠠᠯ ᠠᠴᠠ ᠭᠠᠷᠭᠠᠭᠰᠠᠨ ᠲᠤᠬᠢᠷᠠᠭᠤᠯᠤᠯᠳᠠ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠰᠢᠰᠲ᠋ᠧᠮ ᠲᠠᠢ ᠲᠥᠯᠥᠪᠵᠢᠭᠦᠯᠬᠦ ᠪᠠᠨ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠭᠤᠣᠯᠳᠠᠯᠭ᠎ᠠ ᠳᠤ ᠲᠥᠪᠯᠡᠷᠡᠭᠦᠯᠬᠦ᠂ ᠪᠦᠬᠦ ᠲᠠᠯ᠎ᠠ ᠳᠤ ᠲᠥᠪᠯᠡᠷᠡᠭᠦᠯᠬᠦ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ ᠬᠥᠭᠵᠢᠯᠲᠡ ᠶᠢ ᠠᠬᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠰᠢᠨ᠎ᠡ ᠶᠢ ᠡᠭᠦᠳᠬᠦ ᠶᠢ ᠠᠬᠢᠭᠤᠯᠬᠤ᠂ ᠲᠣᠭᠲᠠᠭᠤᠨ ᠢ ᠠᠬᠢᠭᠤᠯᠬᠤ ᠶᠢ ᠨᠡᠩ ᠰᠠᠶᠢᠲᠤᠷ ᠪᠡᠶᠡᠯᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠦᠨᠳᠦᠰᠦᠲᠡᠨ ᠤ ᠠᠵᠢᠯ ᠵᠡᠷᠭᠡ ᠲᠠᠯ᠎ᠠ ᠪᠠᠷ ᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃
      ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠰᠲ᠋ᠧᠮ ᠲᠠᠢ ᠲᠥᠯᠥᠪᠵᠢᠭᠦᠯᠦᠨ ᠪᠠᠶᠢᠷᠢᠯᠠᠭᠤᠯᠬᠤ᠂ ᠲᠤᠬᠢᠷᠠᠭᠤᠯᠤᠨ ᠠᠬᠢᠭᠤᠯᠬᠤ ᠶᠢ ᠴᠢᠩᠭᠠᠳᠬᠠᠬᠤ᠂ ᠬᠢᠨᠠᠯᠲᠠ ᠲᠠᠯᠪᠢᠨ ᠪᠠᠶᠢᠴᠠᠭᠠᠬᠤ ᠶᠢ ᠴᠢᠩᠭᠠᠳᠬᠠᠬᠤ᠂ ᠬᠢᠨᠠᠨ ᠰᠢᠯᠭᠠᠵᠤ ᠵᠢᠱᠢᠨ ᠦᠨᠡᠯᠡᠬᠦ ᠶᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠬᠦᠴᠦᠯᠡᠵᠦ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠢᠮᠠᠭᠲᠠ ᠴᠢᠩᠭ᠎ᠠ ᠠᠳᠬᠤᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭ᠎ᠠ ᠪᠣᠳᠠᠲᠠᠢ ᠠᠬᠢᠭᠤᠯᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠪᠡᠶ᠎ᠡ ᠪᠠᠷ ᠢᠶᠠᠨ ᠠᠳᠬᠤᠵᠤ᠂ ᠴᠢᠩᠭ᠎ᠠ ᠠᠳᠬᠤᠵᠤ᠂ ᠪᠠᠶᠢᠩᠭᠤ ᠠᠳᠬᠤᠵᠤ᠂ ᠪᠦᠬᠦ ᠲᠠᠯ᠎ᠠ ᠪᠠᠷ ᠠᠳᠬᠤᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠦᠵᠢ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠱᠦᠵᠢ ᠪᠣᠯᠬᠤ ᠬᠡᠷᠡᠭᠲᠡᠢ᠃ ᠡᠨᠡ ᠵᠢᠯ ᠨᠠᠮ ᠤᠨ ᠬᠤᠷᠢᠶ᠎ᠠ ᠶᠢᠨ ᠬᠤᠭᠤᠴᠠᠭ᠎ᠠ ᠰᠣᠯᠢᠬᠤ ᠶᠠᠪᠤᠳᠠᠯ ᠢᠶᠠᠷ ᠳᠠᠮᠵᠢᠨ᠂ ᠠᠶᠢᠮᠠᠭ ᠬᠤᠲᠠ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠳᠤ ᠰᠢᠨ᠎ᠡ ᠤᠳᠤᠷᠢᠳᠬᠤ ᠪᠠᠭ ᠪᠤᠶ ᠪᠣᠯᠪᠠ᠃ ᠡᠯ᠎ᠡ ᠱᠠᠲᠤᠨ ᠤ ᠨᠠᠮ ᠤᠨ ᠬᠤᠷᠢᠶ᠎ᠠ ᠭᠤᠣᠯ ᠠᠵᠢᠯ ᠢ ᠠᠳᠬᠤᠬᠤ᠂ ᠭᠤᠣᠯ ᠬᠠᠷᠢᠭᠤᠴᠠᠯᠭ᠎ᠠ ᠶᠢ ᠴᠢᠩᠭᠠᠳᠬᠠᠬᠤ᠂ ᠭᠤᠣᠯ ᠲᠦᠷᠢ ᠪᠣᠯᠬᠤ ᠴᠢᠩᠭ᠎ᠠ ᠤᠬᠠᠮᠰᠠᠷ ᠢ ᠢᠮᠠᠭᠲᠠ ᠪᠠᠷᠢᠮᠲᠠᠯᠠᠵᠤ᠂ ᠶᠠᠭᠤᠨ ᠳᠤ ᠬᠠᠷᠢᠭᠤᠴᠠᠯᠭ᠎ᠠ ᠡᠭᠦᠷᠭᠡᠯᠡᠬᠦ᠂ ᠶᠠᠮᠠᠷ ᠬᠠᠷᠢᠭᠤᠴᠠᠯᠭ᠎ᠠ ᠶᠢ ᠡᠭᠦᠷᠭᠡᠯᠡᠬᠦ᠂ ᠬᠠᠷᠢᠭᠤᠴᠠᠯᠭ᠎ᠠ ᠶᠢ ᠬᠡᠷᠬᠢᠨ ᠰᠠᠶᠢᠲᠤᠷ ᠡᠭᠦᠷᠭᠡᠯᠡᠬᠦ ᠲᠤᠬᠠᠢ ᠴᠥᠮ ᠳᠣᠲᠣᠷ᠎ᠠ ᠪᠠᠨ ᠲᠤᠭ᠎ᠠ ᠲᠠᠢ ᠪᠠᠶᠢᠵᠤ᠂ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠠᠳᠬᠤᠪᠠᠰᠤ ᠵᠣᠬᠢᠬᠤ ᠠᠵᠢᠯ ᠢ ᠪᠣᠳᠠᠲᠠᠢ ᠠᠳᠬᠤᠨ ᠪᠠᠲᠤ ᠠᠳᠬᠤᠵᠤ᠂ ᠪᠠᠶᠢᠩᠭᠤ ᠬᠦᠴᠦᠯᠡᠵᠦ᠂ ᠤᠳᠠᠭᠠᠨ ᠳᠠᠭᠠᠭᠠᠮᠠᠭᠠᠢ ᠵᠢᠳᠬᠦᠵᠦ᠂ ᠨᠠᠮ ᠢ ᠬᠠᠮᠢᠶᠠᠷᠴᠤ ᠨᠠᠮ ᠢ ᠵᠠᠰᠠᠬᠤ ᠶᠢ ᠲᠠᠰᠤᠷᠠᠯᠳᠠ ᠦᠭᠡᠢ ᠦᠨᠳᠦᠰᠦᠨ ᠱᠠᠳᠤ ᠲᠡᠶᠢᠰᠢ ᠤᠷᠲᠤᠳᠬᠠᠵᠤ᠂ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ