12 ᠰᠠᠷ᠎ᠠ ᠶᠢᠨ 29 ᠤ ᠣᠷᠣᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠦᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠸᠢᠳᠢᠣ᠋ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ | ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠬᠤ ᠳᠠᠭᠠᠨ᠂ ᠡᠷᠬᠡᠪᠰᠢ ᠥᠴᠥᠬᠡᠨ ᠴᠦ ᠠᠯᠮᠠᠶᠢᠲᠤᠬᠤ ᠦᠭᠡᠢ᠂ | ᠥᠴᠥᠬᠡᠨ ᠴᠦ ᠴᠠᠯᠠᠭᠠᠶᠢᠳᠠᠬᠤ ᠦᠭᠡᠢ᠂ ᠥᠴᠥᠬᠡᠨ ᠴᠦ ᠰᠤᠯᠠᠷᠠᠬᠤ ᠦᠭᠡᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠢᠮᠠᠭᠲᠠ | ᠴᠢᠩᠭᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠸᠠᠩ ᠯᠢ ᠰᠢᠶᠠ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠵᠤ᠂ | ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ ᠡᠭᠦᠷᠭᠡ ᠮᠥᠨ ᠬᠦ ᠨᠦᠰᠡᠷ ᠬᠦᠨᠳᠦ ᠪᠡᠷᠬᠡ | ᠬᠠᠲᠠᠭᠤᠵᠢᠯᠲᠠᠢ ᠪᠠᠶᠢᠭᠰᠠᠭᠠᠷ᠂ ᠬᠡᠳᠦᠢ ᠡᠶᠢᠮᠦ ᠵᠠᠩᠭᠢᠯᠠᠭ᠎ᠠ ᠶᠢᠨ ᠴᠡᠭ᠂ ᠴᠢᠬᠤᠯᠠ ᠶᠡᠭᠡ ᠴᠠᠭ ᠦᠶ᠎ᠡ ᠪᠣᠯᠬᠤ ᠲᠤᠲᠤᠮ ᠤᠯᠤᠰ ᠲᠥᠷᠥ ᠶᠢᠨ ᠲᠠᠯ᠎ᠠ ᠠᠴᠠ ᠦᠵᠡᠬᠦ᠂ | ᠤᠯᠤᠰ ᠲᠥᠷᠥ ᠶᠢᠨ ᠲᠠᠯ᠎ᠠ ᠠᠴᠠ ᠬᠢᠬᠦ᠂ ᠤᠯᠤᠰ ᠲᠥᠷᠥ ᠶᠢᠨ ᠲᠠᠯ᠎ᠠ ᠠᠴᠠ ᠪᠠᠶᠢᠴᠠᠭᠠᠬᠤ ᠶᠢ ᠲᠡᠳᠦᠢ ᠪᠠᠷᠢᠮᠲᠠᠯᠠᠵᠤ᠂ ᠤᠯᠠᠮ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ | ᠡᠵᠡᠮᠳᠡᠵᠦ᠂ ᠣᠨᠣᠪᠴᠢᠲᠠᠢ ᠪᠠᠷ ᠰᠡᠷᠭᠡᠶᠢᠯᠡᠨ ᠡᠵᠡᠮᠳᠡᠵᠦ᠂ ᠬᠠᠤᠯᠢ ᠶᠣᠰᠣᠭᠠᠷ ᠰᠡᠷᠭᠡᠶᠢᠯᠡᠨ ᠡᠵᠡᠮᠳᠡᠵᠦ᠂ ᠡᠷᠡᠰ ᠰᠢᠭᠤᠷᠬᠠᠢ ᠪᠠᠷ ᠰᠤᠯᠠᠷᠠᠬᠤ ᠶᠢ ᠰᠡᠷᠭᠡᠶᠢᠯᠡᠵᠦ᠂ | ᠠᠯᠳᠠᠰᠢ ᠭᠠᠷᠬᠤ ᠶᠢ ᠰᠡᠷᠭᠡᠶᠢᠯᠡᠵᠦ᠂ ᠳᠠᠬᠢᠨ ᠳᠡᠯᠭᠡᠷᠡᠬᠦ ᠶᠢ ᠰᠡᠷᠭᠡᠶᠢᠯᠡᠵᠦ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ | ᠳᠠᠬᠢᠨ ᠳᠡᠯᠭᠡᠷᠡᠬᠦ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠸᠠᠩ ᠯᠢ ᠰᠢᠶᠠ᠂ ᠬᠥᠮᠥᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠬᠦ ᠪᠣᠯ ᠬᠠᠮᠤᠭ ᠤᠨ ᠪᠦᠲᠦᠮᠵᠢᠲᠡᠢ ᠸᠠᠺᠼᠢᠨ ᠪᠣᠯᠣᠨ᠎ᠠ᠃ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠲᠣᠳᠣᠷᠬᠠᠢ ᠮᠡᠳᠡᠵᠦ᠂ ᠬᠠᠷᠢᠭᠤᠴᠠᠯᠭ᠎ᠠ ᠪᠠᠨ ᠰᠠᠬᠢᠵᠤ ᠬᠠᠷᠢᠭᠤᠴᠠᠯᠭ᠎ᠠ ᠪᠠᠨ ᠡᠭᠦᠷᠭᠡᠯᠡᠵᠦ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠡᠭᠦᠷᠭᠡ ᠶᠢ ᠪᠣᠳᠠᠲᠠᠢ ᠠᠳᠬᠤᠵᠤ ᠨᠠᠷᠢᠯᠢᠭ ᠠᠳᠬᠤᠬᠤ | ᠬᠡᠷᠡᠭᠲᠡᠢ᠃ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠡᠵᠡᠮᠳᠡᠯ ᠢ ᠪᠣᠳᠠᠲᠠᠢ ᠠᠳᠬᠤᠨ ᠨᠠᠷᠢᠯᠢᠭ ᠠᠳᠬᠤᠵᠤ᠂ ᠨᠢᠭᠡ ᠲᠠᠯ᠎ᠠ ᠪᠠᠷ ᠰᠡᠷᠭᠡᠶᠢᠯᠡᠨ ᠡᠵᠡᠮᠳᠡᠬᠦ ᠶᠢ | ᠠᠳᠬᠤᠬᠤ᠂ ᠨᠥᠭᠦᠭᠡ ᠲᠠᠯ᠎ᠠ ᠪᠠᠷ ᠨᠡᠭᠡᠭᠡᠯᠲᠡ ᠬᠢᠬᠦ ᠶᠢ ᠠᠳᠬᠤᠬᠤ ᠶᠢ ᠪᠠᠷᠢᠮᠲᠠᠯᠠᠵᠤ᠂ ᠬᠦᠷᠢᠶᠡᠯᠡᠬᠦ᠂ ᠬᠠᠮᠢᠶᠠᠷᠬᠤ᠂ ᠬᠠᠷᠠᠬᠤ᠂ ᠬᠢᠬᠦ᠂ ᠰᠡᠷᠭᠡᠶᠢᠯᠡᠬᠦ᠂ | ᠴᠢᠩᠭᠠᠷᠠᠭᠤᠯᠬᠤ᠂ ᠨᠢᠭᠡᠳᠦᠯᠲᠡᠢ ᠪᠠᠶᠢᠯᠭᠠᠬᠤ ᠱᠠᠭᠠᠷᠳᠠᠯᠭ᠎ᠠ ᠶᠣᠰᠣᠭᠠᠷ ᠪᠦᠷᠢᠨ ᠪᠢᠲᠡᠭᠦᠮᠵᠢᠯᠡᠵᠦ ᠬᠠᠮᠢᠶᠠᠷᠬᠤ᠂ ᠣᠷᠣᠨ ᠵᠠᠢ ᠪᠠᠷ ᠵᠠᠭᠠᠭᠯᠠᠬᠤ᠂ ᠬᠥᠮᠥᠰ ᠢ ᠲᠥᠷᠥᠯ | ᠬᠤᠪᠢᠶᠠᠬᠤ᠂ ᠬᠠᠷᠢᠯᠴᠠᠨ ᠰᠣᠯᠪᠢᠴᠠᠬᠤ ᠦᠭᠡᠢ ᠪᠠᠶᠢᠬᠤ᠂ ᠬᠥᠮᠥᠨ ᠪᠣᠳᠠᠰ ᠣᠷᠴᠢᠨ ᠲᠣᠭᠤᠷᠢᠨ ᠤ ᠬᠠᠮᠲᠤ ᠶᠢᠨ ᠰᠡᠷᠭᠡᠶᠢᠯᠡᠯᠲᠡ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ | ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠠᠳᠬᠤᠨ ᠨᠠᠷᠢᠯᠢᠭ ᠠᠳᠬᠤᠵᠤ᠂ ᠣᠨ ᠤ ᠦᠨᠡᠯᠡᠯᠲᠡ ᠶᠢᠨ ᠲᠣᠭᠲᠠᠴᠠ᠂ | ᠰᠠᠷ᠎ᠠ ᠶᠢᠨ ᠰᠤᠭᠤᠴᠢᠨ ᠪᠠᠶᠢᠴᠠᠭᠠᠯᠲᠠ ᠶᠢᠨ ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠨᠢᠭᠡᠳᠦᠭᠡᠷ ᠬᠠᠷᠢᠭᠤᠴᠠᠯᠭᠠᠲᠠᠨ ᠬᠠᠷᠢᠭᠤᠴᠠᠬᠤ ᠳᠦᠷᠢᠮ᠂ | ᠰᠠᠷ᠎ᠠ ᠶᠢᠨ ᠰᠤᠳᠤᠯᠭᠠᠨ ᠤ ᠲᠣᠭᠲᠠᠴᠠ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ | ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ︽ᠳᠥᠷᠪᠡᠨ | ᠡᠷᠲᠡ︾ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠨᠳᠣᠣᠰᠢᠭᠰᠠᠨ ᠸᠢᠷᠦ᠋ᠰ ᠤᠨ ᠰᠠᠭᠤᠷᠢ ︽ᠣᠮᠢᠺᠷᠣᠨ︾ ᠤ ᠦᠷᠪᠢᠰᠦᠨ ᠳᠡᠯᠭᠡᠷᠡᠬᠦ ᠪᠠᠶᠢᠳᠠᠯ ᠢ | ᠨᠢᠭᠲᠠ ᠠᠩᠬᠠᠷᠴᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠨ ᠡᠵᠡᠮᠳᠡᠬᠦ ᠪᠠᠶᠢᠳᠠᠯ ᠢ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ | ᠳᠠᠷᠤᠶᠢᠬᠠᠨ ᠲᠤᠰᠬᠠᠯ ᠭᠠᠷᠭᠠᠵᠤ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠪᠠᠴᠢᠮ ᠪᠠᠶᠢᠳᠠᠯ ᠢ ᠲᠣᠭᠲᠠᠭᠠᠨ ᠲᠡᠭᠦᠯᠳᠡᠷᠵᠢᠭᠦᠯᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠲᠣᠮᠣ ᠳ᠋ᠠᠶᠢᠲ᠋ᠠ ᠶᠢᠨ ᠰᠢᠰᠲ᠋ᠧᠮ ᠢ ᠪᠠᠶᠢᠭᠤᠯᠤᠨ ᠬᠦᠴᠦᠷᠬᠡᠭᠵᠢᠭᠦᠯᠵᠦ ᠰᠠᠶᠢᠲᠤᠷ ᠬᠡᠷᠡᠭᠯᠡᠵᠦ᠂ ᠪᠦᠬᠦ ᠬᠥᠮᠥᠰ ᠤᠨ ᠲᠦᠷᠭᠡᠨ ᠪᠥᠭᠡᠮ | ᠬᠦᠴᠢᠯ ᠤᠨ ᠪᠠᠶᠢᠴᠠᠭᠠᠯᠲᠠ ᠬᠢᠬᠦ ᠴᠢᠳᠠᠪᠤᠷᠢ ᠶᠢ ᠳᠡᠭᠡᠭᠰᠢᠯᠡᠭᠦᠯᠵᠦ᠂ ᠦᠯᠢᠭᠡᠷ ᠶᠠᠩᠵᠤ ᠠᠪᠬᠤ᠂ ᠦᠯᠢᠭᠡᠷ ᠶᠠᠩᠵᠤ ᠶᠢ ᠬᠦᠷᠭᠡᠬᠦ᠂ ᠦᠯᠢᠭᠡᠷ ᠶᠠᠩᠵᠤ ᠶᠢ ᠪᠠᠶᠢᠴᠠᠭᠠᠬᠤ᠂ | ᠡᠪᠡᠳᠴᠢᠨ ᠤ ᠵᠢᠱᠢᠶ᠎ᠡ ᠶᠢ ᠮᠡᠳᠡᠭᠦᠯᠬᠦ᠂ ᠮᠡᠳᠡᠭᠡ ᠵᠠᠩᠭᠢ ᠣᠯᠣᠯᠴᠠᠬᠤ᠂ ᠬᠠᠮᠢᠶᠠᠷᠬᠤ ᠵᠢᠷᠭᠤᠭ᠎ᠠ ᠶᠢ ᠨᠢᠭᠡ ᠴᠣᠭᠴᠠᠵᠢᠭᠤᠯᠬᠤ ᠶᠢ ᠪᠠᠷᠢᠮᠲᠠᠯᠠᠵᠤ᠂ ᠬᠢᠵᠢᠭ | ᠡᠭᠦᠰᠦᠭᠰᠡᠨ ᠤ ᠳᠠᠷᠠᠭ᠎ᠠ ᠪᠦᠲᠦᠮᠵᠢᠲᠡᠢ ᠠᠷᠭᠠᠴᠠᠭᠠᠬᠤ ᠶᠢ ᠪᠠᠲᠤᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠪᠣᠳᠠᠲᠠᠢ ᠨᠠᠷᠢᠯᠢᠭ ᠠᠳᠬᠤᠵᠤ᠂ | ᠨᠠᠷᠢᠯᠢᠭ ᠣᠨᠣᠪᠴᠢᠲᠠᠢ ᠪᠠᠶᠢᠬᠤ ᠶᠢ ᠲᠣᠪᠣᠶᠢᠯᠭᠠᠨ᠂ ᠬᠠᠨᠳᠤᠯᠭ᠎ᠠ ᠲᠠᠢ ᠥᠷᠨᠢᠭᠦᠯᠵᠦ᠂ ᠴᠠᠭ ᠲᠤᠬᠠᠢ ᠳᠤᠨᠢ ᠠᠯᠳᠠᠰᠢ ᠪᠠᠨ ᠪᠠᠶᠢᠴᠠᠭᠠᠨ ᠳᠤᠲᠠᠭᠤᠳᠠᠯ ᠢᠶᠠᠨ | ᠨᠥᠬᠦᠪᠦᠷᠢᠯᠡᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ︽ᠡᠴᠦᠰ ᠤᠨ ᠨᠢᠭᠡ ᠮᠧᠲᠷ︾ ᠤᠨ ᠠᠰᠠᠭᠤᠳᠠᠯ ᠢ ᠦᠨᠡᠨ ᠬᠦ ᠰᠠᠶᠢᠲᠤᠷ | ᠰᠢᠢᠳᠪᠦᠷᠢᠯᠡᠬᠦ ᠬᠡᠷᠡᠭᠲᠡᠢ᠃ ᠬᠥᠮᠥᠨ ᠬᠠᠷ᠎ᠠ ᠶᠢᠨ ᠰᠢᠯᠵᠢᠯᠲᠡ ᠶᠢᠨ ᠬᠠᠮᠢᠶᠠᠷᠤᠯᠲᠠ ᠶᠢ ᠪᠣᠳᠠᠲᠠᠢ ᠠᠳᠬᠤᠨ ᠨᠠᠷᠢᠯᠢᠭ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠴᠠᠭᠠᠨ ᠰᠠᠷ᠎ᠠ ᠶᠢᠨ ᠵᠥᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ | ᠭᠤᠣᠯᠳᠠᠯᠭ᠎ᠠ ᠲᠠᠢ ᠭᠤᠭᠴᠤᠭ᠎ᠠ ᠶᠢ ᠪᠣᠳᠠᠲᠠᠢ ᠠᠳᠬᠤᠨ ᠨᠠᠷᠢᠯᠢᠭ ᠠᠳᠬᠤᠵᠤ᠂ ᠭᠤᠣᠯᠳᠠᠯᠭ᠎ᠠ ᠲᠠᠢ ᠲᠠᠯᠠᠪᠤᠷ ᠢ ᠴᠢᠩᠭ᠎ᠠ ᠬᠠᠮᠢᠶᠠᠷᠴᠤ᠂ ᠸᠠᠺᠼᠢᠨ ᠤ ᠲᠠᠷᠢᠯᠭ᠎ᠠ ᠶᠢ | ᠴᠢᠩᠭ᠎ᠠ ᠠᠬᠢᠭᠤᠯᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠬᠤ ᠬᠡᠷᠡᠭᠲᠡᠢ᠃ ᠡᠳ᠋ | ᠪᠣᠳᠠᠰ ᠤᠨ ᠨᠥᠭᠡᠴᠡ ᠶᠢ ᠪᠣᠳᠠᠲᠠᠢ ᠠᠳᠬᠤᠵᠤ ᠨᠠᠷᠢᠯᠢᠭ ᠠᠳᠬᠤᠵᠤ᠂ ᠲᠣᠭᠲᠠᠭᠰᠠᠨ ᠡᠮᠨᠡᠯᠭᠡ ᠶᠢᠨ ᠬᠤᠷᠢᠶ᠎ᠠ ᠪᠣᠯᠣᠨ ᠪᠡᠯᠡᠳᠬᠡᠯ ᠡᠮᠨᠡᠯᠭᠡ ᠶᠢᠨ ᠬᠤᠷᠢᠶ᠎ᠠ ᠶᠢᠨ ᠲᠣᠨᠤᠭ | ᠲᠥᠬᠦᠭᠡᠷᠦᠮᠵᠢ ᠶᠢ ᠥᠭᠡᠷᠡᠴᠢᠯᠡᠨ ᠳᠡᠰ ᠳᠡᠪᠰᠢᠭᠦᠯᠬᠦ ᠶᠢ ᠲᠦᠷᠭᠡᠳᠬᠡᠵᠦ᠂ ᠪᠠᠶᠢᠩᠭᠤ ᠬᠡᠷᠡᠭᠯᠡᠬᠦ ᠰᠡᠷᠭᠡᠶᠢᠯᠡᠨ ᠡᠵᠡᠮᠳᠡᠬᠦ ᠡᠳ᠋ ᠪᠣᠳᠠᠰ ᠪᠣᠯᠣᠨ ᠲᠣᠨᠤᠭ | ᠲᠥᠬᠦᠭᠡᠷᠦᠮᠵᠢ ᠶᠢ ᠭᠦᠢᠴᠡᠳ ᠪᠡᠯᠡᠳᠬᠡᠬᠦ ᠬᠡᠷᠡᠭᠲᠡᠢ᠃ ᠨᠡᠶᠢᠭᠡᠮ ᠤᠨ ᠡᠮᠬᠢ ᠳᠢᠭᠯᠢᠮ ᠢ ᠪᠣᠳᠠᠲᠠᠢ ᠠᠳᠬᠤᠨ ᠨᠠᠷᠢᠯᠢᠭ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠦᠬᠦ ᠬᠦᠴᠦ ᠪᠠᠷ ᠢᠶᠠᠨ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ | ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠾᠧᠩ ᠰᠢᠶᠣᠣ ᠹᠠᠨ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ | ᠳᠡᠳ᠋ ᠲᠡᠷᠢᠭᠦᠯᠡᠭᠴᠢ ᠪᠣᠣ ᠰᠢᠶᠠᠨ ᠬᠤᠸᠠ ᠬᠤᠷᠠᠯ ᠢ ᠡᠷᠬᠢᠯᠡᠵᠡᠢ᠃ |