︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/12/30

      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠵᠤ᠂ ᠡᠳᠦᠭᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠪᠠ᠄

      ᠨᠢᠭᠡ᠂ ᠨᠡᠶᠢᠲᠡᠯᠡᠭᠰᠡᠨ ᠠᠬᠤᠶ ᠪᠠᠶᠢᠳᠠᠯ

      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠶ ᠱᠦᠵᠢ ᠰᠢ ᠶᠢᠨ ᠫᠢᠩ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠲᠤᠬᠠᠶ ᠣᠯᠠᠨ ᠤᠳᠠᠭ᠎ᠠ ᠴᠢᠬᠤᠯᠠ ᠥᠭᠦᠯᠡᠯᠲᠡ ᠨᠡᠶᠢᠲᠡᠯᠡᠵᠦ᠂ ︽ᠵᠠᠩᠭᠢᠯᠠᠭ᠎ᠠ ᠶᠢᠨ ᠭᠤᠭᠴᠤᠭ᠎ᠠ ᠪᠠ ᠴᠢᠬᠤᠯᠠ ᠬᠦᠷᠢᠶᠡᠨ ᠤ ᠥᠭᠡᠷᠡᠴᠢᠯᠡᠯᠲᠡ ᠶᠢᠨ ᠠᠯᠬᠤᠴᠠ ᠪᠠᠨ ᠲᠦᠷᠭᠡᠳᠬᠡᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠲᠡᠶ︾ ᠭᠡᠵᠦ ᠴᠢᠬᠤᠯᠠᠴᠢᠯᠠᠪᠠ᠃ ᠤᠯᠤᠰ ᠤᠨ ᠪᠠᠶᠢᠷᠢᠯᠠᠭᠤᠯᠤᠯᠲᠠ ᠶᠣᠰᠣᠭᠠᠷ᠂ 2019 ᠣᠨ ᠠᠴᠠ ᠡᠬᠢᠯᠡᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ᠳᠤᠮᠳᠠᠳᠤ ᠤᠯᠤᠰ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠦᠨᠡᠯᠡᠯᠲᠡ ᠶᠢ ᠥᠷᠨᠢᠭᠦᠯᠵᠦ᠂ ᠤᠯᠤᠰ ᠤᠨ ᠳᠣᠲᠣᠭᠠᠳᠤ ᠶᠢᠨ ᠬᠡᠰᠡᠭ ᠲᠤᠰᠬᠠᠢ ᠣᠷᠣᠨ ᠤ ᠲᠡᠰ ᠠᠴᠠ ᠳᠡᠭᠡᠭᠰᠢᠬᠢ ᠬᠤᠳᠠ ᠶᠢ ᠰᠣᠩᠭᠤᠨ ᠠᠰᠠᠭᠤᠳᠠᠯ ᠳᠤᠲᠠᠭᠤᠳᠠᠯ ᠢ ᠪᠦᠬᠦ ᠲᠠᠯ᠎ᠠ ᠪᠠᠷ ᠡᠷᠢᠬᠦ᠂ ᠲᠤᠷᠰᠢᠯᠭ᠎ᠠ ᠪᠠᠨ ᠳ᠋ᠦᠩᠨᠡᠬᠦ ᠠᠷᠭ᠎ᠠ ᠬᠢᠳᠡᠯ ᠨᠢ ᠨᠢᠭᠡᠨᠲᠡ ᠡᠯ᠎ᠡ ᠬᠤᠯᠪᠣᠭᠳᠠᠯ ᠪᠦᠬᠦᠢ ᠶᠠᠮᠤᠨ ᠵᠥᠪᠯᠡᠯ᠂ ᠮᠤᠵᠢ ᠣᠷᠣᠨ ᠬᠤᠳᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢᠶᠠᠨ ᠰᠢᠯᠢᠳᠡᠭᠵᠢᠭᠦᠯᠬᠦ ᠴᠢᠬᠤᠯᠠ ᠦᠨᠳᠦᠰᠦᠯᠡᠯ ᠪᠣᠯᠵᠠᠢ᠃ ᠡᠯ᠎ᠡ ᠮᠤᠵᠢ ᠤᠯᠤᠰ ᠤᠨ ᠲᠤᠷᠰᠢᠯᠭᠠᠲᠤ ᠠᠷᠭ᠎ᠠ ᠶᠢ ᠵᠢᠷᠤᠮᠯᠠᠵᠤ᠂ ᠦᠨᠡᠯᠡᠨ ᠵᠢᠱᠢᠬᠦ ︵ᠦᠨᠡᠯᠡᠬᠦ︶ ᠪᠠᠷ ᠭᠠᠷᠳᠠᠴᠠ ᠪᠣᠯᠭᠠᠨ ᠠᠰᠠᠭᠤᠳᠠᠯ ᠵᠥᠷᠢᠶ᠎ᠡ ᠪᠠᠨ ᠤᠯᠠᠮ ᠨᠢᠭᠡ ᠠᠯᠬᠤᠮ ᠡᠷᠢᠵᠦ ᠪᠠᠶᠢᠨ᠎ᠠ᠃ 2018 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠪᠥᠬᠦ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠦᠨᠡᠯᠡᠨ ᠵᠢᠱᠢᠯᠲᠡ ︵ᠦᠨᠡᠯᠡᠯᠲᠡ︶ ᠶᠢ ᠤᠷᠢᠳ ᠬᠤᠵᠢᠳ 3 ᠤᠳᠠᠭ᠎ᠠ ᠥᠷᠨᠢᠭᠦᠯᠵᠦ᠂ ᠠᠯᠢ ᠣᠯᠠᠨ ᠭᠠᠵᠠᠷ ᠣᠷᠣᠨ᠂ ᠬᠦᠷᠢᠶ᠎ᠡ ᠴᠠᠷᠠᠭ᠎ᠠ ᠬᠤᠪᠢᠶᠠᠭᠰᠠᠨ ᠮᠡᠳᠡᠭᠦᠯᠦᠯᠲᠡ ᠪᠠ ᠠᠰᠠᠭᠤᠳᠠᠯ ᠤᠨ ᠨᠠᠷᠢᠨ ᠲᠠᠩᠰᠠ ᠶᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠵᠢᠭᠠᠨ ᠵᠢᠯᠣᠭᠤᠳᠴᠤ ᠪᠠᠶᠢᠭᠠᠳ ᠦᠨᠡᠯᠡᠬᠦ ᠪᠠᠷ ᠥᠭᠡᠷᠡᠴᠢᠯᠡᠯᠲᠡ ᠶᠢ ᠠᠬᠢᠭᠤᠯᠬᠤ᠂ ᠦᠨᠡᠯᠡᠬᠦ ᠪᠠᠷ ᠰᠢᠯᠢᠳᠡᠭ ᠢ ᠠᠬᠢᠭᠤᠯᠬᠤ ᠨᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠭᠠᠷᠳᠠᠴᠠ ᠪᠣᠯᠤᠭᠰᠠᠨ ᠪᠠᠶᠢᠨ᠎ᠠ᠃

      ᠦᠨᠡᠯᠡᠨ ᠵᠢᠱᠢᠯᠲᠡ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠳᠤ ᠦᠵᠡᠭᠦᠯᠬᠦ ᠠᠬᠢᠭᠤᠯᠬᠤ ᠦᠢᠯᠡᠳᠦᠯ ᠢ ᠨᠡᠩ ᠰᠠᠶᠢᠨ ᠪᠠᠳᠠᠷᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ︽ᠤᠯᠤᠰ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠬᠦ ᠭᠦᠢᠴᠡᠳᠬᠡᠯ ᠲᠤᠭ᠎ᠠ ᠪᠠᠷ ᠪᠠᠷᠢᠮᠵᠢᠶᠠᠯᠠᠵᠤ ᠮᠠᠨ ᠤ ᠣᠷᠣᠨ ᠤ ᠰᠢᠯᠭᠠᠨ ᠦᠨᠡᠯᠡᠬᠦ ᠠᠷᠭ᠎ᠠ ᠶᠢ ᠲᠣᠭᠲᠠᠭᠠᠬᠤ ᠬᠡᠷᠡᠭᠲᠡᠢ︾ ᠭᠡᠵᠦ ᠱᠠᠭᠠᠷᠳᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠥᠪᠥᠷ ᠮᠣᠩᠭᠤᠯ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠪᠠᠶᠢᠭᠤᠯᠤᠯᠲᠠ ᠶᠢᠨ ᠭᠦᠢᠴᠡᠳᠬᠡᠯ ᠲᠤᠭ᠎ᠠ ᠶᠢ ᠦᠨᠡᠯᠡᠬᠦ ᠪᠠᠷᠢᠮᠵᠢᠶ᠎ᠠ᠂ ᠦᠨᠡᠯᠡᠬᠦ ᠠᠷᠭ᠎ᠠ ᠶᠢ ᠰᠤᠳᠤᠯᠤᠨ ᠲᠣᠭᠲᠠᠭᠠᠵᠤ᠂ ᠬᠢᠨᠠᠯᠲᠠ ᠲᠠᠯᠪᠢᠨ ᠪᠠᠶᠢᠴᠠᠭᠠᠬᠤ ᠪᠠ ᠦᠨᠡᠯᠡᠬᠦ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠬᠡᠷᠡᠭᠲᠡᠢ︾ ᠭᠡᠵᠦ ᠱᠠᠭᠠᠷᠳᠠᠪᠠ᠃ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠨ ᠳᠠᠷᠤᠮᠠᠯᠯᠠᠨ ᠲᠠᠷᠬᠠᠭᠠᠪᠠ᠃

      ᠬᠤᠶᠠᠷ᠂ ᠵᠢᠯᠣᠭᠤᠳᠬᠤ ᠦᠵᠡᠯ ᠰᠠᠨᠠᠭ᠎ᠠ

      ᠠᠷᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠣᠷᠣᠨ ᠤ ᠬᠠᠤᠯᠢ ᠶᠢ ᠵᠢᠷᠤᠮᠯᠠᠨ ᠲᠣᠭᠲᠠᠭᠠᠯ ᠳᠤ ᠨᠡᠶᠢᠴᠡᠭᠦᠯᠵᠦ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ ᠪᠠᠷ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠦᠨᠡᠯᠡᠯᠲᠡ ᠶᠢ ᠥᠷᠨᠢᠭᠦᠯᠬᠦ ᠶᠢ ᠵᠢᠯᠣᠭᠤᠳᠤᠨ᠎ᠠ᠃ ᠦᠨᠡᠯᠡᠨ ᠵᠢᠱᠢᠬᠦ ᠳᠤ ᠵᠠᠬ᠎ᠠ ᠳᠡᠯᠭᠡᠭᠦᠷᠴᠢᠯᠡᠬᠦ᠂ ᠬᠠᠤᠯᠢᠵᠢᠭᠤᠯᠬᠤ᠂ ᠳᠡᠯᠡᠬᠡᠶᠢᠴᠢᠯᠡᠬᠦ ᠵᠠᠷᠴᠢᠮ ᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠭᠦᠨᠵᠡᠭᠡᠶ ᠬᠤᠪᠢᠷᠠᠭᠤᠯᠬᠤ ᠪᠠᠷ ᠭᠤᠤᠯᠳᠠᠯᠭ᠎ᠠ ᠪᠣᠯᠭᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠲᠤᠷᠰᠢᠯᠭ᠎ᠠ ᠪᠠᠷ ᠲᠣᠯᠢᠯᠠᠭᠤᠯᠵᠤ᠂ ᠥᠪᠥᠷ ᠮᠣᠩᠭᠤᠯ ᠤᠨ ᠣᠨᠴᠠᠯᠢᠭ ᠲᠠᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠪᠠ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ᠂ ᠦᠨᠡᠯᠡᠬᠦ ᠪᠠᠷ ᠥᠭᠡᠷᠡᠴᠢᠯᠡᠯᠲᠡ ᠶᠢ ᠠᠬᠢᠭᠤᠯᠬᠤ᠂ ᠦᠨᠡᠯᠡᠬᠦ ᠪᠠᠷ ᠰᠢᠯᠢᠳᠡᠭᠵᠢᠭᠦᠯᠦᠯᠲᠡ ᠶᠢ ᠠᠬᠢᠭᠤᠯᠬᠤ ᠶᠢ ᠪᠡᠶᠡᠯᠡᠭᠦᠯᠵᠦ᠂ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ᠂ ᠠᠵᠤ ᠠᠬᠤᠶᠢᠯᠠᠯ ᠪᠠ ᠣᠯᠠᠨ ᠲᠦᠮᠡᠨ ᠳᠤ ᠲᠠᠭᠠᠰᠢᠶᠠᠭᠳᠠᠭᠰᠠᠨ ᠲᠡᠷᠢᠭᠦᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠣᠶ ᠪᠣᠯᠭᠠᠨ᠎ᠠ᠃

      ᠭᠤᠷᠪᠠ᠂ ᠭᠤᠣᠯ ᠠᠭᠤᠯᠭ᠎ᠠ

      ᠠᠵᠤ ᠠᠬᠤᠶᠢᠯᠠᠯ ᠤᠨ ᠪᠠᠯᠠ ᠣᠷᠣᠭᠤᠯᠤᠨ ᠦᠢᠯᠡᠳᠪᠦᠷᠢᠯᠡᠵᠦ ᠡᠵᠡᠩᠨᠡᠬᠦ ᠵᠡᠷᠭᠡ ᠪᠥᠬᠦ ᠦᠶᠡᠯᠡᠯ ᠤᠨ ᠬᠤᠭᠤᠴᠠᠭ᠎ᠠ ᠶᠢᠨ ᠲᠣᠭᠤᠷᠢᠨ ᠳᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠭᠤᠷᠪᠠᠳᠠᠭᠴᠢ ᠡᠲᠡᠭᠡᠳ ᠤᠨ ᠲᠤᠰᠬᠠᠶᠢᠵᠢᠭᠰᠠᠨ ᠪᠠᠶᠢᠭᠤᠯᠤᠮᠵᠢ ᠳᠤ ᠨᠠᠶᠢᠳᠠᠬᠤ ᠵᠠᠭᠪᠤᠷ ᠢᠶᠠᠷ ᠶᠠᠪᠤᠭᠳᠠᠭᠤᠯᠤᠨ᠎ᠠ᠃ ᠦᠨᠡᠯᠡᠨ ᠵᠢᠱᠢᠬᠦ ᠪᠠᠷᠢᠮᠵᠢᠶ᠎ᠠ ᠨᠢ ᠳᠡᠯᠡᠬᠡᠶ ᠶᠢᠨ ᠪᠠᠩᠬᠢ ᠪᠣᠯᠤᠨ ᠳᠤᠮᠳᠠᠳᠤ ᠤᠯᠤᠰ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠦᠨᠡᠯᠡᠯᠲᠡ ᠶᠢᠨ ᠪᠠᠷᠢᠮᠵᠢᠶ᠎ᠠ ᠲᠠᠢ ᠬᠠᠷᠢᠴᠠᠭᠤᠯᠵᠤ᠂ ᠭᠤᠣᠯᠳᠠᠯᠭ᠎ᠠ ᠲᠠᠢ ᠪᠠᠷ ᠠᠵᠤ ᠠᠬᠤᠶᠢᠯᠠᠯ ᠨᠡᠭᠡᠭᠡᠨ ᠡᠷᠬᠢᠯᠡᠬᠦ᠂ ᠪᠠᠷᠢᠯᠭ᠎ᠠ ᠶᠢᠨ ᠵᠥᠪᠰᠢᠶᠡᠷᠡᠯ ᠢ ᠭᠦᠢᠴᠡᠳᠬᠡᠬᠦ᠂ ᠴᠠᠬᠢᠯᠭᠠᠨ ᠬᠦᠴᠦ ᠶᠢ ᠤᠯᠬᠤ᠂ ᠤᠰᠤ ᠬᠡᠢ ᠤᠯᠬᠤ᠂ ᠳᠤᠯᠠᠭᠠᠯᠠᠭ᠎ᠠ ᠤᠯᠬᠤ᠂ ᠰᠦᠯᠵᠢᠶ᠎ᠡ ᠤᠯᠬᠤ᠂ ᠡᠳ᠋ ᠬᠦᠷᠦᠩᠭᠡ ᠳᠠᠩᠰᠠᠯᠠᠭᠤᠯᠬᠤ᠂ ᠭᠠᠶᠢᠯᠢ ᠲᠤᠰᠢᠶᠠᠬᠤ᠂ ᠬᠢᠯᠢ ᠠᠯᠤᠰᠯᠠᠨ ᠠᠷᠠᠯᠵᠢᠶᠠᠯᠠᠬᠤ᠂ ᠳᠠᠮᠫᠤᠷᠠᠭᠰᠠᠨ ᠢᠶᠠᠨ ᠭᠦᠢᠴᠡᠳᠬᠡᠬᠦ᠂ ᠢᠲᠡᠭᠡᠮᠵᠢᠲᠦ ᠵᠢᠭᠡᠯᠡᠯᠭᠡ ᠤᠯᠬᠤ᠂ ᠭᠡᠷ᠎ᠡ ᠭᠦᠢᠴᠡᠳᠬᠡᠬᠦ᠂ ᠳᠤᠮᠳᠠ ᠵᠢᠵᠢᠭ ᠪᠡᠯᠡ ᠣᠷᠣᠭᠤᠯᠤᠭᠴᠢ ᠶᠢ ᠬᠠᠮᠠᠭᠠᠯᠠᠬᠤ᠂ ᠵᠠᠰᠠᠭ ᠤᠨ ᠣᠷᠳᠣᠨ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠡᠭᠦᠳᠦᠯᠲᠡ ᠪᠠ ᠬᠡᠷᠡᠭᠯᠡᠯᠲᠡ᠂ ᠠᠭᠤᠴᠢᠯᠠᠨ ᠪᠠᠭᠲᠠᠭᠠᠵᠤ ᠲᠦᠭᠡᠮᠡᠯ ᠬᠠᠷᠠᠭᠠᠯᠵᠠᠬᠤ ᠶᠢ ᠰᠢᠨᠡᠴᠢᠯᠡᠬᠦ ᠭᠡᠬᠦ 20 ᠲᠠᠯ᠎ᠠ ᠪᠠᠷ 12 ᠠᠶᠢᠮᠠᠭ ᠬᠤᠲᠠ ᠶᠢᠨ ᠵᠠᠰᠠᠭ ᠤᠨ ᠣᠷᠳᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠲᠦᠪᠰᠢᠨ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠨ᠎ᠡ᠃ ᠦᠨᠡᠯᠡᠨ ᠵᠢᠱᠢᠬᠦ ᠳᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠠᠰᠠᠭᠤᠳᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤ ᠦᠨᠡᠯᠡᠬᠦ ᠪᠠᠷ ᠥᠭᠡᠷᠡᠴᠢᠯᠡᠯᠲᠡ ᠶᠢ ᠠᠬᠢᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠬᠦ ᠶᠢ ᠠᠬᠢᠭᠤᠯᠤᠨ᠎ᠠ᠃ ᠡᠭᠦᠨ ᠤ ᠬᠠᠮᠲᠤ᠂ ᠳᠤᠮᠳᠠᠳᠤ ᠤᠯᠤᠰ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠦᠨᠡᠯᠡᠯᠲᠡ ᠶᠢᠨ ᠬᠠᠮᠤᠭ ᠤᠨ ᠰᠠᠶᠢᠨ ᠬᠡᠷᠡᠭ ᠤᠨ ᠵᠢᠱᠢᠶ᠎ᠡ᠂ ᠬᠠᠮᠤᠭ ᠤᠨ ᠰᠢᠯᠢᠳᠡᠭ ᠭᠦᠢᠴᠡᠳᠬᠡᠯ ᠲᠤᠭ᠎ᠠ ᠪᠠᠷ ᠬᠤᠰᠢᠭᠤᠴᠢ ᠳᠠᠭᠤᠷᠢᠶᠠᠯ ᠪᠣᠯᠭᠠᠵᠤ᠂ ᠬᠦᠷᠦᠯᠴᠡᠬᠦ ᠥᠬᠡᠶ ᠲᠠᠯ᠎ᠠ ᠶᠢ ᠭᠦᠨᠵᠡᠭᠡᠶ ᠵᠠᠳᠠᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠵᠢᠯᠣᠭᠤᠳᠤᠨ ᠲᠡᠷᠢᠭᠦᠨ ᠤ ᠲᠦᠪᠰᠢᠨ ᠲᠠᠢ ᠬᠠᠷᠢᠴᠠᠭᠤᠯᠵᠤ᠂ ᠦᠰᠦᠷᠦᠯᠲᠡ ᠳᠡᠭᠡᠭᠰᠢᠯᠡᠯᠲᠡ ᠶᠢ ᠪᠡᠶᠡᠯᠡᠭᠦᠯᠬᠦ ᠪᠠᠷ ᠰᠤᠳᠤᠯᠤᠨ ᠲᠥᠯᠥᠪᠯᠡᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ