ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ ᠶᠢᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/31

      ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ  ᠸᠠᠩ ᠯᠢ ᠰᠢᠶᠠ ᠤᠷᠤᠯᠴᠠᠵᠠᠢ

1.jpg

 

2.jpg


3.jpg


      12 ᠰᠠᠷ᠎ᠠ ᠶᠢᠨ 30᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ ᠶᠢᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃

      ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠡᠷᠬᠢᠯᠡᠭᠴᠢ ᠸᠠᠩ ᠯᠢ ᠰᠢᠶᠠ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠣᠮᠢᠰᠰᠠᠷ ᠶᠠᠩ ᠰᠢᠶᠤᠤ ᠺᠠᠩ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠶᠢᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠣᠮᠠᠨᠳ᠋ᠯᠠᠭᠴᠢ ᠮᠠ ᠴᠢᠩ ᠯᠸᠢ ᠪᠥᠬᠦ ᠣᠷᠣᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠦᠨᠡᠯᠡᠵᠦ᠂ 2021ᠣᠨ ᠤ ᠪᠥᠬᠦ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠤᠨ ᠪᠡᠯᠡᠳᠭᠡᠯ ᠬᠦᠴᠦᠨ ᠤ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠴᠡᠷᠢᠭ ᠤᠨ ᠲᠣᠭᠤᠷᠢᠭ ᠤᠨ ᠭᠤᠤᠯ ᠠᠵᠢᠯ ᠤᠨ ᠲᠣᠬᠢᠷᠠᠭᠤᠯᠤᠯᠲᠠ ᠶᠢ ᠬᠠᠷᠢᠭᠤ ᠮᠡᠳᠡᠭᠦᠯᠪᠡ᠃ ᠡᠯ᠎ᠡ ᠴᠡᠷᠢᠭ ᠤᠨ ᠬᠤᠪᠢᠶᠠᠷᠢ ᠲᠣᠭᠤᠷᠢᠭ ︵ᠰᠡᠷᠭᠡᠶᠢᠯᠡᠯᠲᠡ ᠶᠢᠨ ᠲᠣᠭᠤᠷᠢᠭ︶᠎ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ ᠲᠤᠰᠢᠶᠠᠯ ᠤᠨ ᠮᠡᠳᠡᠭᠦᠯᠦᠯᠲᠡ ᠬᠢᠪᠡ᠃

      ᠬᠤᠷᠠᠯ ᠠᠴᠠ᠂ ᠵᠢᠯ ᠤᠨ ᠡᠬᠢᠨ ᠠᠴᠠ ᠨᠠᠭᠠᠰᠢ᠂ ᠪᠥᠬᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠶᠴᠡᠳᠭᠡᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠭᠦᠨᠵᠡᠭᠡᠶ ᠬᠥᠭᠵᠢᠭᠦᠯᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠪᠣᠯᠪᠠᠰᠤᠷᠠᠭᠤᠯᠵᠤ ᠲᠡᠶᠢᠨ ᠳᠤ ᠪᠡᠯᠡᠳᠭᠡᠬᠦ᠂ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠡᠷᠬᠡ ᠠᠰᠢᠭ ᠢ ᠪᠠᠲᠤᠯᠠᠬᠤ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ᠂ ᠰᠠᠭᠤᠭ᠎ᠠ ᠭᠠᠵᠠᠷ ᠤᠨ ᠴᠡᠷᠢᠭ ᠠᠩᠭᠢ ᠪᠣᠯᠤᠨ ᠳᠠᠷᠤᠭ᠎ᠠ ᠪᠠᠶᠢᠯᠳᠤᠭᠴᠢᠳ ᠤᠨ ᠬᠦᠴᠢᠷ ᠵᠣᠪᠠᠭᠤᠷᠢ ᠶᠢ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠰᠢᠶᠳᠪᠦᠷᠢᠯᠡᠵᠦ ᠥᠭᠴᠡᠶ᠃ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠬᠢᠨ ᠨᠠᠮ ᠤᠨ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠶᠢᠨ ᠲᠣᠭᠤᠷᠢᠨ ᠳᠤ᠂ ᠨᠠᠮ ᠤᠨ ᠲᠥᠪ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠠᠷ ᠲᠤᠬ ᠢ ᠮᠠᠨᠳᠤᠭᠤᠯᠤᠨ ᠰᠦᠭ ᠰᠦᠨᠡᠰᠦ ᠶᠢ ᠱᠤᠭᠤᠬᠤ᠂ ᠥᠷᠭᠡᠨ ᠤᠯᠠᠨ ᠳᠠᠷᠤᠭ᠎ᠠ ᠪᠠᠶᠢᠯᠳᠤᠭᠴᠢ ᠶᠢᠨ ᠭᠤᠣᠯᠯᠠᠭᠴᠢ ᠪᠠᠨ ᠬᠠᠮᠠᠭᠠᠯᠠᠬᠤ᠂ ᠨᠠᠮ ᠤᠨ ᠵᠢᠯᠤᠭᠤᠳᠤᠯᠭ᠎ᠠ ᠶᠢ ᠲᠠᠭᠠᠬᠤ ᠢᠲᠡᠭᠡᠯ ᠵᠣᠷᠢᠭ ᠢ ᠨᠡᠩ ᠪᠠᠲᠤᠳᠬᠠᠵᠤ᠂ ᠲᠠᠶᠢᠨ ᠳᠤ ᠪᠡᠯᠡᠳᠭᠡᠵᠦ ᠲᠠᠶᠢᠯᠠᠯᠳᠤᠭᠠᠨ ᠬᠢᠬᠦ᠂ ᠭᠤᠣᠯ ᠠᠵᠢᠯ ᠢ ᠭᠤᠣᠯᠯᠠᠨ ᠠᠳᠬᠤᠬᠤ ᠤᠳᠤᠷᠢᠳᠤᠮᠵᠢ ᠶᠢ ᠨᠡᠩ ᠢᠯᠡ ᠲᠣᠳᠣ ᠪᠣᠯᠭᠠᠵᠤ᠂ ᠠᠷᠠᠳ ᠲᠦᠮᠡᠨ ᠳᠤ ᠦᠢᠯᠡᠴᠢᠯᠡᠬᠦ᠂ ᠰᠠᠭᠤᠭ᠎ᠠ ᠭᠠᠵᠠᠷ ᠲᠠᠭᠠᠨ ᠬᠤᠪᠢ ᠨᠡᠮᠡᠷᠢ ᠦᠵᠡᠭᠦᠯᠬᠦ ᠠᠵᠢᠯᠯᠠᠭ᠎ᠠ ᠶᠢ ᠤᠬᠠᠮᠰᠠᠷ ᠠᠴᠠ ᠪᠠᠨ ᠨᠡᠩ ᠰᠠᠶᠢᠳᠤᠷ ᠬᠢᠵᠦ᠂ ᠪᠦᠬᠦᠯᠢ ᠴᠣᠭᠴᠠ ᠶᠢᠨ ᠪᠠᠶᠢᠭᠤᠯᠤᠯᠲᠠ ᠶᠢᠨ ᠪᠠᠶᠢᠳᠠᠯ ᠦᠭᠡᠳᠡᠷᠭᠡᠭ ᠲᠠᠪᠰᠢᠯᠳᠠ ᠲᠠᠢ ᠪᠠᠶᠢᠬᠤ ᠭᠡᠷᠡᠭᠳᠠᠢ᠃ ᠰᠢᠨ᠎ᠡ ᠭᠠᠷᠤᠭ᠎ᠠ ᠰᠢᠨ᠎ᠡ ᠠᠶᠠᠨ ᠳᠤ᠂ ᠪᠥᠬᠦ ᠣᠷᠣᠨ ᠤ ᠴᠡᠷᠢᠭ ᠠᠩᠭᠢ ᠪᠠ ᠣᠷᠣᠨ ᠨᠤᠲᠤᠭ ᠤᠨ ᠡᠯ᠎ᠡ ᠱᠠᠲᠤᠨ ᠤ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢᠨ ᠲᠤᠬᠠᠶ ᠨᠠᠮ ᠤᠨ ᠲᠥᠪ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠠᠰᠤᠷᠠᠯᠲᠠ ᠥᠬᠡᠶ ᠰᠢᠨ᠎ᠡ ᠳᠠᠪᠰᠢᠯᠲᠠ ᠲᠠᠢ ᠪᠣᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠭᠡᠯ ᠬᠦᠴᠦᠨ ᠤ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠭᠡᠵᠦ ᠵᠢᠭᠠᠵᠤ ᠭᠠᠷᠭᠠᠪᠠ᠃

      ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠢᠯᠠᠩᠭᠤᠶ᠎ᠠ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠴᠡᠷᠢᠭ ᠢ ᠬᠦᠴᠦᠷᠬᠡᠭᠵᠢᠭᠦᠯᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠤᠯᠤᠰ ᠲᠥᠷᠥ ᠶᠢᠨ ᠠᠵᠢᠯ ᠤᠨ ᠴᠡᠷᠢᠭ ᠢ ᠬᠦᠴᠦᠷᠬᠡᠭᠵᠢᠭᠦᠯᠵᠦ ᠴᠡᠷᠢᠭ ᠢ ᠮᠠᠨᠳᠤᠭᠤᠯᠬᠤ ᠳᠤ ᠦᠵᠡᠭᠦᠯᠬᠦ ᠠᠮᠢᠨ ᠰᠤᠳᠠᠰᠤ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠶᠢᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠪᠥᠬᠦ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠥᠷᠭᠡᠨ ᠣᠯᠠᠨ ᠳᠠᠷᠤᠭ᠎ᠠ ᠪᠠᠶᠢᠯᠳᠤᠭᠴᠢᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠬᠠᠷᠢᠭᠤᠴᠠᠬᠤ ᠲᠦᠷᠢᠮ ᠢ ᠡᠷᠡᠰ ᠲᠤᠭᠤᠰᠢᠯᠠᠭᠤᠯᠵᠤ᠂ ᠬᠠᠷᠢᠴᠠᠯᠠᠰᠢᠭᠦᠢ ᠦᠨᠡᠨᠴᠢ ᠰᠢᠳᠤᠷᠭᠤ᠂ ᠬᠠᠷᠢᠴᠠᠯᠠᠰᠢᠭᠦᠢ ᠠᠷᠢᠭᠤᠨ ᠴᠡᠪᠡᠷ᠂ ᠬᠠᠷᠢᠴᠠᠯᠠᠰᠢᠭᠦᠢ ᠨᠠᠶᠢᠳᠠᠪᠤᠷᠢᠲᠠᠶ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠲᠠᠶᠢᠨ ᠳᠤ ᠪᠡᠯᠡᠳᠭᠡᠵᠥ ᠲᠠᠶᠢᠯᠠᠯᠳᠤᠭᠠᠨ ᠬᠢᠬᠦ ᠶᠢ ᠴᠢᠩᠭ᠎ᠠ ᠠᠳᠬᠤᠵᠤ᠂ ᠵᠢᠩᠬᠢᠨᠢ ᠲᠠᠶᠢᠨ ᠤ ᠪᠡᠯᠡᠳᠭᠡᠯ ᠤᠨ ᠪᠣᠯᠪᠠᠰᠤᠷᠠᠯ ᠢ ᠴᠢᠩᠭ᠎ᠠ ᠠᠳᠬᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠡᠷᠡᠰ ᠨᠠᠶᠢᠳᠠᠪᠤᠷᠢᠵᠢᠭᠤᠯᠵᠤ᠂ ᠡᠷᠦᠭᠡ ᠶᠢᠨ ᠴᠡᠷᠢᠭ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠵᠤ᠂ ᠡᠯ᠎ᠡ ᠡᠮᠦᠨ᠎ᠡ ᠹᠷᠣᠨᠲ ᠢ ᠲᠤᠰᠠᠯᠠᠬᠤ ᠪᠡᠯᠡᠳᠭᠡᠯ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠴᠡᠷᠢᠭ ᠤᠨ ᠶᠠᠪᠤᠳᠠᠯ ᠤᠨ ᠲᠡᠮᠡᠴᠡᠯ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠪᠡᠯᠡᠳᠭᠡᠯ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠤᠯᠤᠰ ᠲᠥᠷᠥ ᠪᠠ ᠪᠥᠬᠦ ᠲᠠᠯ᠎ᠠ ᠶᠢᠨ ᠦᠨᠳᠦᠷᠴᠡ ᠠᠴᠠ ᠬᠢᠯᠢ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠬᠠᠨᠳᠤᠬᠤ ᠪᠠ ᠰᠠᠶᠢᠲᠤᠷ ᠠᠳᠬᠤᠵᠤ᠂ ᠬᠢᠯᠢ ᠶᠢᠨ ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠴᠡᠷᠢᠭ ᠠᠩᠭᠢ ᠪᠠ ᠣᠷᠣᠨ ᠨᠤᠲᠤᠭ ᠤᠨ ᠬᠤᠯᠪᠣᠭᠠᠯᠠᠨ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠢᠯᠢ ᠪᠠᠨ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠲᠡᠶ᠃ ᠴᠡᠷᠢᠭ ᠨᠢ ᠠᠷᠠᠳ ᠢᠶᠠᠨ ᠬᠠᠶᠢᠷᠠᠯᠠᠬᠤ᠂ ᠠᠷᠠᠳ ᠨᠢ ᠴᠡᠷᠢᠭ ᠢᠶᠠᠨ ᠬᠦᠷᠢᠶᠡᠯᠡᠬᠦ ᠰᠢᠯᠢᠳᠡᠭ ᠤᠯᠠᠮᠵᠢᠯᠠᠯ ᠢ ᠶᠡᠭᠡ ᠪᠠᠷ ᠪᠠᠳᠠᠷᠠᠭᠤᠯᠵᠤ᠂ ᠬᠤᠶᠠᠷ ᠢ ᠬᠦᠷᠢᠶᠡᠯᠡᠬᠦ ᠠᠵᠢᠯ ᠤᠨ ᠠᠴᠢᠶᠠᠯᠠᠪᠤᠷᠢ ᠶᠢ ᠰᠢᠨᠡᠴᠢᠯᠡᠵᠦ᠂ ᠬᠤᠶᠠᠷ ᠢ ᠬᠦᠷᠢᠶᠡᠯᠡᠬᠦ ᠠᠵᠢᠯ ᠤᠨ ᠶᠠᠰᠤ ᠴᠢᠨᠠᠷ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠴᠡᠷᠢᠭ ᠤᠨ ᠶᠠᠪᠤᠳᠠᠯ ᠤᠨ ᠡᠭᠦᠷᠭᠡ ᠶᠢ ᠪᠡᠶᠡᠯᠡᠭᠦᠯᠦᠭᠰᠡᠨ ᠤᠷᠢᠲᠠᠯ ᠳᠣᠣᠷ᠎ᠠ᠂ ᠣᠷᠣᠨ ᠨᠤᠲᠤᠭ ᠤᠨ ᠭᠤᠣᠯ ᠠᠵᠢᠯ ᠲᠠᠢ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠳᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠬᠦ ᠶᠢ ᠬᠢᠪᠡᠰᠦ ᠵᠣᠬᠢᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠣᠯᠭᠠᠵᠤ᠂ ᠡᠮᠦᠨ᠎ᠡ ᠹᠷᠣᠨᠲ᠂ ᠡᠮᠦᠨ᠎ᠡ ᠲᠠᠯ᠎ᠠ᠂ ᠡᠮᠦᠨ᠎ᠡ ᠬᠠᠷᠠᠭᠤᠯ ᠳᠤ ᠠᠩᠬᠠᠷᠤᠯ ᠢᠶᠠᠨ ᠲᠥᠪᠯᠡᠷᠡᠭᠦᠯᠦᠨ ᠪᠠᠲᠤᠯᠠᠭ᠎ᠠ ᠶᠢ ᠰᠠᠶᠢᠲᠤᠷ ᠠᠳᠬᠤᠵᠤ᠂ ᠠᠷᠤ ᠵᠠᠮ᠂ ᠠᠷᠤ ᠲᠠᠯ᠎ᠠ᠂ ᠬᠤᠶᠢᠴᠢ ᠦᠶ᠎ᠡ ᠳᠠᠬᠢ ᠦᠢᠯᠡᠴᠢᠯᠡᠭᠡ ᠪᠠᠨ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠴᠡᠷᠢᠭ ᠠᠩᠭᠢ ᠪᠠ ᠳᠠᠷᠤᠭ᠎ᠠ ᠪᠠᠶᠢᠯᠳᠤᠭᠴᠢᠳ ᠤᠨ ᠪᠣᠳᠠᠲᠠᠢ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃

      ᠬᠤᠷᠠᠯ ᠠᠴᠠ᠂ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠤᠯᠤᠰ ᠲᠦᠷᠦ ᠶᠢᠨ ᠴᠢᠭᠯᠡᠯ ᠢ ᠬᠠᠮᠢᠶᠠᠷᠬᠤ᠂ ᠦᠵᠡᠯ ᠰᠠᠨᠠᠭᠠᠨ ᠤ ᠬᠥᠮᠦᠵᠢᠯ ᠢ ᠬᠠᠮᠢᠶᠠᠷᠬᠤ᠂ ᠵᠣᠬᠢᠶᠠᠨ ᠪᠠᠶᠢᠭᠤᠯᠤᠯᠲᠠ ᠶᠢᠨ ᠡᠩᠨᠡᠭᠡ ᠶᠢ ᠬᠠᠮᠢᠶᠠᠷᠬᠤ᠂ ᠪᠠᠴᠢᠮ ᠪᠠᠶᠢᠳᠠᠯ ᠢ ᠠᠷᠭᠠᠴᠠᠭᠠᠵᠤ ᠲᠠᠶᠢᠨ ᠳᠤ ᠪᠡᠯᠡᠳᠭᠡᠬᠦ ᠶᠢ ᠬᠠᠮᠢᠶᠠᠷᠬᠤ᠂ ᠪᠠᠶᠢᠭᠤᠯᠤᠯᠲᠠ ᠶᠢᠨ ᠪᠠᠲᠤᠯᠠᠭ᠎ᠠ ᠶᠢ ᠬᠠᠮᠢᠶᠠᠷᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠡᠭᠦᠷᠭᠡᠯᠡᠵᠦ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠱᠦᠵᠢ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠰᠠᠨᠠᠭᠠᠴᠢᠯᠠᠭ᠎ᠠ ᠠᠴᠠ ᠪᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠪᠡᠶ᠎ᠡ ᠪᠠᠷ ᠢᠶᠠᠨ ᠰᠤᠳᠤᠯᠤᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠬᠢᠨᠠᠨ ᠵᠢᠯᠣᠭᠤᠳᠴᠤ ᠪᠠᠶᠢᠭᠠᠳ ᠬᠤᠯᠪᠣᠭᠳᠠᠯ ᠪᠦᠬᠦᠢ ᠠᠵᠢᠯ ᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠴᠡᠷᠢᠭ ᠤᠨ ᠶᠠᠪᠤᠳᠠᠯ ᠤᠨ ᠪᠠᠶᠢᠭᠤᠯᠭ᠎ᠠ ᠣᠷᠣᠨ ᠨᠤᠲᠤᠭ ᠤᠨ ᠨᠠᠮ ᠤᠨ ᠬᠤᠷᠢᠶ᠎ᠠ ᠶᠢ ᠢᠳᠡᠪᠬᠢᠲᠡᠢ ᠬᠠᠮᠵᠢᠵᠤ ᠪᠠᠶᠢᠭᠠᠳ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠰᠠᠶᠢᠲᠤᠷ ᠬᠢᠵᠦ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠡᠭᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠤ ᠴᠢᠬᠤᠯᠠᠴᠢᠯᠠᠪᠠ᠃

      ᠥᠪᠡᠷᠲᠡᠭᠡᠨ ᠵᠠᠰᠠᠬᠤ ᠣᠷᠣᠨ ᠤ ᠴᠡᠷᠢᠭ ᠪᠠ ᠣᠷᠣᠨ ᠨᠤᠲᠤᠭ ᠤᠨ ᠬᠤᠯᠪᠣᠭᠳᠠᠯ ᠪᠥᠬᠦᠶ ᠤᠳᠤᠷᠢᠳᠬᠤ ᠨᠥᠬᠦᠳ᠂ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ