| 12 ᠰᠠᠷ᠎ᠠ ᠶᠢᠨ 30 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠬᠦᠬᠡᠬᠤᠳᠠ ᠳᠤ ᠳᠤᠮᠳᠠᠳᠤ ᠤᠯᠤᠰ ᠤᠨ ᠬᠦᠬᠡᠮᠦ᠋ᠷᠡᠨ ᠤ ᠭᠤᠷᠪᠠᠨ ᠬᠠᠪᠴᠢᠯ ᠤᠨ ᠪᠦᠯᠦᠭᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠸᠢ ᠮᠢᠩ ᠱᠠᠨ ᠲᠠᠢ ᠠᠭᠤᠯᠵᠠᠪᠠ᠃ | ᠱᠢ ᠲᠠᠢ ᠹᠧᠩ ᠡᠩ ᠲᠡᠷᠢᠬᠦᠨ ᠳᠤ ᠯᠸᠢ ᠮᠢᠩ ᠱᠠᠨ ᠨᠠᠷ ᠤᠨ ᠬᠦᠷᠴᠦ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠪᠡ᠃ ᠲᠡᠷᠡ᠂ ᠤᠯᠠᠨ | ᠵᠢᠯ ᠤᠨ ᠲᠤᠷᠰᠢ᠂ ᠥᠪᠥᠷ ᠮᠣᠩᠭᠤᠯ ᠪᠣᠯᠤᠨ ᠭᠤᠷᠪᠠᠨ ᠬᠠᠪᠴᠢᠯ ᠤᠨ ᠪᠦᠯᠦᠭᠯᠡᠯ ᠰᠠᠶᠢᠨ ᠰᠠᠶᠢᠬᠠᠨ ᠬᠠᠮᠲᠤᠷᠠᠯᠴᠠᠭ᠎ᠠ ᠪᠠᠨ ᠪᠠᠲᠤᠯᠠᠵᠤ᠂ ᠬᠤᠶᠠᠷ ᠲᠠᠯ᠎ᠠ ᠶᠢᠨ | ᠬᠠᠮᠲᠤᠷᠠᠯᠴᠠᠭ᠎ᠠ ᠢᠯᠡᠳᠲᠡ ᠦᠷ᠎ᠡ ᠪᠦᠲᠦᠮᠵᠢ ᠤᠯᠪᠠ᠃ ᠪᠢᠳᠡ ᠭᠤᠷᠪᠠᠨ ᠬᠠᠪᠴᠢᠯ ᠤᠨ ᠪᠦᠯᠦᠭᠯᠡᠯ ᠲᠠᠢ ᠰᠢᠨ᠎ᠡ ᠭᠠᠷᠤᠭ᠎ᠠ ᠳᠡᠭᠡᠷ᠎ᠡ ᠦᠷᠭᠦᠯᠵᠢᠯᠡᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠪᠠᠨ ᠥᠷᠭᠡᠳᠭᠡᠵᠦ᠂ ᠬᠠᠮᠲᠤᠷᠠᠯᠴᠠᠭᠠᠨ ᠤ ᠲᠡᠰ ᠳᠠᠪᠬᠤᠷᠭ᠎ᠠ ᠪᠠᠨ | ᠳᠡᠭᠡᠭᠰᠢᠯᠡᠭᠦᠯᠬᠦ ᠳᠤ ᠬᠦᠰᠡᠯ ᠡᠷᠡᠮᠡᠯᠵᠡᠯ ᠳᠦᠭᠦᠷᠡᠩ ᠪᠠᠶᠢᠨ᠎ᠠ᠃ ᠣᠳᠣᠬᠠᠨ ᠳᠤ᠂ ᠥᠪᠥᠷ ᠮᠣᠩᠭᠤᠯ ᠶᠠᠭ ᠰᠢᠨ᠎ᠡ ᠡᠨᠧᠷᠭᠢ ᠶᠢᠨ ᠪᠥᠬᠦ ᠠᠵᠤ ᠦᠶᠯᠡᠰ ᠤᠨ | ᠬᠡᠯᠬᠢᠶ᠎ᠡ ᠶᠢᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠬᠦᠳᠦᠯᠦᠨ ᠳᠠᠭᠠᠭᠤᠯᠵᠥ ᠳᠠᠶᠢᠴᠢᠯᠠᠵᠤ | ᠪᠠᠶᠢᠨ᠎ᠠ᠃ ᠭᠤᠷᠪᠠᠨ ᠬᠠᠪᠴᠢᠯ ᠤᠨ ᠪᠦᠯᠦᠭᠯᠡᠯ ᠤᠨ ᠬᠢᠨ ᠲᠠᠭᠠᠭᠤᠯᠤᠬᠴᠢ ᠠᠵᠤ ᠠᠬᠤᠶᠢᠯᠠᠯ ᠪᠣᠯᠤᠨ ︽ᠬᠡᠯᠬᠢᠶ᠎ᠡ ᠶᠢᠨ ᠡᠵᠡᠨ︾ ᠤ ᠳᠠᠪᠠᠭᠤᠯᠢᠭ ᠦᠢᠯᠡᠳᠦᠯ ᠢᠶᠠᠨ | ᠭᠦᠢᠴᠡᠳ ᠪᠠᠳᠠᠷᠠᠭᠤᠯᠵᠤ᠂ ᠪᠦᠬᠦ ᠠᠵᠤ ᠦᠢᠯᠡᠰ ᠤᠨ ᠬᠡᠯᠬᠢᠶ᠎ᠡ᠂ ᠪᠦᠯᠦᠭᠵᠢᠭᠰᠡᠨ ᠬᠥᠭᠵᠢᠯᠲᠡ ᠶᠢᠨ ᠬᠠᠷᠠᠯᠲᠠ ᠶᠢᠨ ᠢᠶᠠᠨ ᠲᠣᠭᠤᠷᠢᠨ ᠳᠤ ᠥᠪᠥᠷ | ᠮᠣᠩᠭᠤᠯ ᠯᠤᠭ᠎ᠠ ᠶᠢᠨ ᠭᠦᠨᠵᠡᠭᠡᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠩ ᠤᠯᠠᠨ ᠴᠢᠨᠠᠷ ᠰᠠᠶᠢᠲᠠᠢ ᠲᠦᠷᠦᠯ ᠵᠦᠢᠯ ᠢ ᠲᠥᠯᠥᠪᠵᠢᠭᠦᠯᠦᠨ ᠠᠬᠢᠭᠤᠯᠵᠤ᠂ ᠬᠤᠶᠠᠷ | ᠲᠠᠯ᠎ᠠ ᠶᠢᠨ ᠨᠡᠩ ᠥᠨᠳᠥᠷ ᠲᠦᠪᠰᠢᠨ ᠪᠦᠬᠦᠢ ᠬᠠᠮᠲᠤ ᠪᠠᠷ ᠠᠰᠢᠭ ᠬᠦᠷᠳᠡᠬᠦ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠬᠡᠪᠡ᠃ | ᠯᠸᠢ ᠮᠢᠩ ᠱᠠᠨ᠂ ᠭᠤᠷᠪᠠᠨ ᠬᠠᠪᠴᠢᠯ ᠤᠨ ᠪᠦᠯᠦᠭᠯᠡᠯ ᠴᠢᠬᠤᠯᠠ ᠶᠡᠭᠡ ᠠᠵᠠ ᠲᠣᠬᠢᠶᠠᠯ ᠢ ᠠᠮᠵᠢᠵᠤ᠂ ᠥᠪᠥᠷ ᠮᠣᠩᠭᠤᠯ ᠤᠨ ᠬᠥᠭᠵᠢᠯᠲᠡ ᠶᠢᠨ | ᠬᠡᠷᠡᠭᠴᠡᠭᠡ ᠶᠢᠨ ᠲᠣᠭᠤᠷᠢᠨ ᠳᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠳᠤᠷᠠᠳᠴᠤ ᠭᠠᠷᠭᠠᠬᠰᠠᠨ ᠰᠢᠨ᠎ᠡ | ᠡᠨᠧᠷᠭᠢ ᠶᠢᠨ ︽ᠬᠤᠶᠠᠷ ᠢ ᠤᠷᠢᠳ ᠢᠶᠠᠷ ᠬᠥᠭᠵᠢᠭᠦᠯᠬᠦ︾᠂ ︽ᠬᠤᠶᠠᠷ ᠢ ᠳᠠᠪᠠᠭᠤᠯᠬᠤ︾ ᠬᠠᠷᠠᠯᠲᠠ ᠶᠢ ᠪᠡᠶᠡᠯᠡᠭᠦᠯᠬᠦ ᠳᠤ ᠭᠤᠷᠪᠠᠨ ᠬᠠᠪᠴᠢᠯ ᠤᠨ ᠪᠦᠯᠦᠭᠯᠡᠯ ᠤᠨ | ᠬᠦᠴᠦᠨ ᠴᠢᠳᠠᠯ ᠢᠶᠠᠨ ᠡᠷᠭᠦᠵᠦ᠂ ᠥᠪᠥᠷ ᠮᠣᠩᠭᠤᠯ ᠤᠨ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠪᠠ ᠴᠢᠨᠠᠷ ᠰᠠᠶᠢᠲᠠᠢ ᠬᠥᠭᠵᠢᠯᠲᠡ ᠳᠤ ᠨᠡᠩ | ᠰᠠᠶᠢᠨ ᠢᠶᠠᠷ ᠬᠦᠴᠦᠨ ᠨᠡᠮᠡᠷᠢᠯᠡᠨ᠎ᠡ ᠭᠡᠵᠦ ᠢᠯᠡᠳᠭᠡᠪᠡ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠤᠢ ᠯᠢ ᠰᠢᠨ᠂ ᠵᠠᠩ ᠱᠤᠤ ᠴᠦᠨ᠂ ᠭᠤᠷᠪᠠᠨ ᠬᠠᠪᠴᠢᠯ ᠤᠨ ᠪᠦᠯᠦᠭᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠳᠡᠳ᠋ ᠶᠡᠷᠦᠩᠬᠡᠢ ᠳᠠᠭᠠᠭᠠᠮᠠᠯ ᠸᠠᠩ ᠯᠢᠶᠠᠩ ᠶᠢᠦ ᠨᠠᠷ ᠠᠭᠤᠯᠵᠠᠯᠲᠠ ᠳᠤ ᠣᠷᠣᠯᠴᠠᠵᠠᠢ᠃ |