| 12 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ | ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠤᠷᠪᠠᠳᠤᠭᠠᠷ ᠤᠳᠠᠭ᠎ᠠ ᠶᠢᠨ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠲᠠ ᠶᠢᠨ | ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ | ᠰᠢᠨ᠎ᠡ ᠴᠠᠭ ᠦᠶ᠎ᠡ ᠳᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠶᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠪᠠ᠃ ᠥᠪᠥᠷ | ᠮᠣᠩᠭᠤᠯ ᠨᠢ ᠤᠯᠤᠰ ᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠥᠬᠦ ᠲᠠᠯ᠎ᠠ ᠳᠤ ᠴᠢᠬᠤᠯᠠ ᠪᠠᠶᠢᠷᠢ | ᠰᠠᠭᠤᠷᠢ ᠲᠠᠢ ᠶᠤᠮ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠳᠤ ᠦᠶᠯᠡᠴᠢᠯᠡᠬᠦ ᠪᠠ ᠠᠭᠤᠰᠤᠯᠴᠠᠬᠤ ᠨᠢ ᠪᠥᠬᠦ ᠤᠯᠤᠰ ᠤᠨ | ᠨᠡᠭᠡᠭᠡᠯᠲᠡ ᠶᠢᠨ ᠶᠡᠭᠡ ᠲᠠᠯ᠎ᠠ ᠳᠤ ᠬᠤᠯᠪᠣᠭᠳᠠᠵᠤ᠂ ᠪᠢᠳᠡᠨ ᠤ ᠡᠷᠬᠡᠪᠰᠢ ᠦᠨᠡᠨ ᠬᠦ ᠡᠭᠦᠷᠭᠡᠯᠡᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠣᠯᠤᠨ᠎ᠠ᠃ | ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠬᠤ ᠪᠠ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶ᠎ᠠ ᠲᠠᠢ᠂ ᠲᠠᠭᠠᠭᠠᠮᠠᠭᠠᠢ ᠪᠠᠶᠢᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠠᠷ ᠬᠠᠷᠠᠯᠲᠠ ᠪᠣᠯᠭᠠᠵᠤ᠂ ᠪᠠᠶᠢᠷᠢ | ᠲᠣᠭᠲᠠᠭᠠᠯᠲᠠ ᠪᠠᠨ ᠣᠨᠣᠪᠴᠢᠲᠠᠶ ᠣᠯᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠥᠪᠥᠷ ᠮᠣᠩᠭᠤᠯ ᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ | ᠪᠠᠶᠢᠭᠤᠯᠬᠤ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠲᠤᠷ ᠦᠶᠯᠡᠴᠢᠯᠡᠬᠦ ᠪᠠ ᠠᠭᠤᠰᠤᠯᠴᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠪᠣᠳᠠᠲᠤ | ᠪᠠᠶᠢᠳᠠᠯ ᠳᠤ ᠰᠠᠭᠤᠷᠢᠯᠠᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠲᠠᠢ ᠤᠶᠠᠯᠳᠤᠭᠤᠯᠤᠨ᠂ | ᠨᠡᠩ ᠥᠨᠳᠥᠷ ᠵᠣᠭᠰᠣᠴᠠ᠂ ᠨᠡᠩ ᠶᠡᠭᠡ ᠪᠠᠶᠢᠷᠢᠰᠢᠯ᠂ ᠨᠡᠩ ᠥᠷᠭᠡᠨ ᠬᠠᠷᠠᠭᠠᠰᠤ ᠠᠴᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠳᠤ | ᠦᠢᠯᠡᠴᠢᠯᠡᠬᠦ ᠪᠠ ᠠᠭᠤᠰᠤᠯᠴᠠᠬᠤ ᠶᠢ ᠳᠦᠯᠦᠪᠵᠢᠬᠦᠯᠵᠥ᠂ ᠮᠠᠨ ᠤ ᠤᠯᠤᠰ ᠤᠨ ᠤᠮᠠᠷᠠᠰᠢ ᠨᠡᠭᠡᠭᠡᠯᠳᠠ ᠬᠢᠬᠦ ᠴᠢᠬᠤᠯᠠ ᠪᠠᠬᠢᠯᠡᠯᠲᠡ ᠶᠢᠨ ᠪᠦᠳᠦᠭᠡᠨ ᠪᠠᠶᠢᠭᠤᠯᠤᠯᠲᠠ ᠶᠢᠨ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠦᠳᠦᠭᠡᠨ ᠪᠠᠶᠢᠭᠤᠯᠤᠯᠲᠠ ᠶᠢ ᠬᠦᠴᠦᠯᠡᠨ | ᠠᠬᠢᠭᠤᠯᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠥᠪᠥᠷ ᠮᠣᠩᠭᠤᠯ ᠤᠨ ᠣᠷᠣᠨ ᠪᠠᠶᠢᠷᠢ ᠶᠢᠨ ᠳᠠᠪᠠᠭᠤᠯᠢᠭ ᠢ ᠦᠨᠡᠨ ᠬᠦ ᠨᠡᠭᠡᠭᠡᠯᠳᠠ ᠶᠢᠨ ᠳᠠᠪᠠᠭᠤᠯᠢᠭ᠂ | ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠨᠠᠮ ᠪᠣᠯᠤᠨ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ | ᠬᠡᠵᠥ ᠵᠢᠭᠠᠵᠥ ᠭᠠᠷᠭᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠬᠤᠷᠠᠯ ᠳᠡᠭᠡᠷᠡᠬᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ | ᠰᠠᠶᠢᠳ ᠯᠢ ᠺᠧ ᠴᠢᠶᠠᠩ ᠤᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠳᠡᠭᠡᠷᠡᠬᠢ ︽ᠬᠥᠳᠡᠭᠡ ᠠᠵᠤ ᠠᠬᠤᠢ ᠬᠥᠳᠡᠭᠡ ᠲᠣᠰᠬᠤᠨ | ᠲᠠᠷᠢᠶᠠᠴᠢᠨ︾ ᠤ ᠠᠵᠢᠯ ᠤᠨ ᠲᠤᠬᠠᠢ ᠬᠤᠯᠪᠣᠭᠳᠠᠯ ᠪᠦᠬᠦᠢ ᠱᠠᠭᠠᠷᠳᠠᠯᠭ᠎ᠠ ᠪᠣᠯᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠥᠪᠥᠷ ᠮᠣᠩᠭᠤᠯ ᠪᠣᠯ ᠮᠠᠯ ᠠᠵᠤ ᠠᠬᠤᠶ ᠲᠠᠷᠢᠶᠠᠯᠠᠩ ᠤᠨ ᠲᠣᠮᠣ ᠣᠷᠣᠨ᠂ ᠪᠥᠬᠦ ᠤᠯᠤᠰ ᠤᠨ ᠠᠮᠤ ᠪᠤᠳᠠᠭᠠᠨ ᠤ 13 | ᠭᠤᠤᠯ ᠭᠠᠷᠤᠯᠲᠠ ᠶᠢᠨ ᠣᠷᠣᠨ ᠤ ᠨᠢᠭᠡ ᠪᠣᠯᠤᠨ᠎ᠠ᠂ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ | ᠰᠠᠶᠢᠲᠤᠷ ᠬᠢᠬᠦ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠢᠷᠡᠬᠦ ᠵᠢᠯ ᠤᠨ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ | ᠤ ᠠᠵᠢᠯ ᠢ ᠰᠠᠶᠢᠲᠤᠷ ᠬᠢᠬᠦ ᠶᠢᠨ ᠣᠨᠴᠠᠭᠠᠶ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ | ᠪᠠᠷᠢᠮᠲᠠᠯᠠᠵᠤ᠂ ᠡᠯ᠎ᠡ ᠵᠦᠶᠯ ᠤᠨ ᠠᠵᠢᠯ ᠢ ᠯᠠᠪᠳᠠᠭᠤᠨ ᠬᠦᠴᠦᠲᠡᠶ ᠰᠠᠶᠢᠲᠤᠷ ᠬᠢᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ | ᠬᠡᠪᠴᠢᠶᠡᠵᠢᠯ ᠤᠨ ᠴᠢᠨᠠᠷᠲᠠᠶ ᠪᠠᠷ ᠳᠠᠬᠢᠨ ᠶᠠᠳᠠᠭᠤᠷᠠᠬᠤ ᠥᠬᠡᠶ ᠪᠠᠶᠢᠬᠤ ᠬᠤᠶᠠᠷ ᠬᠤᠷᠢᠭ᠎ᠠ ᠱᠤᠭᠤᠮ ᠢ ᠪᠠᠲᠤ ᠰᠠᠬᠢᠵᠤ᠂ ᠤᠯᠤᠰ ᠤᠨ ᠴᠢᠬᠤᠯᠠ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ ᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠠ ᠢᠷᠠᠭᠤ ᠠᠯᠳᠠᠷᠲᠤ | ᠡᠭᠦᠷᠭᠡ ᠶᠢ ᠦᠨᠡᠨ ᠬᠦ ᠡᠭᠦᠷᠭᠡᠯᠡᠬᠦ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠰᠢᠨ᠎ᠡ ᠬᠥᠭᠵᠢᠯᠲᠡ ᠶᠢᠨ ᠱᠠᠲᠤᠨ ᠤ ︽ᠮᠠᠯ ᠠᠵᠤ ᠠᠬᠤᠶ | ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠬᠠᠮᠤᠷᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠬᠥᠭᠵᠢᠯᠲᠡ᠂ ᠬᠥᠳᠡᠭᠡ | ᠲᠣᠰᠬᠤᠨ ᠤ ᠪᠥᠲᠥᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠶᠢᠨ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠬᠤ | ᠬᠡᠷᠡᠭᠲᠡᠶ᠃ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ | ᠭᠠᠵᠠᠷ ᠪᠠ ᠨᠤᠲᠤᠭ ᠪᠡᠯᠴᠢᠭᠡᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠤᠨ᠂ ᠦᠷ᠎ᠡ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ | ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠠᠮᠤ ᠪᠤᠳᠠᠭ᠎ᠠ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠴᠢᠬᠤᠯᠠ ᠬᠠᠩᠭᠠᠯᠭ᠎ᠠ ᠶᠢ ᠪᠥᠬᠦ | ᠬᠦᠴᠦᠨ ᠢᠶᠠᠷ ᠢᠶᠠᠨ ᠪᠠᠲᠤᠯᠠᠬᠤ ᠬᠡᠷᠡᠭᠳᠡᠢ᠃ ᠨᠠᠮ ᠠᠴᠠ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠤᠳᠤᠷᠢᠳᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ᠂ | ᠲᠦᠷᠢᠮ ᠤᠨ ᠰᠢᠰᠲ᠋ᠧᠮ᠂ ᠠᠵᠢᠯ ᠤᠨ ᠰᠢᠰᠲ᠋ᠧᠮ ᠢ ᠤᠯᠠᠮ ᠴᠢᠨᠠᠬᠰᠢᠳᠠ ᠪᠦᠷᠢᠨᠰᠢᠭᠦᠯᠵᠦ᠂ ᠲᠠᠪᠤᠨ ᠱᠠᠲᠤᠨ ᠤ ᠱᠦᠵᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠬᠠᠷᠢᠭᠤᠴᠠᠯᠭ᠎ᠠ ᠶᠢ ᠠᠳᠬᠤᠬᠤ ᠶᠢ ᠴᠢᠩᠭᠠᠳᠬᠠᠵᠤ᠂ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ | ᠡᠯ᠎ᠡ ᠵᠦᠶᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠶ ᠬᠡᠵᠥ ᠵᠢᠭᠠᠵᠥ ᠭᠠᠷᠭᠠᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠵᠢᠭᠠᠪᠤᠷᠢ ᠪᠣᠯᠤᠨ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠶᠡᠷᠦᠩᠬᠡᠶ ᠱᠦᠵᠢ ᠰᠢ | ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠴᠢᠬᠤᠯᠠ ᠶᠡᠭᠡ ᠠᠴᠢ ᠬᠤᠯᠪᠣᠭᠳᠠᠯ᠂ ᠢᠯᠡᠳᠲᠡ ᠦᠷ᠎ᠡ ᠪᠦᠲᠦᠮᠵᠢ ᠪᠠ ᠰᠢᠨ᠎ᠡ ᠲᠤᠷᠰᠢᠯᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠴᠦᠬᠦᠷᠡᠰᠢ ᠦᠬᠡᠢ ᠪᠠᠷ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠥ᠂ ᠤᠯᠤᠰ ᠲᠥᠷᠥ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳ ᠲᠦᠮᠡᠨ ᠢ ᠳᠡᠭᠡᠳᠦᠯᠡᠬᠦ ᠶᠢ | ᠦᠶᠯᠡᠳᠦᠯᠭᠡᠵᠢᠭᠦᠯᠵᠥ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠤᠨ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠭᠡᠬᠦ ᠬᠡᠷᠡᠭᠲᠡᠶ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠᠷ ᠭᠤᠤᠯᠳᠠᠯᠭ᠎ᠠ ᠪᠣᠯᠭᠠᠵᠤ᠂ ᠨᠠᠮ ᠤᠨ ᠭᠡᠰᠢᠭᠦᠨ | ᠺᠠᠳ᠋ᠷ ᠢ ᠵᠣᠬᠢᠶᠠᠨ ᠪᠠᠶᠢᠭᠤᠯᠵᠤ ᠪᠠᠶᠢᠭᠠᠳ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠪᠥᠬᠦᠳᠡ ᠬᠤᠷᠠᠯ ᠤᠨ ︽ᠰᠢᠶᠳᠪᠦᠷᠢ︾ ᠶᠢ ᠲᠡᠷᠡ | ᠬᠡᠪ ᠢᠶᠠᠷ ᠨᠢ ᠨᠠᠷᠢᠨ ᠬᠢᠨᠠᠮᠠᠭᠠᠶ ᠰᠤᠷᠤᠯᠴᠠᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠳᠤᠮᠳᠠ ᠠᠴᠠ ︽ᠬᠤᠶᠠᠷ ᠢ ᠲᠣᠭᠲᠠᠭᠠᠬᠤ︾ ᠶᠢᠨ ᠰᠢᠶᠳᠪᠦᠷᠢᠯᠡᠬᠦ ᠴᠢᠨᠠᠷᠳᠠᠢ | ᠠᠴᠢ ᠬᠤᠯᠪᠣᠭᠳᠠᠯ ᠢ ᠦᠨᠡᠨ ᠬᠦ ᠭᠦᠨᠵᠡᠭᠡᠶ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠨᠠᠩ ᠡᠷᠡᠰ ᠪᠠᠲᠤ ᠤᠬᠠᠮᠰᠠᠷ ᠠᠴᠠ ᠪᠠᠨ ᠦᠶᠯᠡᠳᠦᠯᠭᠡᠵᠢᠭᠦᠯᠬᠦ ᠬᠡᠷᠡᠭᠲᠡᠶ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠨᠤᠯ ᠢᠶᠠᠷ ᠵᠡᠪᠰᠡᠭᠯᠡᠬᠦ ᠭᠤᠣᠯ | ᠠᠭᠤᠯᠭ᠎ᠠ ᠪᠠᠨ ᠪᠣᠯᠭᠠᠬᠤ ᠶᠢ ᠪᠠᠷᠢᠮᠲᠠᠯᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠵᠥ ᠪᠠᠶᠢᠭᠠᠳ ᠰᠢᠨ᠎ᠡ ᠴᠠᠭ ᠦᠶ᠎ᠡ ᠶᠢᠨ ᠨᠠᠮ ᠤᠨ ᠤᠨᠤᠯ ᠤᠨ | ᠰᠢᠨ᠎ᠡ ᠡᠬᠦᠳᠦᠯᠳᠡ ᠶᠢ ᠭᠦᠨᠵᠡᠭᠡᠢ ᠰᠤᠷᠤᠯᠴᠠᠨ ᠤᠢᠢᠯᠠᠭᠠᠵᠤ᠂ ᠡᠭᠦᠨ ᠢᠶᠠᠷ ᠲᠠᠷᠢᠬᠢ ᠲᠣᠯᠣᠭᠠᠢ ᠪᠠᠨ ᠦᠨᠡᠨ ᠬᠦ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ | ᠠᠵᠢᠯ ᠢᠶᠠᠨ ᠠᠬᠢᠭᠤᠯᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ | ᠲᠦᠷᠢᠮ ᠲᠣᠭᠲᠠᠴᠠ ᠶᠢ ᠨᠠᠷᠢᠨ ᠬᠢᠨᠠᠮᠠᠭᠠᠢ ᠰᠦᠪᠡᠭᠴᠢᠯᠡᠨ ᠳᠤᠬᠳᠠᠭᠠᠵᠥ᠂ ᠡᠯ᠎ᠡ ᠱᠠᠲᠤᠨ ᠤ ᠤᠳᠤᠷᠢᠳᠬᠤ ᠪᠠᠭ ᠪᠣᠯᠤᠨ ᠥᠷᠭᠡᠨ ᠤᠯᠠᠨ ᠨᠠᠮ ᠤᠨ ᠭᠡᠰᠢᠭᠦᠨ | ᠺᠠᠳ᠋ᠷ ᠤᠨ ᠲᠡᠦᠬᠡ ᠶᠢ ᠰᠤᠷᠤᠯᠴᠠᠵᠦ ᠶᠣᠰᠣ ᠤᠴᠢᠷ ᠢ ᠦᠢᠯᠠᠭᠠᠬᠤ᠂ ᠲᠡᠦᠬᠡ ᠶᠢ ᠰᠤᠷᠤᠯᠴᠠᠵᠦ ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠵᠦ ᠶᠣᠰᠣ | ᠰᠤᠷᠲᠠᠬᠤᠨ ᠢ ᠡᠷᠬᠢᠮᠯᠡᠬᠦ᠂ ᠲᠡᠦᠬᠡ ᠶᠢ ᠰᠤᠷᠤᠯᠴᠠᠵᠦ ᠴᠢᠷᠮᠠᠶᠢᠨ ᠦᠢᠯᠡᠳᠦᠯᠬᠡᠵᠢᠬᠦᠯᠬᠦ ᠲᠠᠯ᠎ᠠ ᠪᠠᠷ ᠦᠷᠭᠦᠯᠵᠢᠯᠡᠨ ᠬᠦᠴᠦ ᠣᠷᠣᠭᠤᠯᠵᠤ᠂ ᠪᠣᠳᠠᠲᠤ ᠦᠷ᠎ᠡ ᠪᠦᠲᠦᠮᠵᠢ | ᠤᠯᠬᠤ ᠶᠢ ᠠᠬᠢᠭᠤᠯᠬᠤ ᠬᠡᠷᠡᠭᠲᠡᠢ᠃ ᠨᠠᠮ ᠤᠨ ᠲᠡᠦᠬᠡ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ ᠣᠷᠣᠭᠤᠯᠬᠤ᠂ ᠲᠠᠷᠢᠬᠢ | ᠲᠣᠯᠣᠭᠠᠶ ᠳᠤ ᠣᠷᠣᠭᠤᠯᠬᠤ ᠶᠢ ᠥᠷᠭᠡᠨ ᠢᠶᠠᠷ ᠠᠬᠢᠭᠤᠯᠵᠤ᠂ ᠨᠡᠶᠢᠬᠡᠮ ᠳᠠᠶᠠᠭᠠᠷ ᠤᠨ ᠲᠡᠦᠬᠡ ᠶᠢ ᠮᠡᠳᠡᠵᠦ ᠨᠠᠮ ᠢᠶᠠᠨ ᠬᠠᠶᠢᠷᠠᠯᠠᠬᠤ᠂ ᠲᠡᠦᠬᠡ ᠶᠢ ᠮᠡᠳᠡᠵᠦ ᠤᠯᠤᠰ ᠢᠶᠠᠨ | ᠬᠠᠶᠢᠷᠠᠯᠠᠬᠤ ᠶᠢ ᠬᠦᠳᠦᠯᠦᠨ ᠵᠢᠯᠤᠭᠤᠳᠬᠤ ᠬᠡᠷᠡᠭᠲᠡᠶ᠃ ︽ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤ | ᠥᠷᠨᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠦᠨᠡᠨ ᠬᠦ ᠰᠠᠶᠢᠲᠤᠷ ᠵᠠᠮᠨᠠᠬᠤ ᠬᠡᠷᠡᠭᠲᠡᠢ ᠬᠡᠵᠥ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |