ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠨ ︽ᠬᠤᠶᠠᠷ ᠬᠥᠲᠥᠯᠪᠦᠷᠢ︾ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/31
      12 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠨ ︽ᠬᠤᠶᠠᠷ ᠬᠥᠲᠥᠯᠪᠦᠷᠢ︾ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠵᠠᠢ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠥᠭᠦᠯᠡᠭᠴᠢ ᠱᠢ ᠮᠥᠸᠧ ᠰᠣᠨᠢᠨ ᠮᠡᠳᠡᠭᠡᠨ ᠤ ᠭᠤᠤᠯ ᠰᠡᠳᠦᠪᠲᠦ ᠨᠡᠶᠢᠲᠡᠯᠡᠯ ᠬᠢᠪᠡ᠃ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠠᠬᠤᠢ ᠲᠠᠯᠠᠪᠠᠶ ᠳᠤ ᠰᠣᠷᠪᠤᠯᠵᠢᠯᠠᠭᠴᠢᠳ ᠤᠨ ︽ᠬᠤᠶᠠᠷ ᠬᠥᠲᠥᠯᠪᠦᠷᠢ︾ ᠶᠢᠨ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠠᠰᠠᠭᠤᠯᠲᠠ ᠨᠤᠭᠤᠳ ᠢ ᠬᠠᠷᠢᠭᠤᠯᠪᠠ᠃      ᠰᠢᠨ᠎ᠡ ᠴᠠᠭ ᠦᠶ᠎ᠡ ᠳᠤ ᠬᠠᠨᠳᠤᠭᠤᠯᠤᠨ᠂ ᠰᠢᠨ᠎ᠡ ᠭᠠᠷᠤᠭ᠎ᠠ ᠳᠤ ᠰᠠᠭᠤᠷᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠡᠷᠦᠩᠬᠡᠶ ᠱᠦᠵᠢ ᠰᠢ ᠶᠢᠨ ᠫᠢᠩ ᠤᠨ ᠡᠮᠡᠭᠲᠡᠶᠢᠴᠦᠳ᠂ ᠬᠡᠦᠬᠡᠳ᠂ ᠬᠡᠷ ᠪᠦᠯᠢ ᠶᠢᠨ ᠲᠤᠬᠠᠶ ᠴᠢᠬᠤᠯᠠ ᠥᠭᠦᠯᠡᠯᠲᠡ ᠵᠢᠴᠢ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠤᠯᠤᠰ ᠤᠨ ᠰᠢᠨ᠎ᠡ ︽ᠬᠤᠶᠠᠷ ᠬᠥᠲᠥᠯᠪᠦᠷᠢ︾ ᠲᠠᠢ ᠪᠠᠷᠢᠮᠵᠢᠶᠠᠯᠠᠨ ᠬᠠᠷᠭᠤᠭᠤᠯᠤᠨ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠵᠢᠴᠢ 2035 ᠣᠨ ᠤ ᠠᠯᠤᠰ  ᠤᠨ ᠬᠠᠷᠠᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠬᠡᠦᠬᠡᠳ ᠤᠨ ᠰᠢᠨ᠎ᠡ ᠨᠢᠭᠡ ᠡᠭᠡᠯᠵᠢ ᠶᠢᠨ ︽ᠬᠤᠶᠠᠷ ᠬᠥᠲᠥᠯᠪᠦᠷᠢ︾ ᠶᠢ ᠨᠠᠶᠢᠷᠠᠭᠤᠯᠤᠨ ᠲᠤᠭᠤᠷᠪᠢᠭᠠᠳ ᠢᠷᠡᠬᠦ ᠠᠷᠪᠠᠨ ᠵᠢᠯ ᠤᠨ ᠪᠥᠬᠦ ᠣᠷᠣᠨ ᠤ ᠡᠮᠡᠭᠲᠡᠶᠢᠴᠦᠳ ᠬᠡᠦᠬᠡᠳ ᠤᠨ ᠦᠶᠯᠡᠰ ᠤᠨ ᠬᠥᠭᠵᠢᠯᠲᠡ ᠳᠤ ᠪᠥᠬᠦ ᠲᠠᠯ᠎ᠠ ᠶᠢᠨ ᠪᠥᠬᠦ ᠶᠠᠪᠤᠴᠠ ᠶᠢᠨ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠬᠢᠯ᠎ᠡ᠃ ᠰᠢᠨ᠎ᠡ ︽ᠬᠤᠶᠠᠷ ᠬᠥᠲᠥᠯᠪᠦᠷᠢ︾ ᠪᠣᠯ ᠡᠮᠡᠭᠲᠡᠶᠢᠴᠦᠳ ᠬᠡᠦᠬᠡᠳ ᠤᠨ ᠠᠵᠢᠯ ᠤᠨ ᠠᠰᠠᠭᠤᠳᠠᠯ ᠤᠳ ᠢ ᠰᠢᠶᠳᠪᠦᠷᠢᠯᠡᠬᠦ ︽ᠰᠠᠶᠢᠨ ᠵᠣᠷ︾᠂ ᠡᠮᠡᠭᠲᠡᠶᠢᠴᠦᠳ ᠬᠡᠦᠬᠡᠳ ᠤᠨ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠨᠠᠩ ᠰᠠᠶᠢᠲᠤᠷ ᠪᠡᠶᠡᠯᠡᠭᠦᠯᠬᠦ ︽ᠵᠢᠷᠤᠭ ᠲᠥᠯᠦᠪᠯᠡᠭᠡ︾᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠡᠮᠡᠭᠲᠡᠶᠢᠴᠦᠳ ᠬᠡᠦᠬᠡᠳ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯᠯᠠᠭᠠᠨ  ᠤ ᠵᠦᠭᠯᠡᠭᠦᠷ ᠮᠥᠨ᠃ ᠰᠢᠨ᠎ᠡ ︽ᠬᠤᠶᠠᠷ ᠬᠥᠲᠥᠯᠪᠦᠷᠢ︾ ᠶᠢ ᠨᠡᠶᠢᠲᠡᠯᠡᠨ ᠬᠡᠷᠡᠭᠵᠢᠭᠦᠯᠬᠦ ᠪᠣᠯ ᠨᠢᠭᠡᠨ ᠪᠣᠳᠠᠲᠤ ᠠᠬᠤᠶ ᠪᠠ ᠲᠡᠦᠬᠡᠲᠦ ᠶᠢᠨ ᠴᠢᠬᠤᠯᠠ ᠠᠴᠢ ᠬᠤᠯᠪᠣᠭᠳᠠᠯ ᠲᠠᠢ ᠶᠡᠭᠡ ᠶᠠᠪᠤᠳᠠᠯ᠂ ᠰᠠᠶᠢᠨ ᠶᠠᠪᠤᠳᠠᠯ ᠶᠤᠮ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ