12 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠪᠥᠬᠦ ᠣᠷᠣᠨ ᠤ ︽ | ᠬᠤᠶᠠᠷ ᠢ ᠬᠥᠩᠭᠡᠷᠡᠭᠦᠯᠬᠦ︾ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ | ᠨᠠᠷᠢᠨ ᠪᠢᠴᠢᠭ ᠤᠨ ᠳᠠᠷᠤᠭ᠎ᠠ᠂ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠥᠭᠦᠯᠡᠭᠴᠢ ᠱᠢ ᠮᠥᠸᠧ ᠮᠠᠨ ᠤ ᠣᠷᠣᠨ ᠤ ︽ᠬᠤᠶᠠᠷ ᠢ ᠬᠥᠩᠭᠡᠷᠡᠭᠦᠯᠬᠦ︾ ᠠᠵᠢᠯ ᠤᠨ | ᠴᠢᠬᠤᠯᠠ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠤᠭᠰᠠᠨ ᠢ ᠨᠡᠶᠢᠲᠡᠯᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ | ᠲᠠᠨᠢᠯᠴᠠᠭᠤᠯᠪᠠ᠃ | ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ︽ᠬᠤᠶᠠᠷ ᠢ ᠬᠥᠩᠭᠡᠷᠡᠭᠦᠯᠬᠦ︾ ᠠᠵᠢᠯ ᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠠ | ᠠᠷᠠᠳ ᠤᠨ ᠠᠮᠢᠳᠤᠷᠠᠯ ᠤᠨ ᠭᠤᠤᠯᠳᠠᠯᠭ᠎ᠠ ᠲᠠᠢ ᠢᠨᠵᠧᠨᠧᠷᠢᠩ ᠪᠣᠯᠭᠠᠨ ᠠᠳᠬᠤᠵᠤ᠂ ᠣᠳᠣᠬᠠᠨ ᠳᠤ ᠰᠤᠷᠤᠭᠴᠢᠳ ᠤᠨ ᠰᠤᠷᠭᠠᠭᠤᠯᠢ ᠶᠢᠨ ᠳᠣᠲᠣᠭᠠᠳᠤ ᠶᠢᠨ | ᠳᠠᠷᠤᠭᠠᠰᠤ ᠶᠢ ᠢᠯᠡᠳᠲᠡ ᠬᠥᠩᠭᠡᠷᠡᠭᠦᠯᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠬᠡᠲᠦ ᠣᠯᠠᠨ ᠬᠡᠲᠦ ᠰᠠᠮᠠᠭᠤᠷᠠᠭᠰᠠᠨ ᠠᠰᠠᠭᠤᠳᠠᠯ ᠢ ᠪᠦᠲᠦᠮᠵᠢᠲᠡᠶ ᠴᠡᠭᠴᠡᠯᠡᠨ | ᠵᠠᠰᠠᠵᠤ᠂ ᠱᠠᠲᠤ ᠦᠶ᠎ᠡ ᠶᠢᠨ ᠴᠢᠨᠠᠷᠲᠠᠶ ᠴᠢᠬᠤᠯᠠ ᠦᠷ᠎ᠡ ᠪᠦᠲᠦᠮᠵᠢ ᠣᠯᠪᠠ᠃ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ | ᠨᠠᠭᠠᠰᠢ᠂ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠡᠶᠢᠲᠡᠯᠡᠬᠦ᠂ ᠬᠤᠯᠪᠣᠭᠠᠲᠤ ᠬᠤᠷᠠᠯ ᠤᠨ ᠲᠣᠭᠲᠠᠴᠠ ᠶᠢ ᠪᠠᠶᠢᠭᠤᠯᠬᠤ᠂ ᠰᠤᠷᠭᠠᠭᠤᠯᠢ ᠶᠢᠨ | ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠯ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠠᠨ ᠤ | ᠣᠷᠣᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠬᠢᠭᠤᠯᠪᠠ᠃ | ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠳᠠᠰᠬᠠᠯ ᠳᠠᠭᠠᠭᠠᠯᠭᠠᠪᠤᠷᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠶᠢ | ᠳᠡᠭᠡᠭᠰᠢᠯᠡᠭᠦᠯᠬᠦ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠪᠠᠶᠢᠭᠤᠯᠤᠯᠲᠠ ᠶᠢ ᠴᠢᠩᠭᠠᠳᠬᠠᠬᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠬᠦ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠪᠠᠲᠤᠯᠠᠭ᠎ᠠ ᠶᠢ ᠲᠡᠭᠦᠯᠳᠡᠷᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠤᠷᠭᠠᠭᠤᠯᠢ ᠶᠢᠨ | ᠳᠣᠲᠣᠭᠠᠳᠤ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠳᠠᠷᠤᠭᠠᠰᠤ ᠶᠢ ᠬᠥᠩᠭᠡᠷᠡᠭᠦᠯᠬᠦ ᠠᠴᠠ | ᠪᠢᠰᠢ ᠶᠠᠰᠤ ᠴᠢᠨᠠᠷ ᠢ ᠪᠠᠭᠤᠷᠠᠭᠤᠯᠬᠤ ᠦᠭᠡᠢ ᠪᠠᠶᠢᠬᠤ ᠶᠢ ᠪᠠᠲᠤᠯᠠᠪᠠ᠃ ᠡᠭᠦᠨ ᠠᠴᠠ ᠭᠠᠳᠠᠨ᠎ᠠ᠂ ᠪᠠᠶᠢᠭᠤᠯᠤᠮᠵᠢ ᠶᠢ ᠴᠢᠩᠭ᠎ᠠ ᠵᠢᠷᠤᠮᠵᠢᠭᠤᠯᠬᠤ᠂ ᠪᠣᠯᠪᠠᠰᠤᠷᠠᠯ ᠤᠨ | ᠴᠠᠭ ᠢ ᠴᠢᠩᠭ᠎ᠠ ᠬᠢᠵᠠᠭᠠᠷᠯᠠᠬᠤ᠂ ᠪᠠᠯᠠ ᠮᠥᠩᠭᠦᠨ ᠤ ᠲᠠᠩᠰᠠᠨ ᠡᠷᠦᠬᠡ ᠶᠢ ᠴᠢᠩᠭ᠎ᠠ ᠬᠢᠨᠠᠨ ᠬᠠᠮᠢᠶᠠᠷᠬᠤ᠂ ᠵᠠᠷ ᠮᠡᠳᠡᠭᠡᠨ ᠤ ᠬᠠᠮᠢᠶᠠᠷᠤᠯᠲᠠ ᠶᠢ ᠴᠢᠩᠭ᠎ᠠ ᠳᠦᠷᠢᠮᠵᠢᠭᠦᠯᠬᠦ᠂ | ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠶᠢ ᠴᠢᠩᠭ᠎ᠠ ᠠᠳᠬᠤᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ | ᠠᠵᠢᠯᠯᠠᠭ᠎ᠠ ᠶᠢ ᠪᠦᠲᠦᠮᠵᠢᠲᠡᠢ ᠵᠢᠷᠤᠮᠵᠢᠭᠤᠯᠪᠠ᠃ ᠣᠳᠣ ᠪᠣᠯᠲᠠᠯ᠎ᠠ᠂ ᠪᠥᠬᠦ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠬᠢᠴᠢᠶᠡᠯ | ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠶᠢ 2647 ᠪᠠᠶᠢᠭᠰᠠᠨ ᠠᠴᠠ 199 ᠪᠣᠯᠭᠠᠵᠤ᠂ 92.48% ᠪᠠᠷ ᠪᠠᠭᠠᠰᠬᠠᠪᠠ᠃ | ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠳᠥᠷᠪᠡᠨ ᠲᠠᠯ᠎ᠠ ᠪᠠᠷ ︽ᠬᠤᠶᠠᠷ ᠢ ᠬᠥᠩᠭᠡᠷᠡᠭᠦᠯᠬᠦ︾ ᠠᠵᠢᠯ ᠤᠨ ᠦᠷᠭᠦᠯᠵᠢᠯᠡᠨ ᠭᠦᠨᠵᠡᠭᠡᠢ ᠬᠥᠭᠵᠢᠬᠦ ᠶᠢ | ᠠᠬᠢᠭᠤᠯᠬᠤ ᠪᠣᠯᠤᠨ᠎ᠠ᠃ ᠨᠢᠭᠡ ᠳᠤ᠂ ᠰᠤᠷᠭᠠᠭᠤᠯᠢ ᠶᠢᠨ ᠭᠤᠤᠯ ᠪᠠᠬᠢᠯᠡᠯᠲᠡ ᠶᠢᠨ ᠦᠢᠯᠡᠳᠦᠯ ᠢ ᠳᠣᠪᠤᠶᠢᠯᠭᠠᠵᠤ᠂ ᠰᠤᠷᠭᠠᠭᠤᠯᠢ ᠶᠢᠨ ᠳᠣᠲᠣᠭᠠᠳᠤ ᠶᠢᠨ ᠳᠠᠷᠤᠭᠠᠰᠤ ᠶᠢ | ᠬᠥᠩᠭᠡᠯᠡᠬᠦ ︽ᠨᠡᠮᠡᠯᠲᠡ ᠬᠠᠰᠤᠯᠲᠠ ᠶᠢᠨ ᠠᠷᠭ᠎ᠠ︾ ᠶᠢ ᠰᠠᠶᠢᠲᠤᠷ ᠬᠢᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ | ᠶᠡᠷᠦᠩᠬᠡᠶᠢᠯᠡᠨ ᠦᠨᠡᠯᠡᠬᠦ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠳᠠᠰᠬᠠᠯ ᠳᠠᠭᠠᠭᠠᠯᠭᠠᠪᠤᠷᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠂ ᠰᠤᠷᠭᠠᠭᠤᠯᠢ ᠶᠢᠨ ᠳᠣᠲᠣᠭᠠᠳᠤ ᠶᠢᠨ ᠳᠠᠷᠤᠭᠠᠰᠤ ᠬᠡᠲᠦ ᠬᠦᠨᠳᠦ ᠪᠠᠶᠢᠳᠠᠯ ᠤᠨ ︽ᠬᠠᠰᠤᠯᠲᠠ︾ ᠶᠢ ᠰᠠᠶᠢᠲᠤᠷ ᠬᠢᠨ᠎ᠡ︔ ᠰᠤᠷᠭᠠᠨ ᠬᠥᠮᠦᠵᠢᠯ ᠤᠨ | ᠶᠠᠰᠤ ᠴᠢᠨᠠᠷ ᠢ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠠᠩᠭᠠᠯᠭ᠎ᠠ ᠶᠢ | ᠴᠢᠭᠯᠡᠯᠲᠦ ᠴᠢᠨᠠᠷᠲᠠᠶ ᠪᠠᠷ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ︽ᠨᠡᠮᠡᠯᠲᠡ︾ ᠶᠢ ᠰᠠᠶᠢᠲᠤᠷ | ᠬᠢᠨ᠎ᠠ᠃ ᠬᠤᠶᠠᠷ ᠲᠤ᠂ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ | ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ 2022 ᠣᠨ ᠤ 1 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠣᠶ ᠪᠥᠬᠦᠶ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠯ ᠤᠨ ᠪᠠᠶᠢᠭᠤᠯᠤᠮᠵᠢ ᠶᠢᠨ ᠤᠷᠢᠳᠴᠢᠯᠠᠨ ᠰᠦᠢᠳᠬᠡᠯ ᠬᠤᠷᠢᠶᠠᠬᠤ ᠶᠢ ᠬᠢᠨᠠᠯᠲᠠ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠵᠤ᠂ ᠰᠣᠷᠣᠭᠴᠢ ᠪᠠ | ᠬᠡᠷ ᠤᠨ ᠠᠬᠠᠮᠠᠳ ᠤᠨ ᠡᠷᠬᠡ ᠠᠰᠢᠭ ᠢ ᠪᠠᠲᠤᠯᠠᠨ᠎ᠠ᠃ ᠭᠤᠷᠪᠠ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠪᠥᠭᠡᠳ ᠲᠡᠩᠴᠡᠭᠦᠷᠢᠲᠡᠶ | ᠬᠥᠭᠵᠢᠯᠲᠡ ᠶᠢ ᠠᠬᠢᠭᠤᠯᠵᠤ᠂ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠨ᠎ᠡ᠃ | ᠲᠦᠷᠪᠡ ᠳᠤ᠂ ᠬᠢᠨᠠᠨ ᠬᠠᠮᠢᠶᠠᠷᠬᠤ ᠬᠦᠷᠢᠶ᠎ᠡ ᠴᠠᠷᠠᠭ᠎ᠠ ᠶᠢ ᠥᠷᠭᠡᠳᠬᠡᠵᠦ᠂ ᠵᠠᠯᠠᠭᠤᠴᠤᠳ ᠪᠠᠭᠠᠴᠤᠳ ᠤᠨ ᠣᠷᠳᠣᠨ᠂ ᠰᠣᠳᠣᠯᠣᠨ ᠰᠤᠷᠤᠯᠴᠠᠬᠤ ᠰᠠᠭᠤᠷᠢᠨ ᠭᠠᠵᠠᠷ᠂ | ᠰᠢᠨᠵᠢᠯᠡᠬᠦ ᠤᠬᠠᠭᠠᠨ ᠮᠡᠷᠭᠡᠵᠢᠯ ᠤᠨ ᠲᠥᠪ᠂ ᠪᠡᠶ᠎ᠡ ᠶᠢᠨ ᠲᠠᠮᠢᠷ ᠤᠨ ᠺᠯᠦ᠋ᠪ ᠵᠡᠷᠭᠡ ᠡᠯ᠎ᠡ ᠲᠦᠷᠦᠯ ᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠭᠤᠣᠯ | ᠴᠣᠭᠴᠠ ᠶᠢᠨ ᠪᠦᠬᠦ ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠤᠯᠪᠣᠭᠳᠠᠭᠰᠠᠨ ᠪᠤᠢ ᠪᠦᠬᠦᠢ | ᠪᠣᠯᠪᠠᠰᠤᠷᠠᠯ ᠤᠨ ᠪᠠᠶᠢᠭᠤᠯᠤᠮᠵᠢ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠦᠬᠦ ᠰᠢᠰᠲ᠋ᠧᠮ ᠢᠶᠠᠷ᠂ ᠪᠦᠬᠦ ᠬᠦᠷᠢᠶ᠎ᠡ ᠴᠠᠷᠠᠭ᠎ᠠ ᠪᠠᠷ ᠵᠢᠷᠤᠮᠵᠢᠭᠤᠯᠤᠨ | ᠬᠠᠮᠢᠶᠠᠷᠤᠨ᠎ᠠ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ | ᠳᠣᠲᠣᠭᠠᠳᠤ ᠶᠢ ᠬᠠᠮᠠᠭᠠᠯᠠᠬᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠢᠩᠬᠢᠮ ᠵᠢᠴᠢ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠵᠡᠷᠭᠡ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠰᠠ ᠮᠠᠨ ᠤ ᠣᠷᠣᠨ ᠤ ︽ᠬᠤᠶᠠᠷ ᠢ ᠬᠥᠩᠭᠡᠷᠡᠭᠦᠯᠬᠦ︾ ᠠᠵᠢᠯ ᠤᠨ | ᠬᠠᠮᠢᠶ᠎ᠠ ᠪᠥᠬᠦᠶ ᠪᠠᠶᠢᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠶ᠃ |