ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠮᠡᠳᠡᠭᠳᠡᠯ ᠳᠠᠷᠤᠮᠠᠯᠯᠠᠨ ᠲᠠᠷᠬᠠᠭᠠᠵᠤ ︽ᠬᠤᠶᠠᠷ ᠪᠠᠶᠠᠷ︾ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯ ᠦᠭᠡᠢ ᠪᠠᠷ ᠦᠢᠯᠡᠳᠪᠦᠷᠢᠯᠡᠬᠦ ᠵᠡᠷᠭᠡ ᠬᠤᠯᠪᠣᠭᠳᠠᠯ ᠪᠥᠬᠦᠶ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ
ᠨᠡᠶᠢᠲᠡᠯᠡᠭᠰᠡᠨ ᠴᠠᠭ᠄
2021/12/31
      12 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ︽ᠡᠪᠦᠯ ᠬᠠᠪᠤᠷ ᠪᠠ ︿ᠬᠤᠶᠠᠷ ᠪᠠᠶᠠᠷ﹀ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯ ᠦᠭᠡᠢ ᠪᠠᠷ ᠦᠢᠯᠡᠳᠪᠦᠷᠢᠯᠡᠬᠦ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠪᠣᠯᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤ ᠶᠢᠨ ᠴᠢᠨᠠᠷᠲᠠᠢ ᠪᠠᠷ ᠰᠡᠷᠭᠡᠶᠢᠯᠡᠨ ᠡᠵᠡᠮᠳᠡᠬᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ︵ᠲᠠᠯᠠᠪᠤᠷ ᠭᠠᠵᠠᠷ︶ ᠶᠢᠨ ᠬᠠᠷᠢᠴᠠᠯᠠᠰᠢᠭᠦᠢ ᠠᠮᠤᠷ ᠲᠦᠪᠰᠢᠨ᠂ ᠥᠷᠭᠡᠨ ᠤᠯᠠᠨ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠡᠲᠡᠭᠡᠳ ᠤᠨ ᠪᠠᠶᠠᠷ ᠬᠦᠷ᠂ ᠥᠯᠵᠡᠢ ᠪᠡᠯᠭᠡ ᠲᠠᠢ ᠪᠠᠷ ᠪᠠᠶᠠᠷ ᠤᠨ ᠡᠳᠦᠷ ᠢ ᠦᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠮᠡᠳᠡᠭᠳᠡᠯ ᠳᠤ ᠱᠠᠭᠠᠷᠳᠠᠭᠰᠠᠨ ᠨᠢ᠂ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ︵ᠲᠠᠯᠠᠪᠤᠷ ᠭᠠᠵᠠᠷ︶ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠪᠠᠷ ᠰᠠᠶᠢᠲᠤᠷ ᠬᠢᠵᠦ᠂ ︽ᠳᠦᠷᠪᠡ ᠶᠢ ᠡᠷᠲᠡ ᠬᠢᠬᠦ︾ ᠪᠠ ︽ᠲᠠᠪᠤ ᠶᠢ ᠪᠠᠶᠢᠯᠭᠠᠵᠤ ᠭᠤᠷᠪᠠ ᠶᠢ ᠴᠢᠩᠭᠠᠳᠬᠠᠬᠤ︾ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠨᠡᠶᠢᠭᠡᠮ ᠤᠨ ᠠᠰᠠᠷᠠᠮᠵᠢ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ᠂ ᠬᠡᠤᠬᠡᠳ ᠤᠨ ᠠᠰᠠᠷᠠᠮᠵᠢ ᠵᠡᠷᠭᠡ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠤᠯᠪᠣᠭᠳᠠᠯ ᠪᠥᠬᠦᠶ ᠰᠡᠷᠭᠡᠶᠢᠯᠡᠨ ᠡᠵᠡᠮᠳᠡᠬᠦ ᠵᠦᠭᠯᠡᠭᠦᠷ ᠢ ᠴᠢᠩᠭ᠎ᠠ ᠬᠡᠷᠡᠭᠵᠢᠭᠦᠯᠬᠦ ᠶᠢ ᠰᠢᠮᠳᠠᠭᠤᠯᠤᠨ ᠵᠢᠯᠣᠭᠤᠳᠴᠤ᠂ ᠺᠣᠳ᠋ ᠰᠢᠷᠪᠢᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠠᠷᠢᠭᠤᠳᠬᠠᠬᠤ᠂ ᠲᠤᠰᠠᠭᠠᠷᠯᠠᠬᠤ᠂ ᠨᠢᠭᠡ ᠮᠧᠲᠷ ᠤᠨ ᠵᠠᠢ ᠳᠤ ᠪᠠᠲᠤᠯᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠬᠦᠢᠲᠡᠨ ᠬᠡᠯᠬᠢᠶᠡᠲᠦ ᠢᠳᠡᠭᠡᠨ᠂ ᠲᠦᠷᠭᠡᠨ ᠢᠯᠡᠭᠡᠯᠲᠡ ᠵᠡᠷᠭᠡ ᠡᠳ᠋ ᠪᠣᠳᠠᠰ ᠢ ᠪᠠᠶᠢᠴᠠᠭᠠᠨ ᠰᠢᠯᠭᠠᠵᠤ ᠠᠷᠢᠭᠤᠳᠬᠠᠨ ᠴᠡᠪᠡᠷᠯᠡᠬᠦ ᠶᠢ ᠴᠢᠩᠳᠠᠯᠠᠵᠤ᠂ ᠬᠥᠮᠦᠨ᠂ ᠪᠣᠳᠠᠰ ᠢ ᠬᠠᠮᠲᠤ ᠳᠤ ᠨᠢ ᠰᠡᠷᠭᠡᠶᠢᠯᠡᠬᠦ ᠶᠢ ᠡᠷᠡᠰ ᠪᠡᠶᠡᠯᠡᠭᠦᠯᠵᠦ᠂ ᠭᠠᠳᠠᠨ᠎ᠠ ᠠᠴᠠ ᠣᠷᠤᠵᠤ ᠢᠷᠡᠬᠦ ᠠᠷᠭ᠎ᠠ ᠵᠠᠮ ᠢ ᠲᠠᠰᠤᠯᠬᠤ ᠬᠡᠷᠡᠭᠲᠡᠶ ᠭᠡᠵᠡᠢ᠃      ᠮᠡᠳᠡᠭᠳᠡᠯ ᠳᠤ ᠴᠢᠬᠤᠯᠠᠴᠢᠯᠠᠭᠰᠠᠨ ᠨᠢ᠂ ᠠᠷᠠᠳ ᠤᠨ ᠶᠠᠪᠤᠳᠠᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠢ ᠪᠦᠭᠡᠳ ᠨᠠᠷᠢᠨ ᠨᠢᠮᠪᠠᠢ ᠰᠠᠶᠢᠲᠤᠷ ᠬᠢᠵᠦ᠂ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠰᠢᠲᠠᠮᠠᠬᠠᠢ ᠬᠡᠢ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ ᠡᠪᠦᠯ ᠤᠨ ᠤᠯᠠᠷᠢᠯ ᠤᠨ ᠳᠤᠯᠠᠭᠠᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠬᠥᠯᠳᠡᠵᠦ ᠰᠢᠷᠬᠠᠲᠤᠬᠤ᠂ ᠬᠥᠯᠳᠡᠵᠦ ᠦᠬᠦᠬᠦ ᠠᠳᠡᠯ ᠭᠠᠷᠬᠤ ᠠᠴᠠ ᠰᠡᠷᠭᠡᠶᠢᠯᠡᠵᠦ᠂ ᠦᠢᠯᠡᠴᠢᠯᠡᠭᠡ ᠬᠦᠷᠲᠡᠬᠦ ᠡᠲᠡᠭᠡᠳ ᠤᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠡᠢ᠃      ᠮᠡᠳᠡᠭᠳᠡᠯ ᠳᠤ ᠴᠢᠬᠤᠯᠠᠴᠢᠯᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠪᠠ ᠠᠮᠤᠷ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠭᠦᠨᠵᠡᠭᠡᠢ ᠪᠦᠭᠡᠳ ᠨᠠᠷᠢᠯᠢᠭ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠵᠢᠭᠰᠠᠭᠠᠨ ᠪᠠᠶᠢᠴᠠᠭᠠᠭᠠᠳ ᠢᠯᠡᠷᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠤᠨ ᠳᠠᠯᠳᠠ ᠭᠡᠮ ᠳᠤ ᠡᠬᠡ ᠳᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠪᠠᠶᠢᠳᠠᠯ ᠢ ᠴᠠᠭ ᠲᠤᠬᠠᠢ ᠳᠤ ᠨᠢ ᠡᠵᠡᠮᠰᠢᠵᠦ᠂ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤ ᠥᠭᠴᠦ᠂ ᠠᠰᠠᠭᠤᠳᠠᠯ ᠢ ᠦᠨᠡᠨ ᠬᠦ ᠦᠨᠳᠦᠰᠦᠨ ᠱᠠᠲᠤᠨ ᠳᠤ ᠨᠢ ᠰᠢᠢᠳᠪᠦᠷᠢᠯᠡᠵᠦ᠂ ᠳᠠᠯᠳᠠ ᠭᠡᠮ ᠢ ᠰᠣᠶᠤᠭᠠᠯᠠᠯ ᠤᠨ ᠪᠠᠶᠢᠳᠠᠯ ᠳᠤ ᠨᠢ ᠠᠷᠢᠯᠭᠠᠬᠤ ᠬᠡᠷᠡᠭᠲᠡᠢ᠃ ᠠᠷᠠᠳ ᠤᠨ ᠶᠠᠪᠤᠳᠠᠯ ᠤᠨ ᠠᠵᠢᠯ ᠳᠤ ᠬᠤᠯᠪᠣᠭᠳᠠᠭᠰᠠᠨ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢᠨ ᠬᠢᠨᠠᠨ ᠰᠢᠨᠵᠢᠯᠡᠯᠲᠡ ᠶᠢ ᠴᠢᠩᠭᠠᠳᠬᠠᠵᠤ᠂ ᠰᠢᠢᠳᠪᠦᠷᠢᠯᠡᠬᠦ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠵᠤ᠂ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ ᠭᠡᠵᠡᠢ᠃      ᠮᠡᠳᠡᠭᠳᠡᠯ ᠳᠤ ᠱᠠᠭᠠᠷᠳᠠᠭᠰᠠᠨ ᠨᠢ᠂ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠠᠵᠢᠯ ᠢ ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ ᠣᠯᠠᠨ ᠲᠦᠮᠡᠨ ᠤ ᠠᠮᠤᠷ ᠲᠦᠪᠰᠢᠨ ᠪᠠ ᠠᠵᠤ ᠠᠮᠢᠳᠤᠷᠠᠯ ᠢ ᠢᠮᠠᠭᠲᠠ ᠰᠡᠳᠬᠢᠯ ᠳᠤ ᠪᠠᠨ ᠪᠤᠳᠤᠵᠤ᠂ ᠬᠦᠴᠢᠷᠳᠡᠯᠲᠡᠶ ᠣᠯᠠᠨ ᠲᠦᠮᠡᠨ᠂ ᠭᠠᠮᠰᠢᠭᠳᠠᠭᠰᠠᠨ ᠣᠯᠠᠨ ᠲᠦᠮᠡᠨ ᠢ ᠠᠪᠤᠷᠠᠨ ᠲᠤᠰᠠᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠵᠡᠷᠭᠡ ᠠᠪᠤᠷᠠᠨ ᠲᠤᠰᠠᠯᠠᠬᠤ ᠪᠠᠯᠠ ᠮᠥᠩᠭᠦ ᠶᠢ ᠴᠠᠭ ᠲᠤᠬᠠᠶ ᠳᠤ ᠨᠢ ᠲᠤᠭ᠎ᠠ ᠶᠣᠰᠣᠭᠠᠷ ᠣᠯᠭᠤᠵᠤ᠂ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠷᠠᠳ ᠤᠨ ᠶᠠᠪᠤᠳᠠᠯ ᠤᠨ ᠬᠤᠷᠢᠭ᠎ᠠ ᠱᠣᠭᠤᠮ ᠢ ᠪᠠᠲᠤ ᠰᠠᠬᠢᠬᠤ ᠬᠡᠷᠡᠭᠲᠡᠶ᠃︽ᠬᠠᠬᠢᠷ ᠡᠪᠦᠯ ᠳᠤ ᠬᠠᠶᠢᠷ᠎ᠠ ᠬᠠᠯᠠᠮᠵᠢ ᠬᠦᠷᠭᠡᠬᠦ︾ ᠲᠤᠰᠬᠠᠶ ᠠᠪᠤᠷᠠᠨ ᠲᠤᠰᠠᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠲᠣᠭᠤᠷᠢᠨ ᠪᠠᠶᠢᠴᠠᠭᠠᠬᠤ ᠤᠳᠠᠭ᠎ᠠ ᠳᠠᠷᠠᠭ᠎ᠠ ᠪᠠᠨ ᠨᠡᠮᠡᠭᠳᠡᠭᠦᠯᠦᠨ᠂ ᠲᠣᠭᠤᠷᠢᠨ ᠪᠠᠶᠢᠴᠠᠭᠠᠬᠤ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠠᠮᠢᠳᠤᠷᠠᠯ ᠳᠤ ᠪᠠᠨ ᠵᠥᠪ ᠥᠬᠡᠶ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠲᠤ ᠴᠠᠭ ᠲᠤᠬᠠᠶ ᠳᠤ ᠨᠢ ᠪᠦᠲᠦᠮᠵᠢᠲᠡᠶ ᠠᠪᠤᠷᠠᠨ ᠲᠤᠰᠠᠯᠠᠮᠵᠢ ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃      ᠮᠡᠳᠡᠭᠳᠡᠯ ᠳᠤ ᠱᠠᠭᠠᠷᠳᠠᠭᠰᠠᠨ ᠨᠢ᠂ ᠵᠢᠵᠢᠭᠦᠷᠯᠡᠨ ᠰᠠᠬᠢᠬᠤ ᠠᠵᠢᠯ ᠢ ᠬᠢᠨᠠᠮᠠᠭᠠᠶ ᠵᠢᠷᠤᠮᠵᠢᠭᠤᠯᠤᠨ ᠰᠠᠶᠢᠲᠤᠷ ᠬᠢᠵᠦ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ 24 ᠴᠠᠭ ᠢᠶᠠᠷ ᠲᠤᠰᠬᠠᠶ ᠬᠥᠮᠦᠨ ᠵᠢᠵᠢᠭᠦᠷᠯᠡᠬᠦ ᠪᠠ ᠤᠳᠤᠷᠢᠳᠬᠤ ᠺᠠᠳ᠋ᠷ ᠠᠵᠢᠯ ᠤᠨ ᠪᠠᠶᠢᠷᠢ ᠳᠤ ᠪᠠᠨ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠤᠨ ᠬᠡᠪ ᠢᠶᠠᠷ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃      ᠮᠡᠳᠡᠭᠳᠡᠯ ᠳᠤ ᠴᠢᠬᠤᠯᠠᠴᠢᠯᠠᠭᠰᠠᠨ ᠨᠢ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ ᠨᠣᠶᠠᠨᠴᠢ ᠰᠤᠷᠲᠠᠯ ᠢ ᠦᠷᠭᠦᠯᠵᠢᠯᠡᠨ ᠴᠡᠭᠴᠡᠯᠡᠨ ᠵᠠᠰᠠᠵᠤ᠂ ︽ᠲᠦᠷᠪᠡᠨ ᠰᠤᠷᠲᠠᠯ︾ ᠢ ᠡᠷᠡᠰ ᠵᠠᠯᠠᠷᠠᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠠᠷᠪᠢᠯᠠᠨ ᠭᠠᠮᠨᠠᠬᠤ ᠶᠢ ᠡᠷᠬᠢᠮᠯᠡᠬᠦ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠪᠢᠯᠠᠨ ᠭᠠᠮᠨᠠᠬᠤ ᠨᠢ ᠢᠷᠠᠭᠤ ᠠᠯᠳᠠᠷ ᠲᠠᠢ ᠭᠡᠬᠦ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠠᠷ ᠪᠤᠢ ᠪᠣᠯᠭᠠᠬᠤ ᠬᠡᠷᠡᠭᠲᠡᠶ ᠭᠡᠵᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ