12 ᠳ᠋ᠤᠭᠠᠷ ᠰᠠᠷ᠎ᠠ ᠶᠢᠨ 29 ᠤ ᠡᠳᠦᠷ ᠤᠨ 9 ᠴᠠᠭ 15 ᠮᠢᠨᠦ᠋ᠲ ᠲᠤ᠂ ᠳᠤᠮᠳᠠᠳᠤ ᠤᠯᠤᠰ ᠤᠨ ᠰᠠᠨᠰᠢᠶᠠ ᠰᠢᠨ᠎ᠡ ᠡᠨᠧᠷᠭᠢ ᠶᠢᠨ ︵ᠪᠦᠯᠦᠭᠯᠡᠯ︶ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠠᠴᠠ ᠪᠠᠯᠠ ᠣᠷᠣᠭᠤᠯᠵᠤ᠂ ᠰᠠᠨᠰᠢᠶᠠ ᠪᠦᠯᠦᠭᠯᠡᠯ ᠤᠨ ᠬᠠᠷᠢᠶ᠎ᠠ ᠱᠠᠩᠬᠠᠶ ᠶᠢᠨ ᠬᠦᠷᠢᠶᠡᠯᠡᠩ ᠠᠴᠠ ᠶᠡᠷᠦᠩᠬᠡᠶ ᠳᠤ ᠨᠢ | ᠳᠠᠭᠠᠭᠠᠴᠢᠯᠠᠨ ᠪᠥᠲᠥᠭᠡᠨ ᠪᠠᠶᠢᠭᠤᠯᠬᠤ ᠳᠤ ᠣᠷᠣᠯᠴᠠᠭᠰᠠᠨ ᠰᠠᠨᠰᠢᠶᠠ ᠤᠯᠠᠭᠠᠨᠴᠠᠪ ᠤᠨ ᠰᠢᠨ᠎ᠡ ᠨᠢᠭᠡ ᠦᠶ᠎ᠡ ᠶᠢᠨ ᠴᠠᠬᠢᠯᠭᠠᠨ ᠬᠦᠴᠦᠨ ᠤ ᠲᠣᠤᠷ ᠤᠨ ᠨᠥᠬᠦᠷᠰᠡᠭ | ᠪᠣᠬᠢᠷᠲᠤᠯ ᠥᠬᠡᠶ ᠴᠠᠬᠢᠯᠭᠠᠨ ᠦᠷᠲᠡᠭᠡᠨ ᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠲᠦᠷᠦᠭᠦᠤ ᠪᠦᠯᠦᠭ ᠮᠠᠰᠢᠨ ᠪᠦᠯᠦᠭ ︵50 ᠲᠦᠮᠡᠨ ᠺᠢᠯᠣᠸᠠᠲ︶ ᠢ ᠥᠪᠥᠷ | ᠮᠣᠩᠭᠤᠯ ᠤᠨ ᠴᠠᠬᠢᠯᠭᠠᠨ ᠬᠦᠴᠦᠨ ᠤ ᠲᠣᠤᠷ ᠲᠤ ᠠᠮᠵᠢᠯᠲᠠ ᠲᠠᠢ ᠪᠠᠷ ᠨᠡᠶᠢᠯᠡᠭᠦᠯᠪᠡ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠮᠠᠰᠢᠨ ᠪᠦᠯᠦᠭ ᠤᠨ ᠨᠡᠶᠢᠯᠡᠭᠦᠯᠦᠨ ᠣᠷᠤᠭᠤᠯᠵᠤ ᠲᠤᠷᠰᠢᠨ ᠠᠵᠢᠯᠯᠠᠭᠤᠯᠬᠤ | ᠶᠣᠰᠣᠯᠠᠯ ᠳᠤ ᠣᠷᠣᠯᠴᠠᠪᠠ᠃ | ᠣᠶᠢᠯᠠᠭᠠᠭᠰᠠᠨ ᠢᠶᠠᠷ᠂ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠬᠡᠪᠴᠢᠶ᠎ᠡ ᠨᠢ 200 ᠲᠦᠮᠡᠨ ᠺᠢᠯᠣᠸᠠᠲ ᠪᠠᠶᠢᠵᠤ᠂ | 170 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠪᠠ 30 ᠲᠦᠮᠡᠨ ᠺᠢᠯᠣᠸᠠᠲ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ | ᠲᠥᠷᠥᠯ ᠵᠦᠢᠯ ᠢ ᠪᠠᠭᠲᠠᠭᠠᠵᠤ᠂ 55 ᠲᠦᠮᠡᠨ ᠺᠢᠯᠣᠸᠠᠲ × 2 ᠴᠠᠭ ᠤᠨ ᠡᠨᠧᠷᠭᠢ ᠬᠠᠳᠠᠭᠠᠯᠠᠬᠤ ᠰᠢᠰᠲ᠋ᠧᠮ ᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠵᠤ | ᠪᠠᠶᠢᠨ᠎ᠠ᠃ ᠲᠦᠷᠦᠯ ᠵᠦᠢᠯ ᠢ ︽ᠰᠠᠯᠬᠢᠨ ᠬᠦᠴᠦ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠡᠨᠧᠷᠭᠢ ᠬᠠᠳᠠᠭᠠᠯᠠᠬᠤ︾ 4 ᠨᠢᠭᠡᠴᠢ ᠪᠣᠯᠭᠠᠨ ᠬᠤᠪᠢᠶᠠᠵᠤ᠂ ᠨᠡᠶᠢᠳᠡ 1 | ᠣᠶᠤᠨᠴᠢ ᠬᠠᠮᠲᠤᠷᠠᠭᠰᠠᠨ ᠲᠤᠬᠢᠷᠠᠭᠤᠯᠭ᠎ᠠ ᠶᠢᠨ ᠲᠥᠪ ᠪᠠ 4 ᠳᠠᠷᠤᠯᠲᠠ ᠶᠢ ᠳᠡᠭᠡᠭᠰᠢᠯᠡᠭᠦᠯᠵᠦ ᠡᠨᠧᠷᠭᠢ ᠬᠠᠳᠠᠭᠠᠯᠠᠬᠤ ᠶᠢ ᠨᠢᠭᠡ ᠴᠤᠬᠴᠠᠵᠢᠭᠤᠯᠤᠬᠰᠠᠨ ᠦᠷᠳᠡᠭᠡ ᠶᠢ | ᠪᠠᠶᠢᠭᠤᠯᠵᠤ᠂ ᠤᠯᠤᠰ ᠤᠨ ᠳᠣᠲᠣᠭᠠᠳᠤ ᠶᠢᠨ ᠡᠨᠧᠷᠭᠢ ᠬᠠᠳᠠᠭᠠᠯᠠᠬᠤ ᠶᠢ ᠲᠣᠬᠢᠷᠠᠭᠤᠯᠤᠨ ᠲᠦᠬᠦᠷᠵᠢᠭᠦᠯᠬᠦ ᠬᠡᠪᠴᠢᠶ᠎ᠡ ᠨᠢ ᠮᠢᠩᠭᠠᠨ ᠰᠠᠶ᠎ᠠ ᠸᠠᠲ ᠴᠠᠭ ᠲᠤ ᠬᠦᠷᠦᠭᠰᠡᠨ | ᠠᠩᠬᠠᠳᠠᠭᠴᠢ ᠰᠢᠨ᠎ᠡ ᠡᠨᠧᠷᠭᠢ ᠶᠢᠨ ᠲᠠᠯᠠᠪᠤᠷ ᠦᠷᠳᠡᠭᠡ ᠪᠣᠯᠤᠨ᠎ᠠ᠃ ᠰᠦᠯᠵᠢᠶ᠎ᠡ ᠳᠤ ᠨᠡᠶᠢᠯᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠤᠰᠠᠳᠠ᠂ ᠥᠪᠥᠷ | ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠨᠢ ᠤᠯᠠᠭᠠᠨᠴᠠᠪ ᠤᠨ ᠰᠢᠨ᠎ᠡ ᠨᠢᠭᠡ ᠦᠶ᠎ᠡ ᠶᠢᠨ ᠴᠠᠬᠢᠯᠭᠠᠨ ᠬᠦᠴᠦᠨ ᠤ ᠲᠣᠤᠷ ᠤᠨ ᠨᠥᠬᠦᠷᠰᠡᠭ ᠬᠡᠯᠪᠡᠷᠢ ᠶᠢᠨ | ᠰᠢᠨ᠎ᠡ ᠡᠨᠧᠷᠭᠢ ᠶᠢᠨ ᠵᠢᠱᠢᠶ᠎ᠡ ᠦᠵᠡᠭᠦᠯᠬᠦ ᠴᠠᠬᠢᠯᠭᠠᠨ ᠥᠷᠲᠡᠭᠡ ᠶᠢᠨ ᠲᠥᠷᠥᠯ ᠵᠦᠢᠯ ᠤᠨ 500 ᠺᠢᠯᠤᠸᠤᠯᠲ ᠢ ᠴᠤᠭᠯᠠᠭᠤᠯᠤᠨ ᠴᠠᠬᠢᠯᠭᠠᠨ ᠬᠦᠷᠭᠡᠬᠦ ᠬᠦᠴᠦᠳᠡᠯ | ᠥᠭᠡᠷᠡᠴᠢᠯᠡᠬᠦ ᠢᠨᠵᠧᠨᠧᠷᠢᠩ ᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠪᠠ᠃ | ᠰᠠᠨᠰᠢᠶᠠ ᠤᠯᠠᠭᠠᠨᠴᠠᠪ ᠤᠨ ᠰᠢᠨ᠎ᠡ ᠨᠢᠭᠡ ᠦᠶ᠎ᠡ ᠶᠢᠨ ᠴᠠᠬᠢᠯᠭᠠᠨ ᠬᠦᠴᠦᠨ ᠤ ᠲᠣᠣᠷ ᠤᠨ ᠨᠥᠬᠦᠷᠰᠡᠭ ᠪᠣᠬᠢᠷᠲᠤᠯ ᠦᠭᠡᠶ ᠴᠠᠬᠢᠯᠭᠠᠨ ᠥᠷᠲᠡᠭᠡᠨ ᠤ ᠵᠢᠱᠢᠶ᠎ᠡ | ᠦᠵᠡᠭᠦᠯᠬᠦ ᠲᠥᠷᠥᠯ ᠵᠦᠢᠯ ᠨᠢ ᠡᠨᠧᠷᠭᠢ ᠬᠠᠳᠠᠭᠠᠯᠠᠬᠤ ᠵᠡᠷᠭᠡ ᠰᠢᠨ᠎ᠡ ᠮᠡᠷᠭᠡᠵᠢᠯ ᠢᠶᠠᠷ ᠰᠢᠪᠲᠤᠯᠤᠯᠲᠠ ᠶᠢᠨ ᠴᠡᠭ ᠪᠣᠯᠭᠠᠵᠤ᠂ ︽ᠰᠠᠯᠬᠢᠨ ᠬᠦᠴᠦ ᠭᠡᠷᠡᠯ ᠴᠡᠨᠡᠭ ᠢᠶᠠᠷ | ᠴᠠᠬᠢᠯᠭᠠᠨ ᠭᠠᠷᠭᠠᠬᠤ ᠡᠨᠧᠷᠭᠢ ᠬᠠᠳᠠᠭᠠᠯᠠᠬᠤ︾ ᠶᠢ ᠬᠤᠯᠪᠤᠭᠠᠯᠠᠨ ᠰᠢᠯᠢᠳᠡᠭᠵᠢᠭᠦᠯᠵᠦ ᠲᠣᠬᠢᠷᠠᠭᠤᠯᠤᠨ ᠠᠵᠢᠯᠯᠠᠭᠤᠯᠬᠤ ᠪᠠᠷ ᠳᠠᠮᠵᠢᠭᠤᠯᠤᠨ᠂ ᠴᠠᠬᠢᠯᠭᠠᠨ ᠬᠦᠴᠦᠨ ᠤ | ᠰᠢᠰᠲ᠋ᠧᠮ ᠤᠨ ᠶᠡᠷᠦᠩᠬᠡᠶᠢᠯᠡᠭᠰᠡᠨ ᠦᠷ᠎ᠡ ᠪᠦᠲᠦᠮᠵᠢ ᠥᠨᠳᠥᠷ ᠪᠢᠰᠢ᠂ ︽ᠴᠠᠬᠢᠯᠭᠠᠨ ᠰᠣᠷᠪᠤᠯᠵᠢ᠂ ᠴᠠᠬᠢᠯᠭᠠᠨ ᠬᠦᠴᠦᠨ᠂ ᠳᠠᠭᠠᠭᠠᠴᠠ᠂ ᠡᠨᠧᠷᠭᠢ ᠬᠠᠳᠠᠭᠠᠯᠠᠬᠤ︾ | ᠡᠯ᠎ᠡ ᠭᠤᠭᠴᠤᠭ᠎ᠠ ᠶᠢ ᠵᠣᠬᠢᠴᠠᠭᠤᠯᠬᠤ ᠲᠠᠯ᠎ᠠ ᠪᠠᠷ ᠬᠦᠷᠦᠯᠴᠡᠬᠦ ᠦᠭᠡᠢ᠂ ᠡᠯ᠎ᠡ ᠲᠦᠷᠦᠯ ᠤᠨ ᠴᠠᠬᠢᠯᠭᠠᠨ ᠰᠣᠷᠪᠤᠯᠵᠢ ᠶᠢᠨ ᠬᠠᠷᠢᠯᠴᠠᠨ ᠨᠥᠬᠦᠪᠥᠷᠢᠯᠡᠵᠦ ᠬᠠᠷᠢᠯᠴᠠᠨ | ᠲᠤᠰᠠᠯᠠᠯᠴᠠᠬᠤ ᠨᠢ ᠭᠦᠢᠴᠡᠳ ᠦᠭᠡᠢ ᠵᠡᠷᠭᠡ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠪᠣᠯᠤᠨ᠎ᠠ᠂ ᠡᠨᠡ ᠨᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ | ᠤᠷᠬᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠠᠮᠢᠳᠤᠯᠢᠭ ᠦᠢᠯᠡᠳᠦᠯᠭᠡ ᠮᠦᠨ᠂ | ᠥᠪᠥᠷ ᠮᠣᠩᠭᠤᠯ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ ᠴᠢᠩᠭ᠎ᠠ ᠨᠢᠭᠲᠠᠷᠠᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ | ᠥᠨᠳᠦᠷᠯᠢᠭ ᠭᠠᠵᠠᠷ ᠢ ᠴᠣᠭᠴᠠᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠃ ᠮᠠᠰᠢᠨ ᠪᠦᠯᠦᠭ ᠢ | ᠰᠦᠯᠵᠢᠶ᠎ᠡ ᠳᠤ ᠨᠡᠶᠢᠯᠡᠭᠦᠯᠦᠭᠰᠡᠨ ᠤ ᠲᠠᠷᠠᠭ᠎ᠠ᠂ ᠴᠡᠪᠡᠷ ᠡᠨᠧᠷᠭᠢ ᠶᠢ ᠰᠢᠩᠭᠡᠭᠡᠨ ᠠᠪᠬᠤ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠭᠠᠵᠠᠷ ᠣᠷᠣᠨ ᠤ ᠴᠠᠬᠢᠯᠭᠠᠨ | ᠬᠦᠴᠦᠨ ᠤ ᠤᠷᠬᠢᠯ ᠤᠨ ᠳᠠᠭᠠᠭᠠᠴᠠ ᠶᠢ ᠪᠠᠲᠤᠯᠠᠬᠤ ᠴᠢᠳᠠᠪᠤᠷᠢ ᠶᠢ ᠴᠢᠩᠭᠠᠷᠠᠭᠤᠯᠵᠤ᠂ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠵᠦ ᠪᠦᠳᠦᠭᠡᠨ ᠪᠠᠶᠢᠭᠤᠯᠬᠤ ᠰᠢᠨ᠎ᠡ | ᠵᠠᠭᠪᠤᠷ ᠢ ᠬᠠᠶᠢᠨ ᠰᠦᠪᠡᠭᠴᠢᠯᠡᠵᠦ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠲᠦᠷᠭᠡᠳᠬᠡᠨ ᠪᠠᠶᠢᠭᠤᠯᠬᠤ ᠳᠤ ᠴᠢᠬᠤᠯᠠ ᠵᠢᠱᠢᠶ᠎ᠡ ᠦᠵᠡᠭᠦᠯᠬᠦ ᠠᠴᠢ | ᠬᠤᠯᠪᠣᠭᠳᠠᠯ ᠲᠠᠢ ᠶᠤᠮ᠃ | |