12 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ | ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠪᠦᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠯᠪᠣᠭᠳᠠᠯ | ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠳᠤᠯᠤᠨ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ | ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ | ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠸᠠᠩ ᠯᠢ ᠰᠢᠶᠠ ᠬᠤᠷᠠᠯ ᠳᠤ ᠣᠷᠣᠯᠴᠠᠪᠠ᠃ | ᠬᠤᠷᠠᠯ ᠠᠴᠠ᠂ ᠣᠳᠣᠬᠠᠨ ᠳᠤ ᠮᠠᠨ ᠤ ᠤᠯᠤᠰ ᠤᠨ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠳᠠᠷᠤᠯᠲᠠ ᠦᠷᠭᠦᠯᠵᠢᠯᠡᠨ ᠨᠡᠮᠡᠭᠳᠡᠵᠦ᠂ | ᠬᠢᠯᠢ ᠶᠢᠨ ᠪᠣᠭᠤᠮᠲᠠ ᠶᠢ ᠰᠠᠶᠢᠲᠤᠷ ᠰᠠᠬᠢᠵᠤ᠂ ᠤᠯᠤᠰ ᠤᠨ ᠡᠭᠦᠳᠡ ᠶᠢ ᠰᠠᠶᠢᠲᠤᠷ ᠰᠠᠬᠢᠬᠤ ᠪᠣᠯ ᠮᠠᠨᠤᠰ ᠤᠨ ᠬᠢᠵᠢᠭ ᠤᠨ ᠪᠠᠶᠢᠳᠠᠯ ᠤᠨ ᠲᠠᠬᠢᠨ ᠡᠭᠦᠰᠴᠦ ᠲᠠᠷᠬᠠᠨ | ᠳᠡᠯᠭᠡᠷᠡᠬᠦ ᠶᠢ ᠰᠡᠷᠭᠡᠶᠢᠯᠡᠬᠦ ᠬᠠᠮᠤᠭ ᠤᠨ ᠴᠢᠬᠤᠯᠠ ᠭᠤᠭᠴᠤᠭ᠎ᠠ᠂ ᠬᠠᠮᠤᠭ ᠤᠨ ᠪᠠᠴᠢᠮ ᠡᠭᠦᠷᠭᠡ ᠪᠣᠯᠤᠨ᠎ᠠ᠃ ᠪᠦᠬᠦ ᠣᠷᠣᠨ ᠤ ᠡᠯ᠎ᠡ ᠱᠠᠲᠤᠨ ᠤ ᠬᠢᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠠᠭ ᠢᠮᠠᠭᠲᠠ ᠴᠢᠩᠭᠠᠷᠠᠭᠤᠯᠵᠤ᠂ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ | ᠢᠮᠠᠭᠲᠠ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠣᠨᠣᠴᠠᠲᠠᠢ ᠪᠠᠶᠢᠬᠤ᠂ ᠴᠢᠩᠭ᠎ᠠ ᠴᠢᠩᠳᠠᠯᠠᠬᠤ ᠶᠢ ᠪᠠᠷᠢᠮᠲᠠᠯᠠᠵᠤ᠂ | ᠪᠣᠭᠤᠮᠲᠠ ᠶᠢ ᠡᠮᠦᠨᠡᠰᠢᠯᠡᠭᠦᠯᠬᠦ᠂ ᠤᠷᠢᠳᠴᠢᠯᠠᠨ ᠰᠡᠷᠭᠡᠶᠢᠯᠡᠬᠦ ᠶᠢ ᠰᠠᠶᠢᠲᠤᠷ ᠠᠳᠬᠤᠬᠤ ᠶᠢ ᠪᠠᠷᠢᠮᠲᠠᠯᠠᠵᠤ᠂ ᠪᠠᠶᠢᠡᠭᠭᠤᠵᠢᠭᠤᠯᠤᠨ ᠰᠡᠷᠭᠡᠶᠢᠯᠡᠨ ᠡᠵᠡᠮᠳᠡᠬᠦ ᠪᠠ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠳᠤ ᠨᠡᠩ ᠶᠡᠭᠡ ᠬᠦᠴᠦ ᠣᠷᠣᠭᠤᠯᠵᠤ᠂ ᠬᠠᠭᠤᠷᠠᠢ ᠵᠠᠮ ᠤᠨ ᠬᠢᠯᠢ ᠶᠢᠨ ᠪᠣᠭᠤᠮᠲᠠ ᠪᠣᠯᠤᠨ | ᠤᠯᠠᠨ ᠤᠯᠤᠰ ᠤᠨ ᠵᠢᠰᠢᠶᠠᠨ ᠤ ᠨᠢᠰᠭᠡᠯ ᠢ ᠬᠤᠪᠢᠶᠠᠷᠢᠯᠠᠨ ᠪᠠᠭᠤᠯᠭᠠᠬᠤ ᠬᠤᠶᠠᠷ ᠪᠣᠭᠤᠮᠲᠠ ᠶᠢ ᠡᠷᠡᠰ ᠰᠠᠬᠢᠵᠤ᠂ ᠬᠢᠵᠢᠭ ᠤᠨ ᠪᠠᠶᠢᠳᠠᠯ ᠬᠠᠯᠳᠠᠪᠤᠷᠢᠯᠠᠨ ᠣᠷᠣᠵᠤ | ᠢᠷᠡᠬᠦ ᠪᠠ ᠲᠠᠷᠬᠠᠨ ᠳᠡᠯᠭᠡᠷᠡᠬᠦ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠠᠶᠢᠡᠭᠭᠤᠵᠢᠭᠤᠯᠤᠨ ᠰᠡᠷᠭᠡᠶᠢᠯᠡᠨ ᠡᠵᠡᠮᠳᠡᠬᠦ ᠲᠠᠯ᠎ᠠ ᠪᠠᠷ ︽ᠴᠢᠩᠭ᠎ᠠ︾ ᠪᠠᠶᠢᠬᠤ ᠶᠢ ᠲᠤᠪᠤᠶᠢᠯᠭᠠᠨ᠎ᠠ᠃ ︽ᠳᠡᠪᠡᠨᠡ ᠶᠢᠨ ᠴᠢᠨᠡᠭᠡ ᠨᠦᠬᠡ ᠪᠠᠷ | ᠳᠡᠮᠡᠬᠡᠨ ᠴᠢᠨᠡᠭᠡ ᠵᠢᠪᠠᠷ ᠤᠷᠤᠬᠤ︾ ᠶᠣᠰᠣ ᠶᠢ ᠴᠠᠭ ᠢᠮᠠᠭᠲᠠ ᠪᠠᠲᠤ ᠴᠡᠭᠡᠵᠢᠯᠡᠵᠦ᠂ ᠦᠨᠡᠨ ᠬᠦ ᠴᠢᠩᠭ᠎ᠠ ᠣᠪᠣᠷ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠪᠠᠷᠢᠮᠵᠢᠶ᠎ᠠ᠂ | ᠴᠢᠩᠭ᠎ᠠ ᠱᠠᠭᠠᠷᠳᠠᠯᠭ᠎ᠠ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠴᠢᠩᠭ᠎ᠠ ᠠᠳᠬᠤᠬᠤ ᠴᠢᠬᠤᠯᠠᠲᠠᠢ᠂ ᠴᠢᠩᠭ᠎ᠠ ᠬᠠᠮᠢᠶᠠᠷᠬᠤ ᠴᠢᠬᠤᠯᠠᠲᠠᠢ ᠶᠢ ᠨᠢ ᠡᠷᠬᠡᠪᠰᠢ | ᠴᠢᠩᠭ᠎ᠠ ᠠᠴᠠ ᠴᠢᠩᠭ᠎ᠠ᠂ ᠡᠴᠦᠰ ᠲᠤᠨᠢ ᠲᠤᠯᠲᠠᠯ᠎ᠠ ᠴᠢᠩᠭ᠎ᠠ ᠬᠠᠮᠢᠶᠠᠷᠬᠤ ᠬᠡᠷᠡᠭᠲᠡᠢ᠃ ︽ᠳᠥᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ | ᠬᠢᠯᠢ ᠶᠢᠨ ᠪᠣᠭᠤᠮᠲᠠ ᠶᠢᠨ ᠭᠠᠵᠠᠷ ᠣᠷᠣᠨ ᠤ ᠶᠠᠮᠠᠷᠪᠠ ᠰᠠᠯᠠᠭ᠎ᠠ ᠮᠥᠴᠢᠷ᠂ ᠶᠠᠮᠠᠷᠪᠠ ᠨᠢᠭᠡᠴᠢ᠂ ᠶᠠᠮᠠᠷᠪᠠ ᠠᠵᠤ ᠠᠬᠤᠶᠢᠯᠠᠯ᠂ ᠶᠠᠮᠠᠷᠪᠠ ᠬᠤᠪᠢ ᠬᠥᠮᠦᠨ ᠴᠥᠮ | ᠡᠷᠬᠡᠪᠰᠢ ᠬᠢᠯᠢ ᠶᠢᠨ ᠪᠣᠭᠤᠮᠲᠠ ᠶᠢᠨ ᠪᠠᠶᠢᠭ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠱᠠᠭᠠᠷᠳᠠᠯᠭ᠎ᠠ ᠶᠢ ᠡᠷᠡᠰ ᠳᠠᠭᠠᠵᠤ᠂ | ᠵᠠᠷᠯᠢᠭ ᠪᠠᠶᠢᠭᠠᠳ ᠬᠡᠷᠡᠭᠵᠢᠭᠦᠯᠬᠦ ᠥᠬᠡᠶ ᠬᠥᠮᠦᠰ ᠲᠤ ᠡᠷᠡᠰ ᠰᠢᠭᠤᠷᠬᠠᠶ ᠠᠷᠭ᠎ᠠ ᠬᠡᠮᠵᠢᠶ᠎ᠡ ᠠᠪᠬᠤ ᠬᠡᠷᠡᠭᠲᠡᠶ᠃ ᠲᠤᠯᠭᠠᠷᠠᠵᠤ ᠮᠡᠳᠡᠬᠦ ᠡᠯ᠎ᠡ ᠵᠦᠶᠯ ᠤᠨ ᠠᠰᠠᠭᠤᠳᠠᠯ ᠢ | ᠭᠦᠶᠴᠡᠳ ᠪᠣᠳᠣᠯᠬᠢᠯᠠᠵᠤ᠂ ᠬᠠᠮᠢᠶ᠎ᠠ ᠪᠥᠬᠦᠶ ᠲᠥᠰᠦᠯ ᠲᠥᠰᠦᠪ ᠢ ᠪᠣᠳᠠᠲᠠᠶ ᠨᠠᠷᠢᠯᠢᠭ ᠬᠢᠵᠦ᠂ ᠨᠠᠷᠢᠨ ᠲᠠᠩᠰᠠᠵᠢᠭᠤᠯᠬᠤ᠂ ᠪᠠᠷᠢᠮᠵᠢᠶᠠᠵᠢᠭᠤᠯᠤᠨ ᠬᠠᠮᠢᠶᠠᠷᠬᠤ ᠶᠢ | ᠦᠨᠡᠨ ᠬᠦ ᠪᠡᠶᠡᠯᠡᠭᠦᠯᠵᠦ᠂ ᠡᠯ᠎ᠡ ᠵᠦᠶᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠰᠡᠷᠭᠡᠶᠢᠯᠡᠨ ᠡᠵᠡᠮᠳᠡᠬᠦ | ᠠᠵᠢᠯ ᠤᠨ ᠳᠤᠲᠠᠭᠤᠳᠠᠯ ᠢᠶᠠᠨ ᠪᠠᠶᠢᠩᠭᠤ ᠵᠢᠭᠰᠠᠭᠠᠨ ᠪᠠᠶᠢᠴᠠᠭᠠᠵᠤ᠂ ᠳᠤᠲᠠᠭᠤᠳᠠᠯ ᠢᠶᠠᠨ ᠴᠠᠭ ᠲᠤᠬᠠᠶ ᠳᠤᠨᠢ ᠨᠥᠬᠦᠪᠥᠷᠢᠯᠡᠵᠦ᠂ ᠪᠠᠭᠤᠷᠠᠶ ᠭᠤᠭᠴᠤᠭ᠎ᠠ ᠪᠠᠨ | ᠪᠠᠬᠢᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠬᠦ ᠬᠡᠷᠡᠮ ᠢ ᠨᠠᠷᠢᠨ ᠨᠢᠮᠪᠠᠶ ᠪᠠᠶᠢᠷᠢᠯᠠᠭᠤᠯᠵᠤ᠂ ᠴᠢᠩᠭ᠎ᠠ ᠠᠴᠠ ᠴᠢᠩᠭ᠎ᠠ᠂ ᠪᠣᠳᠠᠲᠠᠶ ᠠᠴᠠ ᠪᠣᠳᠠᠲᠠᠶ᠂ ᠨᠠᠷᠢᠯᠢᠭ ᠠᠴᠠ | ᠨᠠᠷᠢᠯᠢᠭ ᠢᠶᠠᠷ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠡᠵᠡᠮᠳᠡᠯ ᠢᠶᠠᠨ ᠠᠯᠳᠠᠵᠤ ᠶᠠᠭᠠᠬᠢᠭᠰᠠᠨ ᠴᠤ ᠪᠣᠯᠬᠤ | ᠥᠬᠡᠶ᠂ ᠡᠪᠳᠡᠬᠦ ᠠᠰᠠᠭᠤᠳᠠᠯ ᠭᠠᠷᠭᠠᠵᠤ ᠶᠠᠭᠠᠬᠢᠭᠰᠠᠨ ᠴᠤ ᠪᠣᠯᠬᠤ ᠥᠬᠡᠶ ᠪᠠᠶᠢᠬᠤ ᠬᠡᠷᠡᠭᠳᠡᠢ᠃ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠴᠢᠳᠠᠪᠤᠷᠢ ᠶᠢᠨ | ᠪᠠᠶᠢᠭᠤᠯᠤᠯᠲᠠ ᠶᠢᠨ ᠲᠠᠯ᠎ᠠ ᠪᠠᠷ ︽ᠲᠦᠷᠭᠡᠨ︾ ᠪᠠᠶᠢᠬᠤ ᠶᠢ ᠲᠤᠪᠤᠶᠢᠯᠭᠠᠨ᠎ᠠ᠃ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ | ᠪᠦᠬᠦ ᠲᠠᠯ᠎ᠠ ᠪᠠᠷ ᠴᠢᠩᠭᠠᠳᠬᠠᠵᠤ᠂ ᠭᠤᠭᠴᠤᠭ᠎ᠠ ᠨᠢᠭᠡᠪᠦᠷᠢ᠂ ᠨᠠᠷᠢᠨ ᠵᠦᠢᠯᠡᠰ ᠨᠢᠭᠡᠪᠦᠷᠢ ᠶᠢᠨ ᠠᠵᠢᠯ ᠢ ᠨᠠᠷᠢᠨ ᠨᠢᠮᠪᠠᠢ ᠲᠥᠯᠥᠪᠵᠢᠭᠦᠯᠵᠦ᠂ ᠲᠤᠭᠤᠰᠢᠲᠠᠢ | ᠪᠠᠶᠢᠷᠢᠯᠠᠭᠤᠯᠵᠤ᠂ ᠡᠯ᠎ᠡ ᠲᠠᠯ᠎ᠠ ᠶᠢᠨ ᠠᠵᠢᠯ ᠢ ᠣᠨᠣᠪᠴᠢᠲᠠᠢ ᠵᠣᠬᠢᠴᠠᠭᠤᠯᠵᠤ᠂ ᠥᠨᠳᠥᠷ ᠪᠦᠲᠦᠮᠵᠢᠲᠡᠢ ᠵᠣᠯᠭᠠᠭᠤᠯᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠭᠡᠯ ᠪᠠ ᠰᠢᠶᠳᠪᠦᠷᠢᠯᠡᠬᠦ ᠶᠠᠪᠤᠴᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ᠂ ᠲᠠᠬᠤᠯ ᠡᠪᠡᠳᠴᠢᠨ ᠢ | ᠪᠠᠶᠢᠴᠠᠭᠠᠨ ᠡᠬᠢ ᠰᠤᠷᠪᠤᠯᠵᠢ ᠶᠢ ᠮᠦᠷᠳᠡᠬᠦ᠂ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠵᠡᠷᠭᠡ ᠠᠵᠢᠯ ᠤᠨ ᠡᠩᠨᠡᠭᠡ ᠶᠢᠨ ᠪᠣᠯᠪᠠᠰᠤᠷᠠᠯ ᠰᠣᠷᠢᠯᠲᠠ ᠶᠢ | ᠴᠢᠩᠭᠠᠳᠬᠠᠵᠤ᠂ ᠮᠡᠳᠡᠭᠡ ᠵᠠᠩᠬᠢᠴᠢᠯᠠᠯᠳᠠ ᠶᠢᠨ ᠠᠷᠭ᠎ᠠ ᠪᠠᠷᠢᠯ ᠢ ᠬᠡᠷᠡᠭᠯᠡᠬᠦ ᠲᠦᠪᠰᠢᠨ ᠢᠶᠠᠨ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠤᠷᠳᠤᠴᠠ ᠪᠠᠨ | ᠳᠡᠭᠡᠭᠰᠢᠯᠡᠭᠦᠯᠵᠦ᠂ ᠬᠢᠵᠢᠭ ᠭᠠᠷᠤᠮᠠᠭᠴᠠ ᠲᠦᠷᠭᠡᠨ ᠲᠤᠰᠬᠠᠯ ᠭᠠᠷᠭᠠᠵᠤ᠂ ᠡᠷᠡᠰ ᠰᠢᠭᠤᠷᠬᠠᠶ ᠪᠠᠷ ᠰᠢᠶᠳᠪᠦᠷᠢᠯᠡᠵᠦ᠂ ᠬᠢᠵᠢᠭ ᠤᠨ ᠳᠠᠷᠬᠠᠨ ᠳᠡᠯᠭᠡᠷᠡᠬᠦ ᠶᠢ ᠳᠠᠷᠤᠶ | ᠲᠦᠷᠭᠡᠨ ᠪᠦᠲᠦᠮᠵᠢᠲᠡᠶ ᠲᠠᠰᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠᠨ ᠭᠦᠢᠴᠡᠳᠭᠡᠬᠦ ᠲᠠᠯ᠎ᠠ ᠪᠠᠷ ︽ᠪᠣᠳᠠᠲᠠᠢ︾ | ᠪᠠᠶᠢᠬᠤ ᠶᠢ ᠲᠤᠪᠤᠶᠢᠯᠭᠠᠨ᠎ᠠ᠃ ᠡᠯ᠎ᠡ ᠭᠠᠵᠠᠷ ᠤᠨ ᠬᠢᠨ ᠬᠠᠷᠢᠶ᠎ᠠ ᠣᠷᠣᠨ ᠤ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ | ᠠᠵᠢᠯ ᠢ ᠪᠣᠳᠠᠲᠠᠶ ᠠᠳᠬᠤᠵᠤ᠂ ᠨᠠᠷᠢᠯᠢᠭ ᠬᠢᠵᠦ᠂ ᠥᠪᠡᠷ ᠤᠨ ᠬᠥᠮᠦᠨ ᠢᠶᠠᠨ ᠦᠨᠡᠨ ᠬᠦ ᠰᠠᠶᠢᠲᠤᠷ ᠬᠠᠮᠢᠶᠠᠷᠴᠤ᠂ ᠥᠪᠡᠷ ᠤᠨ ᠡᠭᠦᠳᠡ ᠪᠠᠨ ᠰᠠᠶᠢᠲᠤᠷ ᠰᠠᠬᠢᠵᠤ᠂ | ᠥᠪᠡᠷ ᠤᠨ ᠶᠠᠪᠤᠳᠠᠯ ᠢᠶᠠᠨ ᠰᠠᠶᠢᠲᠤᠷ ᠬᠢᠬᠦ ᠬᠡᠷᠡᠭᠲᠡᠶ᠃ ᠣᠪᠣᠷ ᠰᠤᠷᠲᠠᠯ ᠨᠢ ᠯᠠᠪᠳᠠᠭᠤᠨ ᠪᠤᠰᠤ᠂ ᠠᠵᠢᠯ ᠢ ᠰᠠᠶᠢᠲᠤᠷ ᠬᠢᠭᠰᠡᠨ ᠦᠭᠡᠢ ᠠᠴᠠ ᠪᠣᠯᠵᠣ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠶᠡᠭᠡ ᠲᠠᠯ᠎ᠠ ᠳᠤ ᠬᠦᠨᠳᠦ ᠨᠣᠴᠢᠲᠠᠶ ᠨᠥᠯᠥᠭᠡ ᠦᠵᠡᠭᠦᠯᠦᠭᠰᠡᠨ ᠺᠠᠳ᠋ᠷ ᠢ ᠣᠭᠴᠠᠷᠠᠭᠤᠯᠤᠨ ᠰᠣᠯᠢᠬᠤ ᠶᠣᠰᠣᠲᠠᠶ ᠶᠢ ᠨᠢ ᠡᠷᠡᠰ | ᠤᠭᠴᠠᠷᠠᠭᠤᠯᠤᠨ ᠰᠣᠯᠢᠵᠤ᠂ ᠬᠠᠷᠢᠭᠤᠴᠠᠯᠭ᠎ᠠ ᠨᠡᠬᠡᠮᠵᠢᠯᠡᠬᠦ ᠶᠣᠰᠣᠲᠠᠶ ᠠᠴᠠ ᠨᠢ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠰᠢᠯᠭᠠᠯᠲᠠ ᠶᠢ ᠳᠠᠭᠠᠭᠠᠵᠤ ᠳᠡᠶᠢᠯᠬᠦ ᠥᠬᠡᠶ᠂ | ᠬᠠᠷᠢᠭᠤᠴᠠᠯᠭ᠎ᠠ ᠡᠭᠦᠷᠭᠡᠯᠡᠬᠦ ᠥᠬᠡᠶ᠂ ᠲᠤᠰᠢᠶᠠᠯ ᠳᠠᠭᠠᠨ ᠲᠡᠩᠴᠡᠭᠦ ᠥᠬᠡᠶ ᠺᠠᠳ᠋ᠷ ᠢ ᠡᠷᠡᠰ ᠢᠶᠠᠷ ᠪᠠᠭᠤᠯᠭᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠢᠯᠢ ᠶᠢᠨ ᠪᠣᠭᠤᠮᠲᠠ ᠪᠠᠷ ᠥᠩᠭᠡᠷᠡᠭᠦᠯᠬᠦ ᠶᠢ ᠨᠢᠭᠡᠳᠦᠯᠲᠡᠶ ᠲᠥᠯᠥᠪᠵᠢᠭᠦᠯᠦᠨ ᠠᠷᠭ᠎ᠠ | ᠰᠦᠪᠡᠭᠴᠢᠯᠡᠵᠦ᠂ ᠬᠢᠯᠢ ᠶᠢᠨ ᠪᠣᠭᠤᠮᠲᠠ ᠪᠠᠷ ᠥᠩᠭᠡᠷᠡᠭᠦᠯᠬᠦ ᠶᠢ ᠰᠡᠷᠭᠦᠭᠡᠬᠦ ᠳᠤ ᠦᠨᠡᠯᠡᠨ ᠵᠢᠱᠢᠬᠦ ᠠᠵᠢᠯ ᠢ ᠴᠢᠩᠭ᠎ᠠ ᠰᠠᠶᠢᠲᠤᠷ ᠬᠢᠵᠦ᠂ ᠪᠣᠭᠤᠮᠲᠠ ᠪᠠᠷ | ᠥᠩᠭᠡᠷᠡᠭᠦᠯᠬᠦ ᠶᠢ ᠰᠡᠷᠭᠦᠭᠡᠬᠦ ᠰᠣᠷᠢᠯᠲᠠ ᠶᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠶᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠲᠣᠭᠲᠠᠪᠤᠷᠢᠵᠢᠭᠤᠯᠤᠭᠰᠠᠨ | ᠤᠷᠢᠲᠠᠯ ᠳᠤᠤᠷ᠎ᠠ ᠪᠣᠭᠤᠮᠲᠠ ᠪᠠᠷ ᠥᠩᠭᠡᠷᠡᠭᠦᠯᠬᠦ ᠶᠢ ᠰᠢᠨᠵᠢᠯᠡᠬᠦ ᠤᠬᠠᠭᠠᠨᠴᠢ ᠯᠠᠪᠳᠠᠭᠤᠨ ᠡᠮᠬᠢ ᠵᠢᠷᠤᠮ ᠲᠠᠢ ᠪᠠᠷ ᠰᠡᠷᠭᠦᠭᠡᠬᠦ ᠬᠡᠷᠡᠭᠲᠡᠶ᠃ ︽ᠬᠤᠶᠠᠷ ᠪᠠᠶᠠᠷ︾ ᠤᠨ | ᠡᠳᠤᠷ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠵᠦ᠂ ᠲᠥᠷᠥᠯ ᠬᠤᠪᠢᠶᠠᠨ ᠵᠢᠯᠣᠭᠤᠳᠬᠤ᠂ ᠣᠷᠣᠨ | ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠬᠤᠯᠠᠴᠢᠯᠠᠵᠤ᠂ ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠬᠢᠵᠢᠭ ᠤᠨ ᠪᠠᠶᠢᠳᠠᠯ ᠪᠣᠯᠤᠨ ᠪᠣᠳᠠᠲᠠᠶ ᠪᠠᠶᠢᠳᠠᠯ ᠢᠶᠠᠨ ᠦᠨᠳᠦᠰᠦᠯᠡᠨ ᠣᠯᠠᠨ ᠲᠦᠮᠡᠨ ᠤ ᠶᠠᠪᠤᠵᠤ ᠰᠠᠭᠤᠬᠤ ᠱᠠᠭᠠᠷᠳᠠᠯᠭ᠎ᠠ ᠶᠢ | ᠴᠠᠭ ᠲᠤᠬᠠᠶ ᠳᠤᠨᠢ ᠲᠣᠭᠲᠠᠭᠠᠨ ᠨᠡᠶᠢᠲᠡᠯᠡᠵᠦ᠂ ᠣᠯᠠᠨ ᠲᠦᠮᠡᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠬᠤᠪᠢ ᠬᠥᠮᠦᠨ ᠤ ᠬᠠᠮᠠᠭᠠᠯᠠᠯᠲᠠ ᠶᠢ | ᠰᠠᠶᠢᠲᠤᠷ ᠬᠢᠯᠭᠡᠵᠦ᠂ ᠬᠤᠷᠠᠨ ᠴᠤᠭᠯᠠᠷᠠᠬᠤ ᠠᠵᠢᠯᠯᠠᠭ᠎ᠠ ᠶᠢ ᠪᠠᠭᠠᠰᠬᠠᠬᠤ ᠬᠡᠷᠡᠭᠲᠡᠶ᠃ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠤᠨ ᠰᠢᠨ᠎ᠡ ᠶᠢ ᠡᠭᠦᠳᠦᠨ | ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠲᠠᠯᠠᠪᠤᠷ ᠭᠠᠵᠠᠷ᠂ ᠭᠤᠣᠯᠳᠠᠯᠭ᠎ᠠ ᠲᠠᠢ ᠨᠢᠭᠡᠴᠢ᠂ ᠭᠤᠣᠯᠳᠠᠯᠭ᠎ᠠ ᠲᠠᠢ ᠬᠥᠮᠦᠰ ᠤᠨ ᠬᠠᠮᠢᠶᠠᠷᠤᠯᠲᠠ ᠶᠢ ᠬᠦᠴᠦᠯᠡᠨ | ᠴᠢᠩᠭᠠᠳᠬᠠᠵᠤ᠂ ᠤᠯᠠᠨ ᠨᠡᠶᠢᠲᠡ ᠶᠢᠨ ᠲᠠᠯᠠᠪᠤᠷ᠂ ᠵᠠᠮ ᠬᠠᠷᠢᠯᠴᠠᠭᠠᠨ ᠤ ᠲᠥᠬᠦᠬᠡᠷᠤᠮᠵᠢ ᠵᠡᠷᠭᠡ ᠶᠢᠨ ᠬᠥᠮᠦᠨ ᠤ ᠰᠡᠷᠭᠡᠶᠢᠯᠡᠯᠲᠡ᠂ ᠪᠣᠳᠠᠰ ᠤᠨ ᠰᠡᠷᠭᠡᠶᠢᠯᠡᠯᠲᠡ᠂ | ᠮᠡᠷᠭᠡᠵᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ | ᠦᠨᠡᠨ ᠬᠦ ᠪᠠᠭᠤᠷᠠᠭᠤᠯᠬᠤ ᠬᠡᠷᠡᠭᠲᠡᠢ᠃ ᠮᠠᠨᠵᠤᠤᠷ ᠤᠨ ᠬᠢᠵᠢᠭ ᠤᠨ ᠪᠠᠶᠢᠳᠠᠯ ᠢ ᠰᠢᠶᠳᠪᠦᠷᠢᠯᠡᠭᠰᠡᠨ ᠤ ᠳᠠᠷᠠᠭᠠᠬᠢ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ | ᠡᠪᠡᠳᠴᠢᠲᠡᠨ ᠢ ᠠᠪᠤᠷᠠᠨ ᠵᠠᠰᠠᠬᠤ ᠠᠵᠢᠯ ᠢ ᠦᠷᠭᠦᠯᠵᠢᠯᠡᠨ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠳᠡᠭᠡᠷᠡᠵᠦ ᠡᠮᠨᠡᠯᠭᠡ ᠠᠴᠠ ᠭᠠᠷᠬᠤ ᠪᠠ ᠲᠤᠰᠠᠭᠠᠷᠯᠠᠬᠤ | ᠬᠤᠭᠤᠴᠠᠭ᠎ᠠ ᠨᠢ ᠭᠦᠢᠴᠡᠭᠰᠡᠨ ᠬᠥᠮᠦᠰ ᠤᠨ ᠬᠠᠮᠢᠶᠠᠷᠤᠯᠲᠠ ᠶᠢᠨ ᠠᠵᠢᠯ ᠢ ᠨᠠᠷᠢᠯᠢᠭ ᠠᠳᠬᠤᠵᠤ ᠪᠣᠳᠠᠲᠠᠶ ᠠᠳᠬᠤᠨ᠂ ᠬᠢᠵᠢᠭ ᠤᠨ ᠪᠠᠶᠢᠳᠠᠯ ᠤᠨ ᠰᠦᠨᠦᠭᠡᠯᠳᠡ ᠶᠢᠨ | ᠳᠠᠶᠢᠯᠠᠯᠳᠤᠭᠠᠨ ᠤ ᠢᠯᠠᠯᠲᠠ ᠶᠢ ᠲᠤᠶᠢᠯᠪᠤᠷᠢᠲᠠᠶ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ |