ᠣᠪᠣᠷ ᠢᠶᠠᠨ ᠬᠤᠪᠢᠷᠠᠭᠤᠯᠬᠤ ᠥᠬᠡᠶ ᠵᠣᠷᠢᠭ ᠢᠶᠠᠨ ᠰᠤᠯᠠᠷᠠᠭᠤᠯᠬᠤ ᠥᠬᠡᠶ ᠪᠠᠷᠢᠮᠵᠢᠶ᠎ᠠ ᠪᠠᠨ ᠪᠠᠭᠤᠷᠠᠭᠤᠯᠬᠤ ᠥᠭᠡᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠴᠥᠬᠦᠷᠡᠰᠢ ᠦᠭᠡᠢ ᠠᠬᠢᠭᠤᠯᠬᠤ ᠬᠡᠷᠡᠭᠳᠡᠢ​
ᠨᠡᠶᠢᠲᠡᠯᠡᠭᠰᠡᠨ ᠴᠠᠭ᠄
2021/12/31

      12 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ ᠠᠷᠪᠠᠨ ᠬᠤᠶᠠᠳᠤᠭᠠᠷ ᠤᠳᠠᠭ᠎ᠠ ᠶᠢᠨ ︵ᠥᠷᠭᠡᠳᠭᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ᠂ ᠣᠳᠣᠬᠠᠨ ᠳᠤ ᠮᠠᠨ ᠤ ᠣᠷᠣᠨ ᠶᠠᠭ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠬᠦᠲᠦᠯᠦᠨ ᠳᠠᠭᠠᠭᠤᠯᠵᠤ ᠪᠠᠲᠤᠯᠠᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠦᠬᠦ ᠬᠦᠴᠦᠨ ᠢᠶᠠᠷ ᠡᠬᠦᠳᠦᠨ ᠪᠠᠶᠢᠭᠤᠯᠵᠥ᠂ ᠠᠵᠢᠯ ᠬᠢᠵᠦ ᠦᠢᠯᠡᠰ ᠪᠤᠰᠬᠠᠬᠤ ᠤᠷᠮ᠎ᠠ ᠵᠣᠷᠢᠭ ᠢ ᠬᠥᠭᠵᠢᠭᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠢᠳᠡᠪᠬᠢ ᠬᠦᠴᠦᠨ ᠢ ᠨᠢᠭᠲᠠᠷᠠᠭᠤᠯᠬᠤ ᠶᠢ ᠲᠤᠯᠭᠠᠮ ᠱᠠᠭᠠᠷᠳᠠᠵᠤ ᠪᠠᠶᠢᠨ᠎ᠠ᠃ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠬᠠᠷᠢᠭᠤᠴᠠᠯᠭᠠᠲᠤ ᠰᠡᠳᠭᠢᠯᠭᠡ᠂ ᠡᠭᠦᠷᠭᠡᠲᠦ ᠪᠤᠳᠤᠯ᠂ ᠲᠤᠯᠭᠠᠮ ᠰᠡᠳᠭᠢᠯᠭᠡ ᠪᠠᠨ ᠦᠨᠡᠨ ᠬᠦ ᠴᠢᠩᠭᠠᠳᠬᠠᠵᠤ᠂ ᠨᠠᠮ ᠪᠣᠯᠤᠨ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ ᠣᠪᠣᠷ ᠢᠶᠠᠨ ᠬᠤᠪᠢᠷᠠᠭᠤᠯᠬᠤ ᠦᠭᠡᠢ᠂ ᠵᠣᠷᠢᠭ ᠢᠶᠠᠨ ᠰᠤᠯᠠᠷᠠᠭᠤᠯᠬᠤ ᠦᠭᠡᠢ ᠪᠠᠷᠢᠮᠵᠢᠶ᠎ᠠ ᠪᠠᠨ ᠪᠠᠭᠤᠷᠠᠭᠤᠯᠬᠤ ᠥᠭᠡᠢ ᠪᠠᠶᠢᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠴᠥᠬᠦᠷᠡᠰᠢ ᠦᠭᠡᠢ ᠠᠬᠢᠭᠤᠯᠬᠤ ᠬᠡᠷᠡᠭᠲᠡᠢ ᠬᠡᠵᠥ ᠵᠢᠭᠠᠵᠥ ᠭᠠᠷᠭᠠᠪᠠ᠃
      ᠬᠤᠷᠠᠯ ᠠᠴᠠ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠳᠤ ᠢᠮᠠᠭᠲᠠ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠬᠦ ᠶᠢ

︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠶᠯᠡ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠡᠷᠡᠰ ᠪᠠᠲᠤ ᠢᠳᠡᠬᠡᠨ ᠪᠢᠰᠢᠷᠡᠭᠴᠢ ᠪᠠ ᠦᠨᠡᠨᠴᠢ ᠰᠢᠳᠤᠷᠭᠤ ᠦᠶᠯᠡᠳᠦᠯᠭᠡᠵᠢᠭᠦᠯᠦᠭᠴᠢ ᠪᠣᠯᠬᠤ ᠬᠡᠷᠡᠭᠲᠡᠶ ᠬᠡᠵᠥ ᠴᠢᠬᠤᠯᠠᠴᠢᠯᠠᠪᠠ᠃
      ᠬᠤᠷᠠᠯ ᠠᠴᠠ᠂ ᠠᠷᠢᠭᠤᠨ ᠴᠢᠬᠡᠴᠢ ᠵᠠᠰᠠᠭ ᠤᠨ ᠣᠷᠳᠣᠨ᠂ ᠬᠠᠤᠯᠢᠵᠢᠯ ᠤᠨ ᠵᠠᠰᠠᠭ ᠤᠨ ᠣᠷᠳᠣᠨ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠶᠢ ᠭᠦᠨᠵᠡᠭᠡᠶᠢᠷᠡᠭᠦᠯᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠡᠷᠡᠯ ᠢ ᠡᠰᠡᠷᠭᠦᠴᠡᠬᠦ ᠶᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠲᠦᠷᠢᠮ ᠢ ᠲᠡᠭᠦᠯᠳᠡᠷᠵᠢᠭᠦᠯᠬᠦ᠂ ᠵᠠᠰᠠᠯᠲᠠ ᠶᠢ ᠠᠬᠢᠭᠤᠯᠬᠤ ᠯᠤᠭ᠎ᠠ ᠬᠦᠨᠵᠡᠭᠡᠢ ᠨᠡᠪᠳᠡᠷᠡᠯᠴᠡᠬᠦᠯᠵᠤ᠂ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠬᠤᠪᠢ ᠶᠢᠨ ᠠᠰᠢᠭ ᠬᠥᠭᠡᠭᠡᠴᠡᠯᠳᠦᠬᠦ ᠣᠷᠣᠨ ᠵᠠᠢ ᠶᠢ ᠠᠷᠢᠯᠭᠠᠵᠤ᠂ ᠢᠯᠵᠡᠷᠡᠯ ᠤᠨ ᠬᠥᠷᠥᠰᠥ ᠰᠢᠷᠣᠢ ᠶᠢ ᠠᠷᠢᠯᠭᠠᠬᠤ ᠬᠡᠷᠡᠭᠲᠡᠢ᠃ ᠪᠡᠯᠡ ᠮᠥᠩᠭᠦ ᠶᠢᠨ ᠲᠦᠷᠦᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠢᠨᠵᠧᠨᠧᠷᠢᠩ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠪᠤᠳᠤᠯᠳᠠ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠤᠪᠣᠷ ᠨᠠᠨᠳᠢᠨ ᠪᠡᠯᠡ ᠮᠥᠩᠭᠦ ᠶᠢ ᠴᠢᠬᠤᠯᠠ ᠭᠠᠵᠠᠷ᠂ ᠵᠠᠩᠭᠢᠯᠠᠭ᠎ᠠ ᠶᠢᠨ ᠴᠡᠭ ᠲᠤ ᠬᠡᠷᠡᠭᠯᠡᠵᠦ᠂ ᠢᠨᠵᠧᠨᠧᠷᠢᠩ ᠨᠢᠭᠡ ᠪᠦᠷᠢ ᠶᠢ ᠨᠡᠷᠡᠨ ᠭᠡᠷᠡᠯᠲᠦ ᠢᠨᠵᠧᠨᠧᠷᠢᠩ᠂ ᠠᠷᠢᠭᠤᠨ ᠴᠢᠬᠡᠴᠢ ᠢᠨᠵᠧᠨᠧᠷᠢᠩ ᠪᠣᠯᠭᠠᠨ ᠪᠦᠳᠦᠭᠡᠨ ᠪᠠᠶᠢᠭᠤᠯᠬᠤ ᠬᠡᠷᠡᠭᠲᠡᠢ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠬᠠᠤᠯᠢ ᠪᠠᠷ ᠵᠠᠰᠠᠬᠤ ᠪᠠᠷ ᠡᠷᠬᠡ ᠳᠤ ᠶᠣᠰᠣ ᠲᠦᠷᠢᠮ ᠲᠣᠭᠲᠠᠭᠠᠵᠤ᠂ ᠵᠠᠭᠠᠭ ᠱᠤᠭᠤᠮ ᠲᠣᠭᠲᠠᠭᠠᠵᠤ᠂ ᠬᠠᠤᠯᠢᠵᠢᠯ ᠤᠨ ᠰᠡᠳᠭᠢᠬᠦᠢ ᠪᠠ ᠬᠠᠤᠯᠢᠵᠢᠯ ᠤᠨ ᠠᠷᠭ᠎ᠠ ᠮᠠᠶ᠋ᠢᠭ ᠢᠶᠠᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠠᠵᠢᠯ ᠢ ᠬᠠᠤᠯᠢᠵᠢᠯ ᠤᠨ ᠵᠠᠮ ᠳᠤ ᠪᠦᠬᠦ ᠲᠠᠯ᠎ᠠ ᠪᠠᠷ ᠣᠷᠣᠭᠤᠯᠬᠤ ᠬᠡᠷᠡᠭᠲᠡᠢ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠶᠢᠯᠢ ᠶᠢ ᠬᠥᠩᠭᠡᠯᠡᠵᠦ ᠰᠦᠢᠳᠭᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠵᠠᠰᠠᠭ ᠢ ᠴᠣᠮᠬᠠᠳᠬᠠᠬᠤ ᠠᠷᠭ᠎ᠠ ᠵᠠᠮ ᠢ ᠬᠦᠴᠦᠯᠡᠨ ᠬᠡᠷᠡᠭᠵᠢᠭᠦᠯᠵᠦ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠷᠬᠡ ᠲᠡᠭᠰᠢ᠂ ᠥᠨᠳᠥᠷ ᠪᠦᠲᠦᠮᠵᠢᠲᠡᠢ᠂ ᠢᠯᠡ ᠲᠣᠳᠣ᠂ ᠨᠡᠭᠡᠭᠡᠯᠲᠡᠲᠡᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠦᠬᠦ ᠬᠦᠴᠦᠨ ᠢᠶᠠᠷ ᠪᠤᠢ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠪᠠ᠃
      ᠬᠤᠷᠠᠯ ᠠᠴᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠨᠡᠩ ᠶᠡᠭᠡ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢᠨ ᠲᠦᠷᠢᠮ ᠭᠡᠬᠦ ᠡᠨᠡ ᠬᠦ ᠵᠠᠩᠭᠢᠯᠠᠭ᠎ᠠ ᠶᠢ ᠠᠳᠬᠤᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠡᠭᠦᠷᠭᠡ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠳᠠᠶᠢᠴᠢᠯᠠᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢᠨ ᠡᠨᠡ ᠬᠦ ᠵᠠᠩᠭᠢᠯᠠᠭ᠎ᠠ ᠶᠢᠨ ᠴᠡᠭ ᠢ ᠠᠳᠬᠤᠵᠤ᠂ ᠰᠢᠨ᠎ᠡ ᠰᠤᠷᠲᠠᠯ ᠢ ᠪᠤᠢ ᠪᠣᠯᠭᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠳᠬᠤᠵᠤ᠂ ︽ᠲᠦᠷᠪᠡᠨ ᠰᠤᠷᠲᠠᠯ︾ ᠢ ᠥᠴᠦᠬᠡᠨ ᠴᠦ ᠰᠤᠯᠠᠷᠠᠭᠤᠯᠤᠯ ᠦᠭᠡᠢ ᠵᠠᠯᠠᠷᠠᠭᠤᠯᠬᠤ ᠬᠡᠷᠡᠭᠲᠡᠢ᠃ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠭᠡᠬᠦ ᠡᠨᠡ ᠬᠦ ᠦᠨᠳᠦᠰᠦᠨ ᠵᠦᠢᠯ ᠢ ᠠᠳᠬᠤᠵᠤ᠂ ᠲᠦᠷᠢᠮ ᠤᠨ ᠳᠤᠲᠠᠭᠳᠠᠯ ᠢ ᠨᠥᠬᠦᠪᠥᠷᠢᠯᠡᠨ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠵᠤ᠂ ᠢᠯᠵᠠᠷᠡᠯ ᠡᠭᠦᠰᠭᠦ ᠶᠢ ᠡᠬᠢ ᠡᠭᠦᠰᠦᠯ ᠠᠴᠠ ᠨᠢ ᠰᠡᠷᠭᠡᠶᠢᠯᠡᠨ ᠬᠤᠷᠢᠭᠯᠠᠵᠤ᠂ ᠨᠠᠮ ᠪᠠ ᠠᠷᠠᠳ ᠲᠦᠮᠡᠨ ᠠᠴᠠ ᠣᠯᠭᠤᠭᠰᠠᠨ ᠡᠷᠬᠡ ᠶᠢ ᠢᠮᠠᠭᠲᠠ ᠠᠷᠠᠳ ᠲᠦᠮᠡᠨ ᠳᠤ ᠵᠣᠯ ᠵᠢᠷᠭᠠᠯ ᠣᠯᠭᠤᠬᠤ ᠳᠤ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃
      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠯᠪᠠᠨ ᠬᠡᠷ ᠪᠠᠰᠠ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠨᠡᠶᠢᠲᠡᠯᠡᠵᠦ ᠵᠠᠳᠠᠯᠤᠨ ᠰᠢᠨᠵᠢᠯᠡᠵᠦ᠂ ᠠᠵᠢᠯ ᠤᠨ ᠰᠠᠨᠠᠭᠤᠯᠭ᠎ᠠ ᠳᠤᠷᠠᠳᠴᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ