ᠱᠢ ᠲᠠᠢ ᠹᠧᠩ ᠮᠠᠨᠵᠤᠤᠷ ᠬᠤᠳᠠ ᠶᠢᠨ ᠬᠢᠵᠢᠭ ᠤᠨ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠳᠡᠭᠡᠷ᠎ᠡ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠲᠦᠷᠭᠡᠨ ᠨᠠᠷᠢᠯᠢᠭ ᠨᠠᠶᠢᠳᠠᠪᠤᠷᠢᠵᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠳᠠ ᠶᠢᠨ ᠳᠠᠶᠢᠯᠠᠯᠳᠤᠭᠠᠨ ᠤ ᠢᠯᠠᠯᠲᠠ ᠶᠢ ᠪᠦᠬᠦ ᠬᠦᠴᠦᠨ ᠢᠶᠠᠷ ᠢᠶᠠᠨ ᠲᠡᠮᠡᠴᠡᠨ ᠤᠯᠬᠤ ᠬᠡᠷᠡᠭᠲᠡᠢ ᠭᠡᠵᠦ ᠴᠢᠬᠤᠯᠠᠴᠢᠯᠠᠪᠠ  ᠸᠠᠩ ᠯᠢ ᠰᠢᠶᠠ ᠬᠤᠷᠠᠯ ᠳᠤ ᠣᠷᠤᠯᠴᠠᠵᠠᠢ
ᠨᠡᠶᠢᠲᠡᠯᠡᠭᠰᠡᠨ ᠴᠠᠭ᠄
2021/12/7

      12 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠬᠥᠬᠡᠬᠤᠲᠠ ᠳᠤ ᠸᠢᠳᠢᠣ᠋ ᠬᠡᠯᠪᠡᠷᠢ ᠪᠠᠷ ᠮᠠᠨᠵᠤᠤᠷ ᠬᠤᠳᠠ ᠶᠢᠨ ᠬᠢᠵᠢᠭ ᠤᠨ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠲᠤ ᠶᠠᠷᠢᠶ᠎ᠠ ᠲᠠᠯᠪᠢᠬᠤ ᠳᠠᠭᠠᠨ᠂ ᠬᠥᠯᠥᠨ ᠪᠤᠶᠢᠷ ᠬᠤᠳᠠ ᠪᠣᠯᠤᠨ ᠮᠠᠨᠵᠤᠤᠷ ᠬᠤᠳᠠ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠳᠣᠬᠠᠨ ᠤ ᠠᠯᠢᠪᠠ ᠶᠠᠪᠤᠳᠠᠯ ᠠᠴᠠ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠵᠢᠯ ᠤᠨ ᠲᠣᠬᠢᠷᠠᠭᠤᠯᠤᠯᠲᠠ ᠶᠢ ᠡᠷᠡᠰ ᠲᠤᠭᠤᠰᠢᠯᠠᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠪᠠ ᠬᠦᠴᠦᠨ ᠢ ᠨᠢᠭᠡᠳᠦᠯᠲᠡᠶ ᠲᠥᠯᠥᠪᠵᠢᠭᠦᠯᠵᠤ᠂ ᠡᠷᠡᠰ ᠬᠦᠴᠦᠲᠡᠶ ᠠᠷᠭ᠎ᠠ ᠬᠡᠮᠵᠢᠶ᠎ᠡ ᠠᠪᠴᠤ᠂ ᠸᠢᠷᠦ᠋ᠰ ᠤᠨ ᠨᠢᠭᠡ ᠨᠢᠭᠤᠭᠳᠠᠮᠠᠯ ᠬᠤᠭᠤᠴᠠᠭᠠᠨ ᠳᠤ ᠬᠢᠵᠢᠭ ᠤᠨ ᠪᠠᠶᠢᠳᠠᠯ ᠢ ᠬᠤᠷᠢᠬᠯᠠᠨ ᠡᠵᠡᠮᠳᠡᠬᠦ ᠪᠠᠷ ᠴᠢᠷᠮᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠳᠠ ᠶᠢᠨ ᠳᠠᠶᠢᠯᠠᠯᠳᠤᠭᠠᠨ ᠤ ᠢᠯᠠᠯᠲᠠ ᠶᠢ ᠪᠦᠬᠦ ᠬᠦᠴᠦᠨ ᠢᠶᠠᠷ ᠢᠶᠠᠨ ᠲᠡᠮᠡᠴᠡᠨ ᠤᠯᠬᠤ ᠬᠡᠷᠡᠭᠲᠡᠢ ᠬᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠠᠢ᠃


1207石泰峰在应对处置.jpg


      ᠱᠢ ᠲᠠᠢ ᠹᠧᠩ᠂ ︽ᠡᠷᠳᠡᠬᠡᠨ ᠬᠦᠳᠡᠯᠦᠯᠴᠡᠬᠦ︾ ᠳᠤ ᠰᠠᠭᠤᠷᠢᠯᠠᠨ᠂ ︽ᠲᠦᠷᠭᠡᠨ ᠪᠠᠶᠢᠬᠤ︾ ᠶᠢ ᠳᠣᠪᠣᠶᠢᠯᠭᠠᠵᠤ᠂ ᠴᠠᠭ ᠮᠥᠴᠡ ᠶᠢ ᠠᠮᠵᠢᠨ ᠸᠢᠷᠦ᠋ᠰ ᠲᠠᠢ ᠤᠷᠤᠯᠳᠤᠵᠤ᠂ ᠦᠨᠳᠦᠰᠦᠨ ᠲᠤᠭ᠎ᠠ ᠪᠠᠶᠢᠳᠠᠯ ᠢ ᠠᠯᠢ ᠲᠦᠷᠭᠡᠨ ᠢᠶᠠᠷ ᠪᠠᠶᠢᠴᠠᠭᠠᠨ ᠳᠣᠲᠣᠯᠠᠵᠤ᠂ ᠦᠨᠡᠨ ᠬᠦ ᠴᠢᠩᠭ᠎ᠠ ᠬᠠᠮᠢᠶᠠᠷᠤᠨ ᠡᠵᠡᠮᠳᠡᠵᠤ᠂ ᠳᠠᠷᠬᠠᠵᠦ ᠳᠡᠯᠭᠡᠷᠡᠬᠦ ᠶᠢ ᠡᠷᠡᠰ ᠰᠡᠷᠭᠡᠶᠢᠯᠡᠬᠦ ᠬᠡᠷᠡᠭᠲᠡᠶ᠃ ᠲᠤᠬᠢᠷᠠᠭᠤᠯᠤᠨ ᠲᠦᠪᠯᠡᠷᠡᠭᠦᠯᠵᠦ ᠪᠣᠯᠬᠤ ᠬᠦᠴᠦᠨ ᠪᠦᠬᠦᠨ ᠢ ᠲᠥᠪᠯᠡᠷᠡᠭᠦᠯᠵᠦ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠵᠢᠯ ᠢ ᠲᠦᠷᠭᠡᠳᠭᠡᠨ ᠠᠬᠢᠭᠤᠯᠵᠤ᠂ ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃ ᠲᠠᠬᠤᠯ ᠡᠪᠡᠳᠴᠢᠨ ᠤ ᠪᠠᠶᠢᠴᠠᠭᠠᠯᠳᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠰᠠᠶᠢᠲᠤᠷ ᠭᠦᠢᠴᠡᠳ ᠬᠡᠷᠡᠭᠯᠡᠵᠦ᠂ ᠲᠦᠭᠰᠢᠭᠦᠷᠢ ᠲᠠᠢ ᠬᠥᠮᠦᠰ ᠢ ᠪᠦᠬᠦᠨ ᠢ ᠠᠯᠢ ᠲᠦᠷᠭᠡᠨ ᠢᠶᠠᠷ ᠰᠢᠭᠰᠢᠨ ᠪᠠᠶᠢᠴᠠᠭᠠᠵᠤ ᠭᠠᠷᠭᠠᠬᠤ ᠬᠡᠷᠡᠭᠲᠡᠢ᠃ ᠲᠤᠰᠠᠭᠠᠷᠯᠠᠵᠤ ᠬᠠᠮᠢᠶᠠᠷᠤᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠠᠶᠢᠴᠠᠭᠠᠵᠤ ᠭᠠᠷᠭᠠᠭᠰᠠᠨ ᠲᠦᠭᠰᠢᠭᠦᠷᠢ ᠲᠠᠢ ᠬᠥᠮᠦᠰ ᠲᠤ ᠡᠯ᠎ᠡ ᠵᠦᠶᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠨᠢᠭᠲᠠ ᠤᠶᠢᠷᠠᠳᠤᠭᠰᠠᠳ ᠪᠣᠯᠤᠨ ᠨᠢᠭᠳᠠ ᠤᠶᠢᠷᠠᠳᠤᠭᠰᠠᠳ ᠲᠠᠢ ᠤᠶᠢᠷᠠᠳᠤᠭᠰᠠᠳ ᠤᠨ ᠲᠤᠰᠠᠭᠠᠷᠯᠠᠬᠤ ᠶᠤᠰᠤᠳᠠᠢ ᠶᠢ ᠨᠢ ᠦᠳᠳᠡᠷ ᠲᠦᠷᠭᠡᠨ ᠲᠤᠰᠠᠭᠠᠷᠯᠠᠵᠤ᠂ ᠲᠤᠰᠠᠭᠠᠷᠯᠠᠬᠤ ᠶᠤᠰᠤᠳᠠᠢ ᠶᠢ ᠨᠢ ᠪᠦᠬᠦᠨ ᠢ ᠲᠤᠰᠠᠭᠠᠷᠯᠠᠬᠤ ᠬᠡᠷᠡᠭᠲᠡᠶ᠃ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠦᠨᠡᠨ ᠬᠦ ᠴᠢᠩᠭᠠᠳᠬᠠᠵᠤ᠂ ᠪᠠᠭᠤᠷᠠᠶ ᠭᠤᠭᠴᠤᠭ᠎ᠠ ᠳᠠᠬᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠷᠢᠭᠯᠠᠬᠤ ᠶᠣᠰᠣᠲᠠᠶ ᠶᠢ ᠨᠢ ᠡᠷᠬᠡᠪᠰᠢ ᠬᠤᠷᠢᠭᠯᠠᠵᠤ᠂ ᠪᠢᠲᠡᠭᠦᠮᠵᠢᠯᠡᠬᠦ ᠶᠣᠰᠣᠲᠠᠶ ᠶᠢ ᠨᠢ ᠡᠷᠬᠡᠪᠰᠢ ᠪᠢᠲᠡᠭᠦᠮᠵᠢᠯᠡᠵᠦ᠂ ᠶᠠᠭᠠᠬᠢᠭᠰᠠᠨ ᠴᠤ ᠬᠠᠮᠢᠶᠠᠷᠤᠯᠳᠠ ᠶᠢᠨ ᠬᠤᠭᠤᠰᠤᠨ ᠭᠠᠵᠠᠷ ᠪᠠ ᠲᠠᠰᠤᠷᠬᠠᠶ ᠴᠡᠭ ᠢ ᠦᠯᠡᠳᠡᠬᠡᠵᠤ ᠪᠣᠯᠬᠤ ᠥᠬᠡᠶ᠂ ᠬᠠᠮᠢᠶᠠᠷᠤᠨ ᠡᠵᠡᠮᠳᠡᠬᠦ ᠳᠤ ᠠᠯᠳᠠᠵᠤ ᠭᠤᠭᠤᠵᠢᠬᠳᠠᠭᠤᠯᠬᠤ ᠶᠢ ᠡᠷᠡᠰ ᠰᠡᠷᠭᠡᠶᠢᠯᠡᠬᠦ ᠬᠡᠷᠡᠭᠲᠡᠶ ᠭᠡᠵᠤ ᠴᠢᠬᠤᠯᠠᠴᠢᠯᠠᠵᠠᠢ᠃
      ᠱᠢ ᠲᠠᠢ ᠹᠧᠩ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠱᠠᠭᠠᠷᠳᠠᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢᠶᠠᠨ ᠴᠢᠩᠭ᠎ᠠ ᠠᠴᠠ ᠴᠢᠩᠭ᠎ᠠ᠂ ᠨᠠᠷᠢᠯᠢᠭ ᠠᠴᠠ ᠨᠠᠷᠢᠯᠢᠭ᠂ ᠪᠣᠳᠠᠲᠠᠢ ᠠᠴᠠ ᠪᠣᠳᠠᠲᠠᠢ ᠰᠠᠶᠢᠲᠤᠷ ᠬᠢᠵᠦ᠂ ᠡᠯ᠎ᠡ ᠵᠦᠢᠯ ᠤᠨ ᠡᠬᠦᠰᠴᠤ ᠮᠡᠳᠡᠬᠦ ᠪᠠᠶᠢᠳᠠᠯ ᠢ ᠪᠦᠷᠢᠨ ᠭᠦᠢᠴᠡᠳ ᠪᠣᠳᠣᠯᠬᠢᠯᠠᠵᠤ᠂ ᠠᠪᠬᠤ ᠴᠢᠬᠤᠯᠠᠲᠠᠢ ᠠᠷᠭᠠᠴᠠᠭᠠᠬᠤ ᠠᠷᠭ᠎ᠠ ᠬᠡᠮᠵᠢᠶ᠎ᠡ ᠪᠠᠨ ᠨᠠᠷᠢᠯᠢᠭ ᠲᠥᠯᠥᠪᠯᠡᠵᠦ᠂ ᠲᠥᠰᠦᠯ ᠪᠡᠯᠡᠳᠭᠡᠯ ᠲᠦᠰᠦᠯ ᠢᠶᠠᠨ ᠲᠡᠭᠦᠯᠳᠡᠷᠵᠢᠭᠦᠯᠦᠨ᠂ ᠳᠤᠲᠠᠭᠳᠠᠯ ᠢ ᠴᠠᠭ ᠲᠤᠬᠠᠢ ᠳᠤᠨᠢ ᠨᠦᠬᠦᠪᠦᠷᠢᠯᠡᠵᠤ᠂ ᠶᠠᠭᠠᠬᠢᠭᠰᠠᠨ ᠴᠤ ᠤᠳᠠᠭᠠᠰᠢᠷᠠᠭᠤᠯᠵᠤ᠂ ᠠᠯᠳᠠᠬᠳᠠᠯ ᠭᠠᠷᠭᠠᠵᠤ ᠪᠣᠯᠬᠤ ᠦᠭᠡᠢ᠃ ᠤᠷᠢᠳᠴᠢᠯᠠᠨ ᠲᠦᠰᠦᠪᠯᠡᠵᠤ᠂ ᠡᠷᠲᠡᠬᠡᠨ ᠬᠥᠳᠡᠯᠦᠯᠴᠡᠵᠦ᠂ ᠡᠯ᠎ᠡ ᠲᠥᠷᠥᠯ ᠤᠨ ᠠᠮᠢᠳᠤᠷᠠᠯ ᠤᠨ ᠡᠳ᠋ ᠪᠣᠳᠠᠰ ᠪᠣᠯᠤᠨ ᠬᠢᠵᠢᠭ ᠢ ᠰᠡᠷᠭᠡᠶᠢᠯᠡᠬᠦ ᠡᠳ᠋ ᠪᠣᠳᠠᠰ ᠢ ᠰᠢᠯᠵᠢᠭᠦᠯᠦᠨ ᠲᠡᠭᠡᠭᠡᠪᠦᠷᠢᠯᠡᠬᠦ ᠪᠠ ᠨᠥᠭᠡᠴᠡᠯᠡᠬᠦ ᠶᠢ ᠴᠢᠩᠭᠠᠳᠬᠠᠵᠤ᠂ ᠣᠯᠠᠨ ᠲᠦᠮᠡᠨ ᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠪᠣᠯᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠪᠠᠲᠤᠯᠠᠬᠤ ᠬᠡᠷᠡᠭᠲᠡᠶ᠃ ᠳᠠᠪᠠᠭᠤᠯᠢᠭ ᠡᠮᠴᠢᠯᠡᠭᠡᠨ ᠤ ᠡᠬᠢ ᠪᠠᠶᠠᠯᠢᠭ ᠪᠣᠯᠤᠨ ᠮᠡᠷᠭᠡᠵᠢᠯ ᠤᠨ ᠬᠦᠴᠦᠨ ᠢ ᠲᠥᠪᠯᠡᠷᠡᠭᠦᠯᠦᠨ ᠡᠪᠡᠳᠴᠢᠲᠡᠨ ᠢ ᠠᠪᠤᠷᠠᠨ ᠡᠮᠨᠡᠵᠦ᠂ ᠭᠡᠨᠡᠳᠲᠡ ᠶᠢᠨ ᠪᠠᠶᠢᠳᠠᠯ ᠡᠬᠦᠰᠪᠡᠯ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠬᠤ ᠬᠡᠷᠡᠭᠲᠡᠶ᠃ ᠡᠮᠴᠢ ᠰᠤᠪᠢᠯᠠᠭᠴᠢ ᠶᠢᠨ ᠬᠦᠴᠦᠨ ᠪᠣᠯᠤᠨ ᠡᠮᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠤᠯᠠᠨ ᠲᠦᠮᠡᠨ ᠤ ᠡᠳᠦᠷ ᠲᠤᠳᠤᠮ ᠤᠨ ᠡᠪᠡᠳᠴᠢᠨ ᠦᠵᠡᠭᠦᠯᠬᠦ ᠬᠡᠷᠡᠭᠴᠡᠭᠡ ᠶᠢ ᠰᠠᠶᠢᠲᠤᠷ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃
      ᠱᠢ ᠲᠠᠢ ᠹᠧᠩ᠂ ᠡᠯ᠎ᠡ ᠱᠠᠲᠤ ᠡᠯ᠎ᠡ ᠲᠠᠯ᠎ᠠ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠢᠯᠠᠩᠭᠤᠶ᠎ᠠ ᠮᠠᠨᠵᠤᠤᠷ ᠬᠤᠲᠠ ᠶᠢᠨ ᠬᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠣᠳᠣᠬᠠᠨ ᠤ ᠲᠡᠷᠢᠭᠦᠨ ᠴᠢᠬᠤᠯᠠ ᠶᠡᠭᠡ ᠶᠠᠪᠤᠳᠠᠯ ᠪᠣᠯᠭᠠᠵᠤ᠂ ᠡᠯ᠎ᠡ ᠵᠦᠶᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠺᠠᠳ᠋ᠷ ᠢᠯᠠᠩᠭᠤᠶ᠎ᠠ ︽ᠨᠢᠭᠡᠳᠦᠭᠡᠷ ᠭᠠᠷ︾ ᠰᠠᠶᠢᠨ ᠵᠢᠯᠤᠭᠤᠳᠤᠭᠴᠢ ᠪᠣᠯᠬᠤ ᠪᠠᠷ ᠪᠠᠷᠠᠬᠤ ᠦᠭᠡᠢ ᠪᠠᠰᠠ ᠰᠠᠶᠢᠨ ᠪᠠᠶᠢᠯᠳᠤᠭᠴᠢ ᠪᠤᠯᠵᠤ᠂ ᠡᠮᠦᠨ᠎ᠡ ᠹᠷᠣᠨᠲ ᠲᠤ ᠭᠦᠨᠵᠡᠭᠡᠶᠢᠷᠡᠨ ᠪᠠᠶᠢᠳᠠᠯ ᠢ ᠤᠶᠢᠯᠠᠭᠠᠵᠤ᠂ ᠬᠢᠨᠠᠯᠲᠠ ᠲᠠᠯᠪᠢᠨ ᠪᠠᠶᠢᠴᠠᠭᠠᠵᠤ᠂ ᠳᠠᠷᠤᠯᠲᠠ ᠶᠢ ᠳᠠᠮᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠲᠡᠪᠴᠢᠵᠦ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠵᠤ᠂ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠰᠡᠷᠭᠡᠶᠢᠯᠡᠨ ᠡᠵᠡᠮᠳᠡᠬᠦ ᠲᠠᠯ᠎ᠠ ᠪᠠᠷ ᠰᠤᠯᠠ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠳ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠢ᠃ ᠨᠢᠭᠡᠳᠦᠯᠲᠡᠶ ᠵᠢᠯᠣᠭᠤᠳᠤᠨ ᠲᠣᠬᠢᠷᠠᠭᠤᠯᠬᠤ ᠪᠠᠨ ᠴᠢᠩᠭᠠᠳᠬᠠᠵᠤ᠂ ᠪᠠᠶᠢᠭᠤᠯᠤᠮᠵᠢ ᠨᠡᠶᠢᠯᠡᠨ ᠠᠯᠪᠠᠯᠠᠬᠤ ᠲᠣᠭᠲᠠᠴᠠ ᠶᠢ ᠪᠦᠷᠢᠨᠰᠢᠬᠦᠯᠤᠨ᠂ ᠴᠤᠮᠬᠠᠳᠬᠠᠨ ᠲᠡᠭᠰᠢᠯᠡᠵᠤ ᠠᠵᠢᠯᠯᠠᠭᠤᠯᠬᠤ ᠶᠢ ᠬᠡᠷᠡᠭᠵᠢᠭᠦᠯᠵᠦ᠂ ᠵᠢᠯᠣᠭᠤᠳᠬᠤ ᠰᠢᠰᠲ᠋ᠧᠮ ᠤᠨ ᠢᠮᠠᠭᠲᠠ ᠥᠨᠳᠥᠷ ᠪᠦᠲᠦᠮᠵᠢᠲᠡᠶ ᠠᠵᠢᠯᠯᠠᠬᠤ ᠪᠠᠶᠢᠳᠠᠯ ᠳᠤ ᠪᠠᠶᠢᠬᠤ ᠶᠢ ᠪᠠᠲᠤᠯᠠᠬᠤ ᠬᠡᠷᠡᠭᠲᠡᠶ᠃ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠤᠯᠤᠯᠴᠠᠭ᠎ᠠ ᠵᠣᠬᠢᠴᠠᠭᠤᠯᠭ᠎ᠠ ᠪᠠᠨ ᠨᠢᠭᠲᠠᠷᠠᠭᠤᠯᠵᠤ᠂ ᠬᠥᠮᠦᠨ ᠤ ᠬᠦᠴᠦᠨ ᠢᠶᠠᠨ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠠᠵᠢᠯ ᠤᠨ ᠶᠠᠪᠤᠴᠠ ᠪᠠᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠡᠮᠬᠢ ᠵᠠᠮᠪᠠᠷᠠᠭ᠎ᠠ ᠦᠭᠡᠢ ᠲᠠᠶᠢᠨ ᠬᠢᠬᠦ ᠶᠢ ᠡᠷᠡᠰ ᠰᠡᠷᠭᠡᠶᠢᠯᠡᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠤᠨ ᠥᠨᠳᠥᠷ ᠪᠦᠲᠦᠮᠵᠢᠲᠡᠢ ᠡᠮᠬᠢ ᠵᠢᠷᠤᠮ ᠲᠠᠢ ᠠᠬᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠳ᠋ᠢᠩ ᠰᠢᠤ ᠹᠧᠩ ᠬᠤᠷᠠᠯ ᠳᠤ ᠣᠷᠣᠯᠴᠠᠵᠤ᠂ ᠬᠤᠸᠠᠩ ᡁᠢ ᠴᠢᠶᠠᠩ᠂ ᠢᠤᠢ ᠯᠢ ᠰᠢᠨ᠂ ᠡᠸᠤ ᠶᠠᠩ ᠰᠢᠶᠤᠤ ᠬᠤᠶ ᠲᠣᠰ ᠲᠣᠰ ᠬᠥᠯᠥᠨ ᠪᠣᠶᠢᠷ ᠬᠤᠲᠠ ᠪᠤᠶᠤ ᠮᠠᠨᠵᠤᠤᠷ ᠬᠤᠲᠠ ᠳᠤ ᠬᠤᠷᠠᠯ ᠳᠤ ᠣᠷᠣᠯᠴᠠᠭᠰᠠᠨ ᠪᠥᠭᠡᠳ ᠬᠠᠮᠢᠶ᠎ᠠ ᠪᠥᠬᠦᠶ ᠠᠵᠢᠯ ᠢᠶᠠᠨ ᠬᠠᠷᠢᠭᠤ ᠮᠡᠳᠡᠭᠦᠯᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ