ᠪᠦᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠢᠴᠢ ᠡᠨᠡ ᠡᠪᠦᠯ ᠢᠷᠡᠬᠦ ᠬᠠᠪᠤᠷ ᠤᠨ ᠭᠠᠵᠠᠷ ᠰᠢᠷᠣᠢ ᠶᠢ ᠲᠡᠭᠰᠢᠯᠡᠬᠦ ᠶᠡᠭᠡ ᠳᠠᠶᠢᠯᠠᠯᠳᠤᠭᠠᠨ ᠢ ᠲᠥᠪᠯᠡᠷᠡᠭᠦᠯᠦᠨ ᠡᠬᠢᠯᠡᠭᠦᠯᠬᠦ ᠲᠤᠬᠠᠢ ᠶᠢᠨ ᠭᠠᠵᠠᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/7

      12 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤᠨ ᠳᠤ ᠪᠦᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠢᠴᠢ ᠡᠨᠡ ᠡᠪᠦᠯ ᠢᠷᠡᠬᠦ ᠬᠠᠪᠤᠷ ᠤᠨ ᠭᠠᠵᠠᠷ ᠰᠢᠷᠣᠢ ᠶᠢ ᠲᠡᠭᠰᠢᠯᠡᠬᠦ ᠶᠡᠭᠡ ᠳᠠᠶᠢᠯᠠᠯᠳᠤᠭᠠᠨ ᠢ ᠲᠥᠪᠯᠡᠷᠡᠭᠦᠯᠦᠨ ᠡᠬᠢᠯᠡᠭᠦᠯᠬᠦ ᠲᠤᠬᠠᠢ ᠶᠢᠨ ᠭᠠᠵᠠᠷ ᠤᠨ ᠬᠤᠷᠠᠯ ᠢ ᠬᠤᠷᠠᠯᠳᠤᠭᠤᠯᠪᠠ᠃

      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠥᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

      ᠬᠤᠷᠠᠯ ᠠᠴᠠ᠂ ᠡᠨᠡ ᠡᠪᠦᠯ ᠢᠷᠡᠬᠦ ᠬᠠᠪᠤᠷ ᠤᠨ ᠪᠠᠷᠢᠯᠭ᠎ᠠ ᠶᠢᠨ ᠠᠵᠢᠯ ᠤᠨ ᠰᠢᠵᠢᠷ ᠠᠯᠲᠠᠨ ᠬᠤᠭᠤᠴᠠᠭ᠎ᠠ ᠶᠢ ᠠᠮᠵᠢᠵᠤ᠂ ᠭᠠᠵᠠᠷ ᠰᠢᠷᠣᠢ ᠶᠢ ᠲᠡᠭᠰᠢᠯᠡᠬᠦ ᠶᠡᠭᠡ ᠳᠠᠶᠢᠯᠠᠯᠳᠤᠭᠠᠨ ᠤ ᠰᠢᠨ᠎ᠡ ᠥᠷᠨᠢᠯᠲᠡ ᠶᠢ ᠪᠤᠢ ᠪᠣᠯᠭᠠᠵᠤ᠂ ᠤᠯᠤᠰ ᠠᠴᠠ ᠪᠠᠭᠤᠯᠭᠠᠭᠰᠠᠨ ᠣᠨ ᠤ ᠬᠠᠷᠯᠲᠠᠲᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠱᠠᠭᠠᠷᠳᠠᠯᠭ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠬᠢᠨᠠᠨ ᠪᠣᠳᠣᠯᠲᠠ ᠪᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠭᠤᠣᠯᠳᠠᠯᠭ᠎ᠠ ᠪᠣᠯᠭᠠᠨ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠲᠤᠶᠢᠯᠪᠤᠷᠢᠲᠠᠢ ᠪᠠᠶᠢᠴᠠᠭᠠᠨ ᠲᠣᠳᠣᠯᠠᠵᠤ᠂ ᠲᠣᠳᠣᠷᠬᠠᠢ ᠣᠶᠢᠯᠠᠭᠠᠨ᠂ ᠴᠢᠩᠭ᠎ᠠ ᠪᠣᠳᠠᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠬᠦ ᠥᠨᠳᠥᠷᠴᠡ ᠠᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠯ᠎ᠡ ᠭᠠᠵᠠᠷ ᠣᠷᠣᠨ ᠡᠯ᠎ᠡ ᠱᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠡᠯ᠎ᠡ ᠱᠠᠲᠤᠨ ᠤ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

      ᠬᠤᠷᠠᠯ ᠳᠡᠭᠡᠷ᠎ᠡ ᠪᠠᠰᠠ ᠡᠨᠡ ᠡᠪᠦᠯ ᠢᠷᠡᠬᠦ ᠬᠠᠪᠤᠷ ᠤᠨ ᠭᠠᠵᠠᠷ ᠰᠢᠷᠣᠢ ᠶᠢ ᠲᠡᠭᠰᠢᠯᠡᠬᠦ ᠬᠠᠮᠲᠤᠷᠠᠭᠰᠠᠨ ᠳᠠᠶᠢᠯᠠᠯᠳᠤᠭᠠᠨ ᠤ ᠸᠢᠳᠢᠣ᠋ ᠡᠬᠢᠯᠡᠯᠲᠡ ᠶᠢᠨ ᠶᠣᠰᠣᠯᠠᠯ ᠢ ᠵᠡᠷᠭᠡ ᠪᠠᠷ ᠶᠠᠪᠤᠭᠳᠠᠭᠤᠯᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ