ᠬᠥᠯᠥᠨ ᠪᠤᠶᠢᠷ ᠬᠤᠲᠠ ᠪᠥᠬᠦ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶᠎ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/9

      12 ᠳ᠋ᠤᠭᠠᠷ ᠰᠠᠷ᠎ᠠ ᠶᠢᠨ 7᠎ ᠤ ᠣᠷᠣᠶ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠱᠦᠵᠢ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠢᠦᠶ ᠯᠢ ᠰᠢᠨ ᠪᠥᠬᠦ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 28 ᠳ᠋ᠤᠭᠠᠷ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠳᠤ ᠪᠦᠬᠦ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤᠲᠤ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠮᠠᠨᠵᠤᠤᠷ ᠬᠤᠳᠠ ᠶᠢᠨ ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ ᠠᠵᠢᠯ ᠤᠨ ᠲᠤᠰᠬᠠᠢ ᠠᠩᠭᠢ ᠶᠢᠨ ᠠᠷᠪᠠᠳᠤᠭᠠᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠮᠠᠨᠵᠤᠤᠷ ᠬᠤᠲᠠ᠂ ᠵᠠᠯᠠᠶᠢᠨᠠᠭᠤᠷ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠵᠠᠷᠯᠠᠨ ᠮᠡᠳᠡᠭᠳᠡᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃
      ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠭᠤᠤ ᠷᠦᠨ ᠰᠢ ᠪᠣᠯᠤᠨ ᠥᠪᠡᠷᠲᠡᠭᠡᠨ ᠵᠠᠰᠠᠬᠤ ᠣᠷᠣᠨ ᠤ ᠲᠤᠬᠠᠶ ᠶᠢᠨ ᠲᠠᠯᠠᠪᠤᠷ ᠲᠤ ᠰᠢᠢᠳᠪᠦᠷᠢᠯᠡᠬᠦ ᠠᠵᠢᠯ ᠤᠨ ᠲᠤᠰᠬᠠᠶ ᠠᠩᠭᠢ ᠶᠢᠨ ᠰᠠᠬᠢᠯᠭ᠎ᠠ ᠪᠠᠲᠤ ᠬᠡᠷᠡᠭᠵᠢᠭᠦᠯᠬᠦ ᠶᠢ ᠱᠠᠯᠠᠪᠳᠠᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠨᠡᠷ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠪᠠ᠃ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠢᠯᠣᠭᠤᠳᠬᠤ ᠭᠠᠵᠠᠷ ᠤᠨ ᠪᠦᠷᠢᠯᠳᠦᠬᠦᠨ ᠨᠡᠷ ᠬᠤᠷᠠᠯ ᠤᠨ ᠭᠤᠤᠯ ᠲᠠᠯᠠᠪᠠᠶ ᠳᠤ ᠣᠷᠣᠯᠴᠠᠵᠠᠶ᠃
      ᠬᠤᠷᠠᠯ ᠠᠴᠠ ᠵᠢᠭᠠᠬᠤ ᠳᠤ ᠪᠠᠨ᠂ ᠣᠳᠣᠬᠠᠨ ᠳᠤ ᠬᠥᠯᠥᠨ ᠪᠤᠶᠢᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠦᠢᠯ ᠤᠨ ᠬᠦᠨᠳᠦ ᠬᠡᠴᠡᠭᠦᠦ ᠪᠠᠶᠢᠨ᠎ᠠ᠂ ᠪᠦᠬᠦ ᠬᠤᠳᠠ ᠶᠢᠨ ᠡᠯ᠎ᠡ ᠬᠤᠰᠢᠭᠤ ᠬᠤᠳᠠ ᠲᠣᠭᠤᠷᠢᠭ ᠤᠨ ᠡᠯ᠎ᠡ ᠰᠠᠯᠠᠭ᠎ᠠ ᠮᠥᠴᠢᠷ ᠤᠳ ᠡᠷᠬᠡᠪᠰᠢ ᠤᠯᠤᠰ ᠲᠦᠷᠦ ᠶᠢᠨ ᠵᠣᠭᠰᠣᠴᠠ ᠪᠠᠨ ᠥᠨᠳᠥᠷᠵᠢᠭᠦᠯᠵᠦ᠂ ᠶᠡᠭᠡ ᠲᠠᠯ᠎ᠠ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠦᠷᠭᠦᠯᠵᠢᠯᠡᠨ ᠪᠠᠶᠢᠯᠳᠤᠬᠤ ᠪᠠᠶᠢᠳᠠᠯ ᠢᠶᠠᠨ ᠪᠠᠲᠤᠯᠠᠵᠤ᠂ ᠴᠢᠩᠭ᠎ᠠ ᠠᠴᠠ ᠴᠢᠩᠭ᠎ᠠ᠂ ᠨᠢᠮᠪᠠᠢ ᠠᠴᠠ ᠨᠢᠮᠪᠠᠢ᠂ ᠪᠣᠳᠠᠲᠠᠢ ᠠᠴᠠ ᠪᠣᠳᠠᠲᠠᠢ ᠪᠠᠶᠢᠵᠤ᠂ ᠴᠠᠭ ᠢ ᠠᠮᠵᠢᠨ ᠠᠰᠠᠭᠤᠳᠠᠯ ᠢ ᠰᠢᠢᠳᠪᠦᠷᠢᠯᠡᠵᠦ᠂ ᠳᠤᠲᠠᠭᠤᠳᠠᠯ ᠢ ᠨᠥᠬᠦᠪᠦᠷᠢᠯᠡᠵᠦ᠂ ᠰᠡᠷᠭᠡᠶᠢᠯᠡᠨ ᠡᠵᠡᠮᠳᠡᠬᠦ ᠠᠵᠢᠯ ᠤᠨ ᠬᠤᠷᠳᠤᠴᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠢᠵᠢᠭ ᠳᠡᠯᠭᠡᠷᠡᠬᠦ ᠬᠡᠯᠬᠢᠶ᠎ᠡ ᠶᠢ ᠲᠦᠷᠭᠡᠨ ᠲᠠᠰᠤᠯᠵᠤ᠂ ᠡᠨᠡ ᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ᠂ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ ᠭᠡᠵᠡᠢ᠃
      ᠮᠠᠨᠵᠤᠤᠷ ᠬᠤᠳᠠ ᠪᠣᠯᠤᠨ ᠵᠠᠯᠠᠶᠢᠨᠠᠭᠤᠷ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠴᠢᠭᠯᠡᠭᠦᠯᠵᠦ᠂ ᠬᠤᠷᠠᠯ ᠠᠴᠠ᠂ ᠥᠨᠴᠥᠭ ᠪᠤᠯᠤᠩ ᠦᠯᠡᠳᠡᠭᠡᠯ ᠦᠬᠡᠢ ᠪᠠᠷ ᠪᠠᠶᠢᠳᠠᠯ ᠢ ᠦᠨᠡᠨ ᠬᠦ ᠲᠣᠳᠣᠷᠬᠠᠢ ᠣᠶᠢᠯᠠᠭᠠᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ᠂ ᠲᠤᠰᠠᠭᠠᠷᠯᠠᠨ ᠠᠵᠢᠯᠯᠠᠯᠲᠠ ᠳᠤ ᠨᠢᠭᠡ ᠬᠥᠮᠥᠨ ᠢ ᠴᠦ ᠭᠡᠭᠡᠭᠳᠡᠭᠦᠯᠬᠦ ᠦᠭᠡᠢ ᠪᠠᠶᠢᠵᠤ᠂ ᠡᠯ᠎ᠡ ᠵᠦᠢᠯ ᠤᠨ ᠡᠭᠦᠷᠭᠡ ᠶᠢ ᠡᠷᠬᠡᠪᠰᠢ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
      ᠬᠤᠷᠠᠯ ᠠᠴᠠ ᠴᠢᠬᠤᠯᠠᠴᠢᠯᠠᠬᠤ ᠳᠤ ᠪᠠᠨ᠂ ᠪᠦᠬᠦ ᠬᠤᠳᠠ ᠪᠠᠷ ᠢᠶᠠᠨ ᠡᠷᠬᠡᠪᠰᠢ ᠰᠡᠳᠬᠢᠯ ᠨᠢᠭᠡᠳᠬᠡᠨ ᠬᠦᠴᠦ ᠬᠠᠮᠲᠤᠳᠬᠠᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠡᠯ᠎ᠡ ᠠᠵᠢᠯ ᠤᠨ ᠲᠤᠰᠬᠠᠢ ᠠᠩᠭᠢ ᠶᠢᠨ ᠦᠢᠯᠡᠳᠦᠯ ᠢ ᠥᠨᠳᠥᠷ ᠪᠦᠲᠦᠮᠵᠢᠲᠡᠢ ᠪᠠᠳᠠᠷᠠᠭᠤᠯᠵᠤ᠂ ᠲᠤᠰᠠᠭᠠᠷᠯᠠᠬᠤ ᠭᠠᠵᠠᠷ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠵᠢᠷᠤᠮᠵᠢᠭᠤᠯᠬᠤ ᠪᠠᠷᠢᠮᠵᠢᠶ᠎ᠠ ᠪᠣᠯᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠤᠰᠠᠭᠠᠷᠯᠠᠬᠤ ᠭᠠᠵᠠᠷ ᠢ ᠲᠤᠬᠢᠷᠠᠭᠤᠯᠤᠨ ᠬᠡᠷᠡᠭᠯᠡᠬᠦ ᠶᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠲᠤᠰᠠᠭᠠᠷᠯᠠᠵᠤ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠵᠦ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯᠯᠠᠭ᠎ᠠ ᠶᠢ ᠵᠢᠷᠤᠮᠵᠢᠭᠤᠯᠵᠤ᠂ ᠪᠢᠲᠡᠭᠦᠮᠵᠢᠲᠦ ᠬᠠᠮᠢᠶᠠᠷᠤᠯᠲᠠ ᠬᠢᠬᠦ᠂ ᠭᠠᠳᠠᠭᠰᠢ ᠥᠷᠪᠢᠰᠬᠦ ᠶᠢ ᠰᠡᠷᠭᠡᠶᠢᠯᠡᠬᠦ ᠡᠨᠡ ᠬᠦ ᠬᠤᠷᠢᠭ᠎ᠠ ᠱᠤᠭᠤᠮ ᠤᠨ ᠡᠭᠦᠷᠭᠡ ᠶᠢ ᠪᠠᠲᠤ ᠰᠠᠬᠢᠬᠤ ᠬᠡᠷᠡᠭᠲᠡᠢ᠃ ᠨᠡᠶᠢᠭᠡᠮ ᠤᠨ ᠲᠠᠯ᠎ᠠ ᠶᠢᠨ ᠬᠢᠨ ᠬᠠᠮᠢᠶᠠᠷᠤᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠡᠯ᠎ᠡ ᠲᠥᠷᠥᠯ ᠤᠨ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠴᠢᠩᠭᠠᠳᠬᠠᠨ᠂ ᠨᠡᠶᠢᠭᠡᠮ ᠤᠨ ᠪᠦᠬᠦᠯᠢ ᠴᠣᠭᠴᠠ ᠶᠢᠨ ᠠᠮᠤᠷ ᠲᠦᠪᠰᠢᠨ ᠲᠣᠭᠲᠠᠭᠤᠨ ᠪᠠᠶᠢᠳᠠᠯ ᠢ ᠪᠠᠲᠤᠯᠠᠵᠤ᠂ ᠬᠢᠵᠢᠭ ᠳᠠᠬᠢᠨ ᠣᠷᠣᠵᠤ ᠢᠷᠡᠬᠦ ᠪᠠ ᠲᠠᠷᠬᠠᠭᠠᠬᠤ ᠦᠭᠡᠢ ᠪᠠᠶᠢᠬᠤ ᠬᠢᠵᠠᠭᠠᠷ ᠱᠤᠭᠤᠮ ᠢ ᠪᠠᠲᠤ ᠰᠠᠬᠢᠬᠤ ᠬᠡᠷᠡᠭᠲᠡᠶ᠃ ᠡᠳ᠋ ᠪᠣᠳᠠᠰ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠬᠠᠳᠠᠭᠠᠯᠠᠯᠲᠠ ᠶᠢᠨ ᠬᠡᠮᠵᠢᠶ᠎ᠡ ᠶᠢ ᠡᠵᠡᠮᠰᠢᠵᠦ᠂ ᠨᠡᠮᠡᠭᠳᠡᠯ ᠤᠨ ᠬᠡᠮᠵᠢᠶ᠎ᠡ ᠶᠢ ᠰᠢᠯᠢᠳᠡᠭᠵᠢᠭᠦᠯᠵᠦ᠂ ᠡᠳ᠋ ᠪᠣᠳᠠᠰ ᠤᠨ ᠪᠠᠲᠤᠯᠠᠭ᠎ᠠ ᠶᠢᠨ ᠡᠨᠡ ᠬᠦ ᠨᠠᠭᠠᠳᠤ ᠵᠠᠬ᠎ᠠ ᠶᠢᠨ ᠡᠭᠦᠷᠭᠡ ᠶᠢ ᠦᠨᠡᠨ ᠬᠦ ᠰᠠᠶᠢᠲᠤᠷ ᠪᠡᠶᠡᠯᠡᠭᠦᠯᠬᠦ ᠬᠡᠷᠡᠭᠲᠡᠶ᠃ ᠡᠮᠴᠢᠯᠡᠭᠡᠨ ᠤ ᠠᠪᠤᠷᠠᠨ ᠵᠠᠰᠠᠬᠤ ᠠᠵᠢᠯ ᠢ ᠰᠠᠶᠢᠲᠤᠷ ᠬᠢᠵᠦ᠂ ᠰᠣᠯᠪᠢᠴᠠᠨ ᠬᠠᠯᠳᠠᠪᠤᠷᠢᠯᠠᠬᠤ ᠪᠠ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠬᠤ ᠠᠰᠠᠭᠤᠳᠠᠯ ᠡᠭᠦᠰᠬᠦ ᠠᠴᠠ ᠵᠠᠶᠢᠯᠠᠰᠬᠢᠬᠦ ᠬᠡᠷᠡᠭᠲᠡᠶ᠃ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠠᠰᠠᠭᠤᠳᠠᠯ ᠢ ᠴᠠᠭ ᠲᠤᠬᠠᠶ ᠳᠤ ᠨᠢ ᠢᠯᠡᠷᠡᠭᠦᠯᠵᠦ᠂ ᠥᠨᠳᠥᠷ ᠪᠦᠲᠦᠮᠵᠢᠲᠡᠶ ᠪᠠᠷ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ᠂ ᠠᠷᠭ᠎ᠠ ᠬᠡᠮᠵᠢᠶ᠎ᠡ ᠪᠠ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠠᠰᠤᠷᠠᠯᠲᠠ ᠥᠬᠡᠶ  ᠠᠬᠢᠭᠤᠯᠬᠤ ᠬᠡᠷᠡᠭᠲᠡᠶ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ᠂ ᠴᠠᠭ ᠤᠨ ᠬᠢᠵᠠᠭᠠᠷ ᠪᠠ ᠪᠠᠷᠢᠮᠵᠢᠶ᠎ᠠ ᠶᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠡᠢ᠃
      ᠬᠤᠷᠠᠯ ᠠᠴᠠ ᠱᠠᠭᠠᠷᠳᠠᠬᠤ ᠳᠤ ᠪᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠳᠣᠬᠠᠨ ᠤ ᠪᠦᠬᠦ ᠬᠤᠳᠠ ᠶᠢᠨ ᠬᠠᠮᠤᠭ ᠤᠨ ᠴᠢᠬᠤᠯᠠ ᠡᠭᠦᠷᠭᠡ ᠪᠣᠯᠭᠠᠵᠤ᠂ ︽ᠴᠢᠩᠭ᠎ᠠ᠂ ᠪᠠᠴᠢᠮ᠂ ᠪᠣᠳᠠᠲᠠᠢ︾᠎ ᠪᠠᠷ ᠭᠤᠣᠯᠳᠠᠭᠤᠯᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠨᠡᠨ ᠬᠦ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠶᠠᠪᠤᠴᠠ ᠶᠢ ᠴᠢᠩᠭᠠᠷᠠᠭᠤᠯᠵᠤ᠂ ᠠᠯᠬᠤᠮ ᠢ ᠲᠦᠷᠭᠡᠳᠬᠡᠵᠦ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ