ᠡᠨᠡ ᠵᠢᠯ ᠠᠴᠠ ᠨᠠᠭᠠᠰᠢ᠂ ᠬᠥᠬᠡᠬᠤᠲᠠ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ︽ᠤᠴᠢᠷ ᠶᠠᠪᠤᠳᠠᠯ ᠭᠦᠢᠴᠡᠳᠬᠡᠬᠦ ᠳᠤ ᠪᠤᠰᠤᠳ ᠢ ᠭᠤᠶᠤᠬᠤ ᠦᠭᠡᠢ᠂ ᠪᠡᠯᠡ ᠣᠷᠣᠭᠤᠯᠬᠤ ᠳᠤ ᠨᠡᠩ ᠲᠠᠭᠠᠯᠠᠮᠵᠢᠲᠠᠢ ᠪᠠᠶᠢᠬᠤ︾ ᠵᠠᠬ᠎ᠠ | ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠬᠤ ᠪᠠᠷ ᠬᠠᠷᠠᠯᠲᠠ ᠪᠣᠯᠭᠠᠵᠤ᠂ | ᠲᠡᠷᠢᠭᠦᠨ ᠤ ᠬᠢ ᠲᠠᠢ ᠬᠠᠷᠢᠴᠠᠭᠤᠯᠵᠤ᠂ ᠵᠣᠷᠢᠭᠲᠠᠢ ᠪᠠᠷ ᠥᠭᠡᠷᠡᠴᠢᠯᠡᠯᠲᠡ ᠬᠢᠵᠦ᠂ ᠡᠷᠡᠯᠬᠡᠭᠯᠡᠨ ᠲᠡᠮᠡᠴᠡᠵᠦ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ | ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠣᠷᠣᠨ ᠤ ᠲᠥᠪ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠶᠡᠭᠡ ᠪᠠᠷ ᠰᠠᠶᠢᠵᠢᠷᠠᠭᠤᠯᠵᠤ᠂ ᠣᠷᠣᠨ ᠤ | ᠲᠥᠪ ᠤᠨ ᠰᠢᠨ᠎ᠡ ᠲᠦᠷᠢ ᠲᠥᠷᠬᠦ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠪᠡ᠃ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠬᠤ ᠲᠠᠯ᠎ᠠ ᠪᠠᠷ᠂ ︽ᠬᠥᠬᠡᠬᠤᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ | ᠨᠢᠭᠡ ᠠᠯᠬᠤᠮ ᠰᠢᠯᠢᠳᠡᠭᠵᠢᠭᠦᠯᠦᠨ ᠠᠷᠠᠳ ᠲᠤ ᠲᠥᠬᠦᠮ ᠦᠵᠡᠭᠦᠯᠬᠦ ᠠᠵᠤ ᠠᠬᠤᠶᠢᠯᠠᠯ ᠳᠤ ᠠᠰᠢᠭ ᠬᠦᠷᠲᠡᠭᠡᠬᠦ ᠶᠢᠰᠦᠨ ᠵᠦᠢᠯ ᠤᠨ ᠠᠷᠭ᠎ᠠ ᠬᠡᠮᠵᠢᠶ᠎ᠡ︾ ︽ | ᠬᠥᠬᠡᠬᠤᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠬᠦ 2021 ᠣᠨ ᠤ ᠠᠵᠢᠯ︾ ︽ᠬᠥᠬᠡᠬᠤᠲᠠ ᠶᠢᠨ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠲᠤᠬᠠᠢ ᠲᠥᠰᠦᠯ︾ ︽ᠬᠥᠬᠡᠬᠤᠲᠠ ᠶᠢᠨ ︿ᠨᠢᠭᠡ ᠰᠦᠯᠵᠢᠶ᠎ᠡ ᠪᠠᠷ ᠨᠡᠶᠢᠳᠡᠮ | ᠰᠢᠢᠳᠪᠦᠷᠢᠯᠡᠬᠦ﹀ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ︵2021 — 2023 ᠣᠨ︶︾ | ︽ᠬᠥᠬᠡᠬᠤᠲᠠ ᠶᠢᠨ ᠭᠡᠷᠡᠴᠢᠯᠡᠭᠡ ᠶᠢᠨ ᠵᠦᠢᠯᠡᠰ ᠢ ᠮᠡᠳᠡᠭᠳᠡᠬᠦ ᠠᠮᠠᠯᠳᠠᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠥᠰᠦᠯ︾ ︽ᠬᠥᠬᠡᠬᠤᠲᠠ ᠶᠢᠨ 2021 | ᠣᠨ ᠳᠤ ︿ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ﹀ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠷᠢᠨ | ᠲᠠᠩᠰᠠ︾ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠪᠦᠬᠦ ᠲᠠᠯ᠎ᠠ ᠪᠠᠷ ᠬᠦᠴᠦᠯᠡᠭᠰᠡᠨ᠂ ᠤᠯᠠᠨ ᠲᠠᠯ᠎ᠠ ᠪᠠᠷ | ᠰᠢᠪᠲᠤᠯᠤᠭᠰᠠᠨ᠂ ᠭᠦᠨᠵᠡᠭᠡᠶᠢᠷᠡᠨ ᠠᠬᠢᠭᠤᠯᠤᠭᠰᠠᠨ ᠥᠭᠡᠷᠡᠴᠢᠯᠡᠯᠲᠡ ᠶᠢᠨ ᠪᠠᠶᠢᠳᠠᠯ ᠢ ᠪᠤᠢ ᠪᠣᠯᠭᠠᠪᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠦᠨᠡᠯᠡᠯᠲᠡ ᠶᠢᠨ | ᠮᠡᠳᠡᠭᠦᠯᠦᠯᠲᠡ ᠳᠤ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠪᠠ ᠰᠢᠯᠢᠳᠡᠭᠵᠢᠭᠦᠯᠬᠦ ᠲᠥᠰᠦᠯ ᠢ ᠲᠣᠭᠲᠠᠭᠠᠵᠤ᠂ 362 ᠵᠦᠢᠯ ᠤᠨ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠡᠭᠦᠷᠭᠡ ᠶᠢᠨ ᠨᠠᠷᠢᠨ ᠲᠠᠩᠰᠠ ᠪᠠ ᠡᠬᠡ ᠲᠠᠩᠰᠠ ᠶᠢ ᠪᠦᠬᠦᠨ ᠢ ᠪᠠᠶᠢᠭᠤᠯᠵᠤ᠂ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠥᠷᠪᠡᠨ ᠨᠢᠷᠤᠭᠤ ᠨᠠᠢᠮᠠᠨ ᠲᠤᠯᠭᠠᠭᠤᠷᠢ ᠶᠢ ᠦᠨᠳᠦᠰᠦᠨ ᠳᠤ ᠪᠠᠨ ᠴᠣᠭᠴᠠᠯᠠᠨ ᠡᠬᠢᠯᠡᠪᠡ᠃ | ᠠᠵᠢᠯ ᠤᠨ ᠲᠣᠭᠲᠠᠴᠠ ᠶᠢ ᠪᠠᠶᠢᠭᠤᠯᠬᠤ ᠲᠠᠯ᠎ᠠ ᠪᠠᠷ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ | ᠦᠨᠡᠯᠡᠯᠲᠡ ᠶᠢᠨ ᠭᠦᠢᠴᠡᠳᠬᠡᠯ ᠲᠣᠭᠠᠨ ᠤ ᠰᠢᠰᠲ᠋ᠧᠮ ᠤᠨ ᠱᠠᠭᠠᠷᠳᠠᠯᠭ᠎ᠠ ᠶᠣᠰᠣᠭᠠᠷ ᠬᠤᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠬᠦ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠳᠤ ᠴᠠᠭ ᠲᠤᠬᠠᠶ ᠳᠤ ᠨᠢ ᠲᠣᠬᠢᠷᠠᠭᠤᠯᠤᠯᠲᠠ ᠬᠢᠵᠦ᠂ ᠬᠤᠲᠠ ᠶᠢᠨ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ | ᠨᠢᠭᠡ ᠠᠯᠬᠤᠮ ᠲᠣᠳᠣᠷᠬᠠᠶᠢᠯᠠᠨ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠵᠣᠬᠢᠶᠠᠨ ᠪᠠᠶᠢᠭᠤᠯᠵᠤ ᠤᠳᠤᠷᠢᠳᠬᠤ᠂ ᠨᠢᠭᠡᠳᠦᠯᠲᠡᠶ ᠲᠥᠯᠥᠪᠯᠡᠨ | ᠵᠣᠬᠢᠴᠠᠭᠤᠯᠬᠤ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠪᠥᠬᠦ ᠲᠠᠯ᠎ᠠ ᠪᠠᠷ ᠬᠠᠷᠢᠭᠤᠴᠠᠵᠤ᠂ ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ | ᠬᠠᠷᠢᠭᠤᠴᠠᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠲᠤᠰᠬᠠᠶ ᠠᠩᠭᠢ ᠠᠬᠢᠭᠤᠯᠤᠭᠰᠠᠨ᠂ ᠣᠯᠠᠨ ᠲᠦᠮᠡᠨ ᠣᠷᠣᠯᠴᠠᠭᠰᠠᠨ ᠠᠵᠢᠯ ᠤᠨ ᠲᠣᠭᠲᠠᠴᠠ ᠶᠢ ᠪᠣᠶ | ᠪᠣᠯᠭᠠᠪᠠ᠃ | ᠦᠨᠡᠯᠡᠯᠲᠡ ᠪᠠᠷ ᠥᠭᠡᠷᠡᠴᠢᠯᠡᠯᠲᠡ ᠶᠢ ᠠᠬᠢᠭᠤᠯᠬᠤ ᠲᠠᠯ᠎ᠠ ᠪᠠᠷ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠤᠲᠠᠭᠤᠳᠠᠯ ᠪᠠ | ᠰᠢᠯᠢᠳᠡᠭᠵᠢᠭᠦᠯᠬᠦ ᠰᠠᠨᠠᠭᠤᠯᠭ᠎ᠠ ᠶᠢ ᠦᠨᠳᠦᠰᠦᠯᠡᠨ ᠵᠠᠳᠠᠯᠤᠯᠲᠠ ᠬᠢᠵᠦ᠂ ᠴᠡᠭᠴᠡᠯᠡᠨ ᠥᠭᠡᠷᠡᠴᠢᠯᠡᠬᠦ ᠠᠵᠢᠯ ᠤᠨ ᠠᠷᠭ᠎ᠠ ᠬᠡᠮᠵᠢᠶ᠎ᠡ ᠶᠢ 362 ᠵᠦᠢᠯ ᠲᠣᠭᠲᠠᠭᠠᠪᠠ᠃ | ᠴᠡᠭᠴᠡᠯᠡᠨ ᠰᠠᠶᠢᠵᠢᠷᠠᠭᠤᠯᠬᠤ ᠪᠠᠷ ᠳᠡᠮᠵᠢᠨ᠂ ᠮᠠᠨ ᠤ ᠬᠤᠲᠠ ᠠᠵᠤ ᠠᠬᠤᠶᠢᠯᠠᠯ ᠡᠷᠭᠢᠯᠡᠬᠦ᠂ ᠪᠠᠷᠢᠯᠭ᠎ᠠ ᠶᠢᠨ ᠵᠥᠪᠰᠢᠶᠡᠷᠡᠯ ᠣᠯᠭᠤᠬᠤ᠂ ᠴᠠᠬᠢᠯᠭᠠᠨ ᠬᠦᠴᠦᠨ ᠤᠯᠬᠤ᠂ | ᠤᠰᠤ ᠰᠢᠲᠠᠮᠠᠬᠠᠶ ᠬᠡᠶ ᠨᠡᠪᠲᠡᠷᠡᠭᠦᠯᠬᠦ᠂ ᠡᠳ᠋ ᠬᠥᠷᠥᠩᠭᠡ ᠳᠠᠩᠰᠠᠯᠠᠭᠤᠯᠬᠤ᠂ ᠭᠠᠶᠢᠯᠢ ᠲᠤᠰᠢᠶᠠᠬᠤ᠂ ᠳᠠᠭᠠᠭᠠᠴᠢᠯᠠᠯᠲᠠ ᠵᠠᠷᠯᠠᠨ ᠬᠦᠯᠢᠶᠡᠬᠦ᠂ ᠵᠠᠰᠠᠭ ᠤᠨ ᠶᠠᠪᠤᠳᠠᠯ ᠤᠨ | ᠦᠢᠯᠡᠳᠦᠯ ᠴᠢᠳᠠᠪᠤᠷᠢ ᠬᠢᠭᠡᠳ ᠠᠵᠤ ᠠᠬᠤᠶᠢᠯᠠᠯ ᠤᠨ ᠦᠢᠯᠡᠴᠢᠯᠡᠭᠡ ᠵᠡᠷᠭᠡ ᠲᠠᠯ᠎ᠠ ᠪᠠᠷ ᠠᠯᠢ ᠣᠯᠠᠨ ᠰᠢᠨ᠎ᠡ ᠰᠢᠪᠲᠤᠯᠤᠯᠲᠠ ᠲᠠᠢ ᠪᠣᠯᠪᠠ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠦᠷᠭᠦᠯᠵᠢᠯᠡᠨ ᠪᠠᠶᠢᠭᠤᠯᠤᠮᠵᠢ ᠲᠣᠭᠲᠠᠴᠠ ᠪᠠᠨ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠨᠠᠷᠢᠯᠢᠭᠵᠢᠭᠤᠯᠤᠨ ᠪᠣᠲᠠᠲᠠᠶᠢᠵᠢᠭᠤᠯᠵᠤ᠂ ᠶᠠᠪᠤᠴᠠ ᠶᠢᠨ ᠬᠢᠨᠠᠨ ᠵᠥᠪᠰᠢᠶᠡᠷᠡᠯ ᠢ ᠰᠢᠯᠢᠳᠡᠭᠵᠢᠭᠦᠯᠵᠦ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠪᠠᠨ | ᠳᠡᠭᠡᠭᠰᠢᠯᠡᠭᠦᠯᠦᠨ᠂ ᠣᠷᠣᠨ ᠤ ᠲᠥᠪ ᠤᠨ ᠲᠡᠷᠢᠭᠦᠨ ᠤ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠤᠯᠤᠰ ᠤᠨ ᠲᠡᠷᠢᠭᠦᠨ ᠤ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠢ ᠪᠣᠶ ᠪᠣᠯᠭᠠᠨ᠎ᠠ᠃ |