ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠠᠮᠵᠢᠯᠳᠠ ᠲᠠᠢ ᠲᠡᠭᠦᠰᠪᠡ  ᠱᠢ ᠲᠠᠢ ᠹᠸᠡᠭ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠪᠠ  ᠯᠢ ᠰᠢᠤ ᠯᠢᠩ ᠨᠠᠷ ᠬᠤᠷᠠᠯ ᠳᠤ ᠤᠷᠤᠯᠴᠠᠵᠠᠢ
ᠨᠡᠶᠢᠲᠡᠯᠡᠭᠰᠡᠨ ᠴᠠᠭ᠄
2021/2/1
     1 ᠰᠠᠷ᠎ᠠ ᠶᠢᠨ 30 ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠡᠯ᠎ᠠ ᠵᠦᠪᠯᠡᠭᠦ ᠵᠦᠢᠯ ᠢᠶᠠᠨ ᠳᠠᠭᠤᠰᠬᠠᠭᠠᠳ ᠬᠦᠭᠡᠬᠤᠳᠠ ᠳᠤ ᠠᠮᠵᠢᠯᠳᠠ ᠲᠠᠢ ᠲᠡᠭᠦᠰᠪᠡ᠃
     1 ᠰᠠᠷ᠎ᠠ ᠶᠢᠨ 30 ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠡᠯ᠎ᠠ ᠵᠦᠪᠯᠡᠭᠦ ᠵᠦᠢᠯ ᠢᠶᠠᠨ ᠠᠮᠵᠢᠯᠳᠠ ᠲᠠᠢ ᠳᠠᠭᠤᠰᠬᠠᠭᠠᠳ ᠬᠦᠭᠡᠬᠤᠳᠠ ᠳᠤ ᠲᠡᠭᠦᠰᠪᠡ᠃      ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ᠂ ᠭᠦᠢᠴᠡᠳᠭᠡᠭᠦ ᠲᠡᠷᠢᠭᠦᠯᠡᠭᠴᠢ ᠱᠢ ᠲᠠᠢ ᠹᠸᠡᠭ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠵᠠᠢ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ᠂ ᠭᠦᠢᠴᠡᠳᠭᠡᠭᠦ ᠲᠡᠷᠢᠭᠦᠯᠡᠭᠴᠢ ᠨᠠᠰᠤᠨᠮᠦ᠋ᠡᠭᠭᠡ᠂ ᠸᠠᠩ ᠪᠦᠸᠧ᠂ ᠯᠢ ᠷᠦᠡᠭ ᠰᠢ᠂ ᠯᠢᠶᠠᠨ ᠰᠤ᠋᠂ ᠵᠠᠩ ᠶᠤᠸᠠᠨ ᠵᠦᠡᠭ᠂ ᠾᠧ ᠶᠠᠨ ᠯᠢᠩ᠂ ᠱᠢ ᠸᠧᠨ ᠰᠢᠤᠸᠠᠢ ᠲᠡᠷᠢᠭᠦᠯᠡᠭᠴᠢᠳ ᠤᠨ ᠲᠠᠶᠢᠰᠠᠨ ᠤ ᠡᠮᠦᠨ᠎ᠠ ᠮᠦᠷ ᠲᠤ ᠰᠠᠭᠠᠳᠠᠪᠠ᠃      ᠯᠢ ᠰᠢᠤ ᠯᠢᠩ᠂ ᠯᠢᠨ ᠱᠤᠤ ᠴᠦᠨ᠂ ᠸᠠᠩ ᠯᠢ ᠰᠢᠶᠠ᠂ ᠯᠢᠤ ᠴᠢ ᠹᠠᠨ᠂ ᠪᠠᠢ ᠢᠤᠢ ᠭᠠᠨᠭ᠌᠂ ᠮᠸᠡᠭ ᠹᠠᠨ ᠯᠢ᠂ ᠶᠠᠩ ᠸᠧᠢ ᠳ᠋ᠦᠡᠭ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠵᠠᠩ ᠡᠸ᠋ᠨ ᠬᠤᠢ᠂ ᠮᠠ ᠴᠢᠩ ᠯᠸᠢ᠂ ᠶᠠᠩ ᠰᠢᠶᠤᠤ ᠺᠠᠨᠭ᠌᠂ ᠠᠢ ᠯᠢ ᠬᠤᠸᠠ᠂ ᠯᠢ ᠪᠢᠡᠭ ᠷᠦᠡᠭ᠂ ᠪᠤᠤ ᠭᠠᠨᠭ᠌᠂ ᠵᠸᠡᠭ ᠬᠤᠨᠭ᠌ ᠹᠠᠨ᠂ ᠬᠤᠸᠠᠩ ᡁᠢ ᠴᠢᠶᠠᠩ᠂ ᠾᠸᠡᠭ ᠰᠢᠶᠤᠤ ᠹᠠᠨ᠂ ᠴᠢ᠊ ᠪᠠᠳᠤ᠂ ᠯᠦᠸᠧ ᡁᠢ ᠬᠤ᠋᠂ ᠳ᠋ᠦᠡᠭ ᠾᠸᠡᠭ ᠢᠤᠢ᠂ ᠵᠸᠡᠭ ᠹᠦ᠋ ᠲᠢᠶᠠᠨ᠂ ᠯᠢᠤ ᠰᠢᠨ ᠯᠧ᠂ ᠮᠠ ᠰᠢᠤᠸᠠᠢ ᠵᠢᠶᠦ᠋ᠨ᠂ ᠵᠠᠩ ᠬᠤᠸᠠ᠂ ᠴᠡᠴᠡᠭ᠂ ᠡᠸᠥ ᠶᠠᠩ ᠰᠢᠶᠤᠤ ᠬᠤᠢ᠂ ᠸᠧᠢ ᠭᠦᠸᠧ ᠨᠠᠨ᠂ ᠵᠠᠩ ᠶᠢᠩ ᠺᠦᠢ᠂ ᠸᠠᠩ ᠰᠢᠤᠸᠠᠢ ᠡᠤ᠂ ᠶᠠᠩ ᠽᠦᠡᠭ ᠷᠧᠨ᠂ ᠯᠢ ᠴᠢ ᠯᠢᠨ᠂ ᠴᠧᠨ ᠯᠦ ᠱᠸᠡᠭ᠂ ᠰᠢᠶᠤᠤ ᠹᠠᠨᠭ᠌ ᠵᠢᠤᠢ ᠵᠡᠷᠭᠡ ᠤᠳᠤᠷᠢᠳᠤᠯᠭ᠎ᠠ ᠪᠤᠯᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠦᠷᠢᠯᠳᠤᠭᠦᠨ ᠲᠡᠷᠢᠭᠦᠯᠡᠭᠴᠢᠳ ᠤᠨ ᠲᠠᠶᠢᠰᠠᠨ ᠳᠤ ᠰᠠᠭᠠᠳᠠᠵᠠᠢ᠃      ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠤᠳᠤ 520 ᠬᠦᠮᠦᠨ ᠪᠣᠢ᠂ ᠡᠨᠡ ᠤᠳᠠᠭ᠎ᠠ ᠶᠢᠨ ᠪᠦᠭᠦᠳᠡ ᠬᠤᠷᠠᠯ ᠳᠤ 491 ᠲᠦᠯᠦᠭᠡᠯᠡᠭᠴᠢ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠡ᠃      ᠬᠤᠷᠠᠯ ᠠᠴᠠ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠤᠨ ᠵᠠᠰᠠᠬ ᠤᠨ ᠤᠷᠳᠤᠨ ᠤ ᠠᠵᠢᠯ ᠤᠨ ᠢᠯᠡᠳᠭᠡᠯ ᠤᠨ ᠲᠤᠬᠠᠢ ᠰᠢᠢᠳᠪᠤᠷᠢ᠂ ᠦᠪᠡᠷᠳᠡᠭᠡᠨ ᠵᠠᠰᠠᠬᠤ ᠤᠷᠤᠨ ᠤ ᠤᠯᠤᠰ ᠠᠷᠠᠳ  ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠠ ᠶᠢᠨ ᠠᠷᠪᠠᠨ ᠲᠦᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠳᠠ ᠶᠢᠨ ᠬᠦᠳᠤᠯᠪᠤᠷᠢ ᠶᠢᠨ ᠲᠤᠬᠠᠢ ᠰᠢᠢᠳᠪᠤᠷᠢ᠂ ᠦᠪᠡᠷᠳᠡᠭᠡᠨ ᠵᠠᠰᠠᠬᠤ ᠤᠷᠤᠨ ᠤ 2020 ᠣᠨ ᠤ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠠ ᠶᠢᠨ ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠪᠤᠯᠤᠨ 2021 ᠣᠨ ᠤ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠠ ᠶᠢᠨ ᠲᠦᠯᠦᠪᠯᠡᠭᠡ ᠶᠢᠨ ᠲᠤᠬᠠᠢ ᠰᠢᠢᠳᠪᠤᠷᠢ᠂ ᠦᠪᠡᠷᠳᠡᠭᠡᠨ ᠵᠠᠰᠠᠬᠤ ᠤᠷᠤᠨ ᠤ 2020 ᠤᠨ ᠤ ᠲᠦᠰᠦᠪ ᠢ ᠭᠦᠢᠴᠡᠳᠭᠡᠭᠰᠡᠨ ᠪᠠᠶᠢᠳᠠᠯ ᠪᠤᠯᠤᠨ 2021 ᠣᠨ ᠤ ᠲᠦᠰᠦᠪ ᠤᠨ ᠲᠤᠬᠠᠢ ᠰᠢᠢᠳᠪᠤᠷᠢ ᠶᠢ ᠪᠠᠳᠤᠯᠠᠪᠠ᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠤᠰᠤᠳᠡᠨ ᠤ ᠪᠦᠯᠭᠦᠮᠳᠠᠯ ᠲᠠᠪᠰᠢᠯᠳᠠ ᠶᠢ ᠠᠬᠢᠭᠤᠯᠬᠤ ᠲᠦᠷᠢᠮ︾ ᠢ ᠪᠠᠳᠤᠯᠠᠪᠠ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠳᠡ ᠶᠢᠨ ᠲᠤᠬᠠᠢ ᠰᠢᠢᠳᠪᠤᠷᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶᠠᠨ ᠤ ᠠᠵᠢᠯ ᠤᠨ ᠮᠡᠳᠡᠭᠦᠯᠦᠯᠳᠡ ᠶᠢᠨ ᠲᠤᠬᠠᠢ ᠰᠢᠢᠳᠪᠤᠷᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠳᠡ ᠶᠢᠨ ᠲᠤᠬᠠᠢ ᠰᠢᠢᠳᠪᠤᠷᠢ ᠶᠢ ᠪᠠᠳᠤᠯᠠᠪᠠ᠃      ᠡᠯ᠎ᠠ ᠵᠦᠪᠯᠡᠭᠦ ᠵᠦᠢᠯ ᠢᠶᠠᠨ ᠲᠠᠭᠤᠰᠬᠠᠬᠰᠠᠨ ᠤ ᠲᠠᠷᠠᠭ᠎ᠠ ᠱᠢ ᠲᠠᠢ ᠹᠸᠡᠭ ᠶᠠᠷᠢᠶ᠎ᠠ ᠲᠠᠯᠪᠢᠵᠠᠢ᠃ ᠲᠡᠷᠡ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠢ ᠮᠠᠰᠢ ᠠᠮᠵᠢᠯᠳᠠ ᠲᠠᠢ ᠬᠤᠷᠠᠯᠳᠤᠭᠤᠯᠵᠣ᠂ ᠲᠤᠭ ᠢ ᠦᠨᠳᠤᠷ ᠮᠠᠨᠳᠤᠭᠤᠯᠤᠭᠰᠠᠨ᠂ ᠤᠷᠢᠳᠤᠭᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠭᠰᠡᠨ᠂ ᠤᠷᠤᠭᠰᠢᠯᠠᠨ ᠲᠠᠪᠰᠢᠭᠰᠠᠨ ᠶᠡᠭᠡ ᠬᠤᠷᠠᠯ ᠪᠣᠯᠵᠠᠢ᠂ ᠠᠷᠠᠳᠴᠢᠯᠠᠯ ᠢ ᠪᠠᠳᠠᠷᠠᠭᠤᠯᠤᠭᠰᠠᠨ᠂ ᠤᠶᠤᠨ ᠤᠬᠠᠭᠠᠨ ᠢ ᠲᠦᠪᠯᠡᠷᠡᠭᠦᠯᠦᠭᠰᠡᠨ᠂ ᠪᠦᠯᠭᠦᠮᠳᠠᠨ ᠨᠢᠭᠳᠠᠷᠠᠵᠣ ᠪᠤᠳᠠᠳᠠᠢ ᠶᠢ ᠡᠷᠬᠢᠮᠯᠡᠭᠰᠡᠨ ᠶᠡᠭᠡ ᠬᠤᠷᠠᠯ ᠪᠤᠯᠵᠠᠢ᠂ ᠡᠨᠡ ᠣᠳᠠᠭ᠎ᠠ ᠶᠢᠨ ᠶᠡᠭᠡ ᠬᠤᠷᠠᠯ ᠨᠢ ᠪᠦᠭᠦ ᠤᠷᠤᠨ ᠤ ᠦᠨᠳᠤᠰᠦᠳᠡᠨ ᠨᠦᠭᠦᠳ ᠤᠨ ᠺᠠᠳ᠋ᠷ ᠤᠯᠠᠨ ᠲᠦᠮᠡᠨ ᠤ ᠪᠦᠯᠭᠦᠮᠳᠡᠨ ᠨᠢᠭᠡᠳᠴᠦ᠂ ᠢᠯᠠᠯᠳᠠ ᠶᠢᠨ ᠡᠷᠴᠢᠨ ᠳᠡᠭᠡᠷ᠎ᠡ ᠪᠠᠨ ᠣᠷᠣᠭᠰᠢᠯᠠᠨ ᠲᠠᠪᠰᠢᠬᠤ ᠶᠢ ᠴᠢᠨᠠᠭᠰᠢᠳᠠ ᠤᠷᠮᠠᠰᠢᠭᠤᠯᠤᠨ ᠵᠤᠷᠢᠭᠵᠢᠭᠤᠯᠵᠦ᠂ ︽ᠠᠷᠪᠠᠨ ᠲᠦᠷᠪᠡᠳᠦᠭᠡᠷ ᠲᠠᠪᠤᠨ ᠵᠢᠯ︾ ᠳᠤ ᠡᠷᠡᠯᠭᠡᠭᠯᠡᠨ ᠲᠡᠮᠡᠴᠡᠵᠦ ᠰᠢᠨ᠎ᠠ ᠠᠶᠠᠨ ᠵᠠᠮ ᠳᠠᠭᠠᠨ ᠡᠷᠡᠮᠡᠭᠡᠶᠢᠯᠡᠨ ᠤᠷᠤᠬᠰᠢᠯᠠᠬᠤ ᠠᠤᠭ᠎ᠠ ᠬᠦᠴᠤᠨ ᠢ ᠪᠦᠷᠢᠯᠳᠦᠭᠦᠯᠭᠦ ᠨᠢ ᠯᠠᠪᠳᠠᠢ᠃ ᠤᠳᠤ ᠪᠢᠳᠡ ᠨᠢᠭᠡᠨᠳᠡ ᠮᠠᠨ ᠤ ᠤᠯᠤᠰ ᠤᠨ ᠬᠦᠭᠵᠢᠯᠳᠠ ᠶᠢᠨ ᠠᠬᠢᠴᠠ ᠳᠣᠮᠳᠠᠬᠢ ᠬᠦᠰᠢᠶ᠎ᠠ ᠲᠡᠮᠳᠡᠭ ᠤᠨ ᠠᠴᠢ ᠬᠤᠯᠪᠤᠬᠳᠠᠯ ᠲᠠᠢ ᠰᠢᠨ᠎ᠠ ᠬᠦᠭᠵᠢᠯᠳᠠ ᠶᠢᠨ ᠱᠠᠳᠤᠨ ᠳᠤ ᠤᠷᠤᠪᠠ᠃ ᠰᠢᠨ᠎ᠠ ᠭᠠᠷᠤᠭ᠎ᠠ ᠳᠡᠭᠡᠷ᠎ᠡ ᠰᠢᠨ᠎ᠠ ᠠᠶᠠᠨ ᠢ ᠡᠬᠢᠯᠡᠭᠦᠯᠬᠦ ᠳᠤ᠂ ᠪᠢᠳᠡ ᠲᠡᠤᠭᠡ ᠶᠢᠨ ᠪᠤᠤᠬᠢᠶ᠎ᠠ ᠶᠢ ᠲᠤᠰᠤᠨ ᠠᠪᠴᠤ᠂ ᠣᠷᠢᠳᠣᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠰᠢᠨ᠎ᠠ ᠬᠠᠭᠤᠳᠠᠰᠦ ᠶᠢ ᠪᠢᠴᠢᠭᠯᠡᠭᠦ ᠬᠠᠷᠢᠭᠤᠴᠠᠯᠭᠠᠳᠤ ᠰᠡᠳᠭᠢᠯᠭᠡ ᠪᠠ ᠲᠡᠤᠭᠡᠨ ᠡᠭᠦᠷᠭᠡᠳᠦ ᠪᠤᠳᠤᠯ ᠢᠶᠠᠨ ᠦᠨᠡᠨ ᠬᠦ ᠴᠢᠩᠭᠠᠷᠠᠭᠤᠯᠵᠦ᠂ ᠰᠢᠷᠭᠠᠭᠤ ᠬᠠᠳᠠᠭᠤᠵᠢᠯᠳᠠᠢ ᠲᠡᠮᠡᠴᠡᠭᠦ ᠵᠤᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠳᠠᠶᠢᠴᠢᠯᠠᠵᠣ ᠪᠣᠯᠬᠤ ᠢᠳᠡᠪᠬᠢ ᠬᠦᠴᠦᠨ ᠵᠦᠢᠯ ᠪᠦᠬᠦᠨ ᠢ ᠳᠠᠶᠢᠴᠢᠯᠠᠨ ᠪᠦᠯᠬᠦᠮᠳᠡᠵᠦ ᠪᠣᠯᠬᠤ ᠬᠦᠴᠦᠨ ᠪᠦᠬᠦᠨ ᠢ ᠪᠦᠯᠬᠦᠮᠳᠡᠬᠦᠯᠵᠦ᠂ ᠲᠠᠷᠤᠤ ᠬᠢᠴᠢᠶᠡᠩᠭᠦᠢ᠂ ᠢᠳᠡᠪᠬᠢᠳᠠᠢ ᠲᠠᠪᠰᠢᠯᠳᠠ ᠲᠠᠢ᠂ ᠯᠠᠪᠳᠠᠭᠤᠨ ᠬᠢᠨᠠᠭᠤᠷ ᠪᠤᠳᠠᠳᠠᠢ ᠶᠢ ᠡᠷᠬᠢᠮᠯᠡᠨ ᠠᠵᠢᠯ ᠢᠶᠠᠨ ᠨᠡᠩ ᠰᠠᠶᠢᠳᠤᠷ ᠬᠢᠵᠦ᠂ ᠮᠠᠨ  ᠤ ᠲᠤᠬᠳᠠᠭᠠᠬᠰᠠᠨ ᠬᠠᠷᠠᠯᠳᠠ ᠲᠡᠶᠢᠰᠢ ᠪᠠᠨ ᠴᠦᠬᠦᠷᠡᠰᠢ ᠦᠭᠡᠢ ᠪᠠᠷ ᠡᠷᠡᠮᠡᠬᠡᠶᠢᠯᠡᠨ ᠤᠷᠤᠬᠰᠢᠯᠠᠬᠤ ᠬᠡᠷᠡᠭᠳᠡᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠰᠢᠨ᠎ᠠ ᠬᠦᠭᠵᠢᠯᠳᠠ ᠶᠢᠨ ᠱᠠᠳᠤ ᠶᠢ ᠤᠨᠤᠪᠴᠢᠳᠠᠢ ᠡᠵᠡᠮᠳᠡᠬᠦ᠂ ᠰᠢᠨ᠎ᠠ ᠬᠦᠭᠵᠢᠯᠳᠠ ᠶᠢᠨ ᠤᠢᠢᠯᠠᠭᠠᠬᠳᠠᠬᠤᠨ ᠢ ᠬᠦᠨᠵᠡᠭᠡᠢ ᠲᠤᠭᠤᠰᠢᠯᠠᠭᠤᠯᠬᠤ᠂ ᠰᠢᠨ᠎ᠠ ᠬᠦᠭᠵᠢᠯᠳᠠ ᠶᠢᠨ ᠪᠠᠶᠢᠷᠢᠰᠢᠯ ᠢ ᠲᠦᠷᠭᠡᠳᠭᠡᠨ ᠴᠤᠭᠴᠠᠯᠠᠬᠤ ᠳᠣᠬᠠᠢ ᠨᠠᠮ ᠤᠨ ᠲᠦᠪ ᠬᠤᠷᠢᠶᠠᠨ ᠤ ᠴᠢᠬᠤᠯᠠ ᠱᠠᠭᠠᠷᠳᠠᠯᠭ᠎ᠠ ᠶᠢ ᠬᠢᠨᠠᠮᠠᠭᠠᠢ ᠰᠤᠷᠤᠯᠴᠠᠨ ᠤᠢᠢᠯᠠᠭᠠᠵᠦ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠠᠵᠦ ᠠᠬᠤᠢ ᠨᠡᠶᠢᠭᠡᠮ ᠤᠨ ᠬᠦᠭᠵᠢᠯᠳᠠ ᠶᠢᠨ ᠡᠯ᠎ᠠ ᠵᠦᠢᠯ ᠤᠨ ᠠᠵᠢᠯ ᠢᠶᠠᠨ ᠯᠠᠪᠳᠠᠭᠤᠨ ᠪᠠᠳᠤᠳᠠᠢ ᠰᠠᠶᠢᠳᠤᠷ ᠬᠢᠵᠦ᠂ ︽ᠠᠷᠪᠠᠨ ᠲᠦᠷᠪᠡᠳᠦᠭᠡᠷ ᠲᠠᠪᠤᠨ ᠵᠢᠯ︾ ᠳᠤ ᠰᠠᠶᠢᠨ ᠡᠬᠢᠯᠡᠯᠳᠡ ᠲᠠᠢ ᠪᠠᠶᠢᠬᠤ ᠶᠢ ᠦᠨᠡᠨ ᠬᠦ ᠪᠠᠳᠤᠯᠠᠬᠤ ᠬᠡᠷᠡᠭᠳᠡᠢ ᠭᠡᠵᠦ ᠵᠢᠭᠠᠵᠦ ᠭᠠᠷᠭᠠᠪᠠ᠃      ᠱᠢ ᠲᠠᠢ ᠹᠸᠡᠭ᠂ ︽ᠠᠷᠪᠠᠨ ᠲᠦᠷᠪᠡᠳᠦᠭᠡᠷ ᠲᠠᠪᠤᠨ ᠵᠢᠯ︾ ᠢ ᠰᠠᠶᠢᠬᠠᠨ ᠡᠬᠢᠯᠡᠭᠦᠯᠵᠦ ᠰᠢᠨ᠎ᠠ ᠠᠶᠠᠨ ᠵᠠᠮ ᠳᠠᠭᠠᠨ ᠮᠣᠷᠳᠠᠬᠤ ᠳᠤ᠂ ᠡᠷᠭᠡᠪᠰᠢ ᠲᠤᠭ ᠲᠡᠮᠳᠡᠭ ᠲᠤᠳᠤᠷᠬᠠᠢ ᠪᠠᠷ ᠤᠯᠤᠰ ᠲᠦᠷᠦ ᠶᠢ ᠡᠷᠬᠢᠮᠯᠡᠨ᠂ ᠰᠢ ᠶᠢᠨ ᠫᠢᠡᠭ ᠤᠨ ᠰᠢᠨ᠎ᠠ ᠴᠠᠬ ᠦᠶ᠎ᠠ ᠶᠢᠨ ᠲᠤᠮᠳᠡᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠠᠶᠢᠳᠤᠷ ᠤᠢᠢᠯᠠᠭᠠᠵᠤ ᠲᠤᠭᠤᠷᠠᠳᠠᠯ᠎ᠠ ᠮᠡᠳᠡᠵᠤ ᠪᠤᠳᠠᠳᠠᠶᠢᠵᠢᠭᠤᠯᠬᠤ ᠲᠠᠯ᠎ᠠ ᠪᠠᠷ ᠦᠷᠭᠦᠯᠵᠢᠯᠠᠨ ᠬᠦᠴᠤᠯᠡᠵᠤ᠂ ᠶᠡᠷᠦᠩᠭᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠠᠯ᠎ᠠ ᠪᠠᠷ ᠪᠤᠳᠠᠳᠠᠢ ᠦᠷ᠎ᠠ ᠪᠦᠲᠦᠮᠵᠢ ᠤᠯᠬᠤ ᠶᠢ ᠡᠷᠬᠢᠮᠯᠡᠨ᠂ ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠢ ᠠᠵᠢᠬᠯᠠᠨ ᠵᠦᠷᠢᠴᠡᠯ ᠢ ᠵᠠᠳᠠᠯᠵᠦ᠂ ᠠᠵᠢᠯ ᠢᠶᠠᠨ ᠠᠬᠢᠭᠤᠯᠬᠤ ᠳᠠᠭᠠᠨ ᠴᠢᠳᠠᠮᠠᠭᠠᠢ ᠪᠠᠶᠢᠵᠣ᠂ ᠤᠬᠠᠮᠰᠠᠷ ᠠᠴᠠ ᠪᠠᠨ ᠶᠡᠭᠡ ᠲᠠᠯ᠎ᠠ ᠠᠴᠠ ᠪᠣᠳᠣᠯᠬᠢᠯᠠᠨ ᠶᠡᠭᠡ ᠲᠠᠯ᠎ᠠ ᠲᠤᠤᠷ᠎ᠠ ᠠᠵᠢᠯᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠭᠡᠭᠦ ᠴᠢᠳᠠᠪᠤᠷᠢ ᠪᠠᠨ ᠲᠠᠰᠤᠷᠠᠯᠳᠠ ᠦᠭᠡᠢ ᠴᠢᠩᠭᠠᠷᠠᠭᠤᠯᠤᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠭᠦ ᠬᠡᠷᠡᠭᠳᠡᠢ᠃ ︽ᠠᠷᠪᠠᠨ ᠲᠦᠷᠪᠡᠳᠦᠭᠡᠷ ᠲᠠᠪᠤᠨ ᠵᠢᠯ︾ ᠢ ᠰᠠᠶᠢᠬᠠᠨ ᠡᠬᠢᠯᠡᠭᠦᠯᠵᠦ ᠰᠢᠨ᠎ᠠ ᠠᠶᠠᠨ ᠵᠠᠮ ᠳᠠᠭᠠᠨ ᠮᠣᠷᠳᠠᠬᠤ ᠳᠤ᠂ ᠡᠷᠭᠡᠪᠰᠢ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠪᠤᠬᠢᠷᠳᠤᠯ ᠦᠭᠡᠢ ᠬᠦᠭᠵᠢᠭᠦᠯᠭᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢᠶᠠᠷ ᠭᠤᠶᠢᠪᠢᠰᠢ ᠦᠭᠡᠢ ᠵᠠᠮᠨᠠᠵᠦ᠂ ᠬᠠᠨᠭ᠍ᠭᠠᠯᠭ᠎ᠠ ᠶᠢᠨ ᠲᠠᠯ᠎ᠠ ᠶᠢᠨ ᠪᠦᠳᠤᠴᠠ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠭᠡᠶᠢᠷᠡᠭᠦᠯᠭᠦ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠨ᠂ ︽ᠵᠢᠷᠭᠤᠭ᠎ᠠ ᠶᠢ ᠲᠤᠬᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ︽ᠵᠢᠷᠭᠤᠭ᠎ᠠ ᠶᠢ ᠪᠠᠳᠤᠯᠠᠬᠤ︾ ᠡᠭᠦᠷᠭᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠦ᠂ ᠠᠵᠦ ᠠᠬᠤᠢ ᠶᠢᠨ ᠦᠷᠭᠦᠯᠵᠢᠯᠠᠨ ᠰᠡᠷᠭᠦᠵᠦ ᠲᠤᠬᠳᠠᠭᠤᠨ ᠢᠶᠠᠷ ᠨᠡᠮᠡᠭᠳᠡᠭᠦ ᠶᠢ ᠪᠦᠭᠦ ᠬᠦᠴᠤᠨ ᠢᠶᠠᠷ ᠠᠬᠢᠭᠤᠯᠬᠤ ᠬᠡᠷᠡᠭᠳᠠᠢ᠂ ︽ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠢᠶᠠᠷ ᠦᠪᠤᠷ ᠮᠤᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠤ᠂ ᠠᠵᠦ ᠦᠢᠯᠡᠰ ᠤᠨ ᠰᠠᠭᠤᠷᠢ ᠶᠢᠨ ᠲᠡᠭᠡᠳᠤ ᠲᠡᠰᠵᠢᠭᠦ᠂ ᠠᠵᠦ ᠦᠢᠯᠡᠰ ᠤᠨ ᠬᠡᠯᠬᠢᠶ᠎ᠠ ᠶᠢᠨ ᠤᠳᠤᠭᠢᠴᠢᠯᠠᠬᠤ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠵᠦ᠂ ᠲᠤᠳᠤᠭᠠᠳᠤ ᠬᠡᠷᠡᠭᠴᠡᠭᠡ ᠶᠢᠨ ᠨᠦᠭᠡᠴᠡ ᠬᠦᠴᠤᠨ ᠢ ᠬᠦᠢᠴᠡᠳ ᠠᠭᠤᠳᠠᠯᠤᠨ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠦ᠂ ᠦᠭᠡᠷᠡᠴᠢᠯᠡᠯᠳᠡ ᠨᠡᠭᠡᠭᠡᠯᠳᠡ ᠶᠢ ᠨᠡᠩ ᠶᠡᠭᠡ ᠡᠷᠴᠢᠮ ᠢᠶᠠᠷ ᠠᠬᠢᠭᠤᠯᠬᠤ ᠬᠡᠷᠡᠭᠳᠠᠢ᠂ ᠪᠤᠬᠢᠷᠳᠤᠯ ᠢ ᠰᠡᠷᠭᠡᠶᠢᠯᠡᠨ ᠵᠠᠰᠠᠬᠤ ᠪᠠ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠠᠨ ᠰᠠᠶᠢᠳᠤᠷ ᠠᠳᠬᠤᠵᠦ᠂ ᠢᠳᠡ ᠬᠦᠴᠤᠳᠠᠢ ᠠᠷᠭ᠎ᠠ ᠬᠡᠮᠵᠢᠶ᠎ᠡ ᠪᠠᠷ ᠬᠤᠳᠠᠯᠳᠤᠭ᠎ᠠ ᠡᠷᠬᠢᠯᠡᠬᠦ ᠤᠷᠴᠢᠨ ᠨᠦᠭᠦᠴᠡᠯ ᠢ ᠰᠢᠯᠢᠳᠡᠭᠵᠢᠭᠦᠯᠵᠦ᠂ ᠬᠡᠯᠪᠡᠷᠢ ᠶᠢ ᠬᠤᠪᠢᠷᠠᠭᠤᠯᠬᠤ᠂ ᠪᠦᠳᠤᠴᠡ ᠶᠢ ᠲᠤᠬᠢᠷᠠᠭᠤᠯᠬᠤ᠂ ᠬᠦᠳᠡᠯᠭᠡᠭᠦ ᠡᠨᠧᠷᠭᠢ ᠶᠢ ᠰᠤᠯᠢᠬᠤ᠂ ᠶᠠᠰᠤ ᠴᠢᠨᠠᠷ ᠢ ᠲᠡᠭᠡᠭᠰᠢᠯᠡᠭᠦᠯᠭᠦ ᠲᠠᠯ᠎ᠠ ᠪᠠᠷ ᠰᠢᠪᠳᠤᠯᠤᠯᠳᠠ ᠶᠢᠨ ᠴᠢᠨᠠᠷᠳᠠᠢ ᠠᠬᠢᠴᠠ ᠭᠠᠷᠭᠠᠬᠤ ᠪᠠᠷ ᠬᠦᠴᠤᠯᠡᠭᠦ ᠬᠡᠷᠡᠭᠳᠡᠢ᠃ ︽ᠠᠷᠪᠠᠨ ᠲᠦᠷᠪᠡᠳᠦᠭᠡᠷ ᠲᠠᠪᠤᠨ ᠵᠢᠯ︾ ᠢ ᠰᠠᠶᠢᠬᠠᠨ ᠡᠬᠢᠯᠡᠭᠦᠯᠵᠦ ᠰᠢᠨ᠎ᠠ ᠠᠶᠠᠨ ᠵᠠᠮ ᠳᠠᠭᠠᠨ ᠮᠣᠷᠳᠠᠬᠤ ᠳᠤ᠂ ᠡᠷᠭᠡᠪᠰᠢ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠠᠷᠭ᠎ᠠ ᠪᠦᠭᠦᠨ ᠢ ᠰᠦᠪᠡᠭᠴᠢᠯᠡᠨ ᠠᠵᠢᠯ ᠤᠯᠭᠤᠯᠳᠠ ᠶᠢ ᠲᠤᠭᠳᠠᠪᠤᠷᠢᠵᠢᠭᠤᠯᠬᠤ ᠪᠠ ᠦᠷᠭᠡᠳᠭᠡᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠠ ᠪᠦᠲᠦᠭᠡᠯ ᠢᠶᠠᠨ ᠪᠠᠳᠤᠳᠬᠠᠨ᠂ ᠦᠨᠳᠤᠰᠤᠨ ᠤᠯᠠᠨ ᠨᠡᠶᠢᠳᠡ ᠶᠢᠨ ᠦᠢᠯᠡᠴᠢᠯᠡᠭᠡᠨ ᠤ ᠲᠦᠪᠰᠢᠨ ᠢ ᠦᠷᠭᠦᠯᠵᠢᠯᠠᠨ ᠲᠡᠭᠡᠭᠰᠢᠯᠡᠭᠦᠯᠵᠦ᠂ ᠲᠤᠳᠠᠭᠤᠳᠠᠯ ᠪᠠ ᠪᠠᠭᠤᠷᠠᠢ ᠲᠠᠯ᠎ᠠ ᠪᠠᠨ ᠲᠦᠷᠭᠡᠳᠭᠡᠨ ᠨᠦᠭᠦᠪᠦᠷᠢᠯᠡᠵᠦ᠂ ᠬᠠᠮᠳᠤ ᠪᠠᠷ ᠴᠢᠨᠡᠭᠡᠯᠢᠭᠵᠢᠭᠦ ᠶᠢ ᠯᠠᠪᠳᠠᠭᠤᠨ ᠪᠠᠳᠣᠳᠠᠢ ᠠᠬᠢᠭᠤᠯᠵᠦ᠂ ᠠᠷᠠᠳ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠳᠠ ᠦᠭᠡᠢ ᠲᠡᠭᠡᠭᠰᠢᠯᠡᠭᠦᠯᠭᠦ ᠬᠡᠷᠡᠭᠳᠡᠢ᠃ ︽ᠠᠷᠪᠠᠨ ᠲᠦᠷᠪᠡᠳᠦᠭᠡᠷ ᠲᠠᠪᠤᠨ ᠵᠢᠯ︾ ᠢ ᠰᠠᠶᠢᠬᠠᠨ ᠡᠬᠢᠯᠡᠭᠦᠯᠵᠦ ᠰᠢᠨ᠎ᠠ ᠠᠶᠠᠨ ᠵᠠᠮ ᠳᠠᠭᠠᠨ ᠮᠣᠷᠳᠠᠬᠤ ᠳᠤ᠂ ᠡᠷᠭᠡᠪᠰᠢ ᠬᠦᠭᠵᠢᠯᠳᠠ ᠪᠠ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠳᠡᠢ ᠰᠠᠶᠢᠳᠤᠷ ᠲᠦᠯᠦᠪᠵᠢᠭᠦᠯᠵᠦ᠂ ᠶᠡᠷᠦᠩᠭᠡᠢ ᠴᠤᠬᠴᠠ ᠶᠢᠨ ᠤᠯᠤᠰ ᠤᠨ ᠠᠮᠤᠷ ᠲᠦᠪᠰᠢᠨ ᠤ ᠦᠵᠡᠯᠳᠡ ᠶᠢ ᠪᠠᠷᠢᠮᠳᠠᠯᠠᠨ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠵᠦ ᠦᠢᠯᠡᠰ ᠤᠨ ᠠᠮᠤᠷ ᠲᠦᠪᠰᠢᠨ ᠢ ᠡᠷᠡᠰ ᠬᠠᠮᠠᠭᠠᠯᠠᠵᠣ᠂ ᠠᠮᠤᠷ ᠲᠦᠪᠰᠢᠨ ᠬᠦᠭᠵᠢᠯᠳᠠ ᠶᠢᠨ ᠬᠤᠷᠢᠭ᠎ᠠ ᠱᠤᠭᠤᠮ ᠢ ᠪᠠᠳᠤ ᠰᠠᠬᠢᠬᠤ ᠬᠡᠷᠡᠭᠳᠡᠢ ᠭᠡᠵᠦ ᠴᠢᠬᠤᠯᠠᠴᠢᠯᠠᠪᠠ᠃      ᠱᠢ ᠲᠠᠢ ᠹᠸᠡᠭ᠂ ᠰᠢᠨ᠎ᠠ ᠬᠦᠭᠵᠢᠯᠳᠠ ᠶᠢᠨ ᠱᠠᠳᠤᠨ ᠳᠤ ᠤᠷᠤᠵᠦ᠂ ᠬᠦᠭᠵᠢᠯᠳᠠ ᠶᠢᠨ ᠰᠢᠨ᠎ᠠ ᠠᠶᠠᠨ ᠵᠠᠮ ᠢ ᠡᠭᠢᠯᠡᠭᠦᠯᠭᠦ ᠨᠢ ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ ᠤᠨ ᠠᠵᠢᠯ ᠢ ᠰᠠᠶᠢᠳᠤᠷ ᠬᠢᠭᠦ ᠳᠤ ᠨᠡᠩ ᠦᠨᠳᠤᠷ ᠰᠢᠨ᠎ᠠ ᠱᠠᠭᠠᠷᠳᠠᠯᠭ᠎ᠠ ᠲᠤᠷᠠᠳᠪᠠ᠃ ᠪᠢᠳᠡ ᠰᠢ ᠶᠢᠨ ᠫᠢᠡᠭ ᠤᠨ ᠬᠠᠤᠯᠢᠵᠢᠯ ᠤᠨ ᠦᠵᠡᠯ ᠰᠠᠨᠠᠭ᠎ᠠ ᠪᠤᠯᠤᠨ ᠶᠡᠷᠦᠩᠭᠡᠢ ᠱᠦᠵᠢ ᠰᠢ ᠶᠢᠨ ᠫᠢᠡᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠳᠠᠯᠠᠨ ᠲᠡᠭᠦᠯᠳᠡᠷᠵᠢᠭᠦᠯᠭᠦ ᠲᠤᠬᠠᠢ ᠴᠢᠬᠤᠯᠠ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠢᠮᠠᠭᠳᠠ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ᠂ ᠠᠷᠠᠳ ᠲᠦᠮᠡᠨ ᠡᠷᠬᠡ ᠮᠡᠳᠡᠵᠤ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ ᠤᠷᠭᠠᠨᠢᠭ ᠢᠶᠠᠷ ᠨᠢᠭᠡᠳᠭᠡᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠪᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠠᠬ ᠦᠶ᠎ᠠ ᠲᠠᠢ ᠵᠡᠷᠭᠡ ᠪᠠᠷ ᠤᠷᠤᠬᠰᠢᠯᠠᠨ ᠰᠢᠨ᠎ᠠ ᠶᠢ ᠡᠭᠦᠳᠤᠨ ᠬᠦᠭᠵᠢᠭᠦ ᠶᠢ ᠠᠭᠢᠭᠤᠯᠵᠦ᠂ ᠪᠠᠶᠢᠭᠤᠯᠤᠯ ᠤᠨ ᠲᠠᠪᠠᠭᠤᠯᠢᠭ ᠢ ᠦᠨᠡᠨ ᠬᠦ ᠵᠠᠰᠠᠯᠳᠠ ᠶᠢᠨ ᠪᠦᠳᠦᠮᠵᠢ ᠴᠢᠳᠠᠪᠤᠷᠢ ᠪᠤᠯᠭᠠᠨ ᠬᠤᠪᠢᠷᠠᠭᠤᠯᠬᠤ ᠬᠡᠷᠡᠭᠳᠡᠢ᠃ ᠡᠯ᠎ᠠ ᠱᠠᠳᠤᠨ ᠤ ᠨᠠᠮ ᠤᠨ ᠬᠤᠷᠢᠶ᠎ᠠ ᠶᠢᠨ ᠬᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠨ ᠰᠠᠶᠢᠵᠢᠷᠠᠭᠤᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠰᠢᠶᠠᠯ ᠢᠶᠠᠨ ᠭᠦᠢᠴᠡᠳᠭᠡᠭᠦ ᠳᠤ ᠢᠳᠡᠪᠭᠢᠳᠠᠢ ᠪᠠᠷ ᠲᠡᠮᠵᠢᠯᠭᠡ ᠬᠠᠨᠭ᠍ᠭᠠᠨ ᠨᠦᠭᠦᠴᠡᠯ ᠪᠦᠷᠢᠯᠳᠦᠭᠦᠯᠵᠤ ᠦᠭᠭᠦ ᠬᠡᠷᠡᠭᠳᠡᠢ᠃ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠡᠭᠭᠤ ᠶᠢᠨ ᠬᠤᠷᠢᠶ᠎ᠠ ᠶᠢᠨ ᠬᠢᠨ ᠭᠤᠤᠯ ᠠᠵᠢᠯ ᠤᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠪᠤᠳᠠᠳᠤ ᠪᠠᠶᠢᠳᠠᠯ ᠲᠠᠢ ᠪᠠᠨ ᠨᠢᠬᠳᠠ ᠤᠶᠠᠯᠳᠤᠭᠤᠯᠤᠨ ᠬᠠᠤᠯᠢ ᠲᠤᠬᠳᠠᠭᠠᠬᠤ᠂ ᠬᠢᠨᠠᠯᠳᠠ ᠲᠠᠯᠪᠢᠬᠤ᠂ ᠲᠦᠯᠦᠭᠡᠯᠡᠭᠴᠢ ᠵᠡᠷᠭᠡ ᠠᠵᠢᠯ ᠢᠶᠠᠨ ᠰᠠᠶᠢᠳᠤᠷ ᠬᠢᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠦᠢᠯᠡᠰ ᠤᠨ ᠬᠦᠭᠵᠢᠯᠳᠠ ᠶᠢᠨ ᠰᠢᠨ᠎ᠠ ᠪᠠᠶᠢᠳᠠᠯ ᠢ ᠴᠢᠷᠮᠠᠶᠢᠨ ᠡᠬᠦᠳᠬᠦ ᠬᠡᠷᠡᠭᠳᠡᠢ᠃ ᠡᠯ᠎ᠠ ᠱᠠᠳᠤᠨ ᠤ ᠵᠠᠰᠠᠬ ᠵᠠᠬᠢᠷᠭᠠᠨ ᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ ᠶᠢᠨ ᠬᠢᠨ ᠤᠬᠠᠮᠰᠠᠷ ᠠᠴᠠ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠠᠯᠳᠠ ᠶᠢ ᠬᠦᠯᠢᠶᠠᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠡᠭᠭᠤ ᠶᠢᠨ ᠬᠤᠷᠢᠶᠠᠨ ᠤ ᠰᠢᠢᠳᠪᠤᠷᠢ ᠲᠤᠬᠳᠠᠭᠠᠯ ᠪᠠ ᠬᠢᠨᠠᠨ ᠵᠦᠪᠯᠡᠭᠰᠡᠨ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠬᠠᠤᠯᠢ ᠶᠣᠰᠣᠭᠠᠷ ᠵᠠᠰᠠᠬ ᠶᠠᠪᠤᠭᠤᠯᠬᠤ᠂ ᠲᠦᠪ ᠭᠤᠤᠯᠴᠢ ᠪᠠᠷ ᠬᠠᠤᠯᠢ ᠪᠠᠷᠢᠬᠤ ᠲᠦᠪᠰᠢᠨ ᠢᠶᠠᠨ ᠲᠠᠰᠤᠷᠠᠯᠳᠠ ᠦᠭᠡᠢ ᠲᠡᠭᠡᠭᠰᠢᠯᠡᠭᠦᠯᠭᠦ ᠬᠡᠷᠡᠭᠳᠡᠢ᠃ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠨᠠᠮ ᠪᠠ ᠠᠷᠠᠳ ᠲᠦᠮᠡᠨ ᠤ ᠢᠳᠡᠭᠡᠯ ᠨᠠᠶᠢᠳᠠᠯᠭ᠎ᠠ ᠶᠢ ᠬᠤᠪᠢ ᠲᠠᠬᠢᠨ ᠨᠠᠨᠳᠢᠩᠨᠠᠨ᠂ ᠲᠤᠰᠢᠶᠠᠯ ᠢᠶᠠᠨ ᠭᠦᠢᠴᠡᠳᠭᠡᠭᠦ ᠴᠢᠳᠠᠪᠤᠷᠢ ᠪᠠᠨ ᠪᠦᠭᠦ ᠲᠠᠯ᠎ᠠ ᠪᠠᠷ ᠲᠡᠭᠡᠭᠰᠢᠯᠡᠭᠦᠯᠵᠦ᠂ ᠤᠯᠠᠨ ᠲᠦᠮᠡᠨ ᠲᠠᠢ ᠤᠢᠢᠷᠠᠳᠤᠨ᠂ ᠠᠷᠠᠳ ᠤᠨ ᠪᠠᠶᠢᠳᠠᠯ ᠢ ᠤᠢᠢᠯᠠᠭᠠᠵᠦ᠂ ᠤᠯᠠᠨ ᠤ ᠤᠶᠤᠨ ᠤᠬᠠᠭᠠᠨ ᠢ ᠲᠦᠪᠯᠡᠷᠡᠭᠦᠯᠤᠨ᠂ ᠠᠷᠠᠳ ᠲᠦᠮᠡᠨ ᠤ ᠲᠦᠯᠦᠭᠡ ᠦᠭᠡ ᠬᠡᠯᠡᠵᠦ᠂ ᠠᠷᠠᠳ ᠲᠦᠮᠡᠨ ᠤ ᠲᠦᠯᠦᠭᠡ ᠲᠤᠰᠢᠶᠠᠯ ᠢᠶᠠᠨ ᠭᠦᠢᠴᠡᠳᠭᠡᠨ᠂ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠳᠡᠢ ᠭᠡᠵᠦ ᠵᠢᠭᠠᠵᠦ ᠭᠠᠷᠭᠠᠪᠠ᠃      ᠦᠪᠡᠷᠳᠡᠭᠡᠨ ᠵᠠᠰᠠᠬᠤ ᠤᠷᠤᠨ ᠳᠤ ᠪᠠᠶᠢᠭ᠎ᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠲᠤᠰ ᠤᠳᠠᠭ᠎ᠠ ᠶᠢᠨ ᠪᠦᠭᠦᠳᠡ ᠬᠤᠷᠠᠯ ᠳᠤ ᠰᠤᠯᠠ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠬᠠᠮᠢᠶ᠎ᠠ ᠪᠦᠭᠦᠢ ᠰᠠᠯᠠᠭ᠎ᠠ ᠮᠦᠴᠢᠷ᠂ ᠦᠪᠡᠷᠳᠡᠭᠡᠨ ᠵᠠᠰᠠᠬᠤ ᠤᠷᠤᠨ ᠤ ᠬᠢᠨᠠᠨ ᠪᠠᠶᠢᠴᠠᠭᠠᠬᠤ ᠵᠦᠪᠯᠡᠯ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠷᠢᠭᠤᠴᠠᠯᠭᠠᠳᠠᠨ ᠨᠦᠭᠦᠳ ᠠᠯᠤᠰ ᠡᠵᠡᠮᠰᠢᠯᠳᠤ ᠸᠢᠳᠢᠣ᠋ ᠪᠠᠷ ᠬᠤᠷᠠᠯ ᠳᠤ ᠰᠤᠯᠠ ᠤᠷᠤᠯᠴᠠᠵᠠᠢ᠃      ᠶᠡᠭᠡ ᠬᠤᠷᠠᠯ ᠰᠦᠷ ᠵᠢᠪᠬᠤᠯᠠᠩᠳᠤ ᠤᠯᠤᠰ ᠤᠨ ᠰᠦᠯᠳᠡ ᠲᠠᠭᠤᠤ  ᠶᠢᠨ ᠠᠶᠠᠰ ᠲᠤᠮᠳᠠ ᠲᠡᠭᠦᠰᠪᠡ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ