ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠲᠡᠭᠦᠰᠪᠡ ᠱᠢ ᠲᠠᠢ ᠹᠧᠩ ᠷᠧᠨ ᠶᠠ ᠫᠢᠩ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠤ ᠪᠠᠶᠠᠷ ᠬᠦᠷᠭᠡᠪᠡ ᠯᠢ ᠰᠢᠦ ᠯᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ
ᠨᠡᠶᠢᠲᠡᠯᠡᠭᠰᠡᠨ ᠴᠠᠭ᠄
2021/2/1
    1 ᠰᠠᠷ᠎ᠠ ᠶᠢᠨ 29 ᠤ ᠦᠳᠡ ᠶᠢᠨ ᠡᠮᠦᠨ᠎ᠡ᠂ ᠳᠤᠮᠳᠠᠳᠦ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠲᠦᠷᠪᠡᠳᠦᠭᠡᠷ ᠬᠤᠷᠠᠯ ᠡᠯ᠎ᠡ ᠵᠦᠪᠯᠡᠬᠦ ᠵᠦᠢᠯ ᠢᠶᠠᠨ ᠠᠮᠵᠢᠯᠲᠠ ᠲᠠᠢ ᠳᠠᠭᠤᠰᠬᠠᠭᠠᠳ ᠬᠦᠬᠡᠬᠤᠲᠠ ᠲᠤ ᠲᠡᠬᠦᠰᠪᠡ᠃      
     1 ᠳ᠋ᠦ᠋ᠭᠡᠷ ᠰᠠᠷ᠎ᠠ ᠶᠢᠨ 29 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠦ ᠯᠢᠩ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠤᠨ ᠲᠡᠭᠦᠰᠬᠦ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃      ᠬᠤᠷᠠᠯ ᠠᠴᠠ᠂ ᠰᠢ ᠶᠢᠨ ᠫᠢᠩ ᠨᠦᠬᠦᠷ ᠢᠶᠠᠷ ᠭᠤᠤᠯ ᠪᠣᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠬᠲᠠᠷᠠᠨ ᠪᠦᠯᠬᠦᠮᠳᠡᠵᠦ  ᠂  ︽ᠳᠦᠷᠪᠡᠨ ᠤᠬᠠᠮᠰᠠᠷ︾ ᠢᠶᠠᠨ ᠴᠢᠩᠭᠠᠳᠬᠠᠨ ︽ᠳᠦᠷᠪᠡᠨ ᠢᠳᠡᠭᠡᠯ︾ ᠢ ᠪᠠᠲᠤᠳᠬᠠᠵᠤ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠰᠠᠶᠢᠨ ᠰᠠᠶᠢᠬᠠᠨ ᠤᠶᠤᠨ ᠰᠠᠨᠠᠭᠠᠨ ᠤ ᠲᠦᠷᠰᠤ ᠪᠠᠶᠢᠳᠠᠯ ᠪᠠ ᠠᠵᠢᠯ ᠤᠨ ᠤᠪᠤᠷ ᠪᠠᠶᠢᠳᠠᠯ ᠢ ᠢᠮᠠᠬᠲᠠ ᠪᠠᠷᠢᠮᠳᠠᠯᠠᠨ᠂ ᠪᠦᠬᠦ ᠰᠡᠳᠬᠢᠯ ᠢᠶᠠᠷ ᠢᠶᠠᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠨ ᠦᠷᠬᠦᠯᠵᠢᠯᠡᠨ ᠲᠡᠮᠡᠴᠡᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠳᠤᠮᠳᠠᠳᠦ ᠤᠯᠤᠰ ᠤᠨ ᠡᠪ ᠬᠠᠮᠳᠦ ᠨᠠᠮ ᠪᠠᠶᠢᠭᠤᠯᠤᠬᠳᠠᠬᠰᠠᠨ 100 ᠵᠢᠯ ᠤᠨ ᠣᠢ ᠶᠢ ᠪᠡᠯᠭᠡᠯᠡᠬᠦ ᠬᠡᠷᠡᠭᠲᠡᠢ ᠭᠡᠵᠦ ᠤᠷᠢᠶᠠᠯᠠᠵᠠᠢ᠃      ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠦᠮᠦᠨ ᠠᠮᠠ ᠡᠬᠢ ᠪᠠᠶᠠᠯᠢᠭ ᠤᠷᠴᠢᠨ ᠲᠤᠭᠤᠷᠢᠨ ᠤ ᠵᠦᠪᠯᠡᠯ ᠤᠨ ᠳᠡᠳ᠋ ᠡᠷᠬᠢᠯᠡᠭᠴᠢ ᠷᠧᠨ ᠶᠠ ᠫᠢᠩ ᠬᠤᠷᠠᠯ ᠳᠤ ᠤᠷᠤᠯᠴᠠᠵᠦ ᠪᠠᠶᠠᠷ ᠬᠦᠷᠭᠡᠪᠡ᠃      ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠯᠢ ᠰᠢᠥ ᠯᠢᠩ ᠲᠡᠬᠦᠰᠬᠦ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠯᠦᠸᠧ ᡁᠢ ᠬᠤ᠋᠂ ᠳ᠋ᠦᠩ ᠡᠾᠧᠩ ᠢᠦᠢ᠂ ᠵᠧᠩ ᠹᠦ᠋ ᠲᠢᠶᠠᠨ᠂ ᠯᠢᠥ ᠰᠢᠨ ᠯᠧ᠂ ᠮᠠ ᠰᠢᠤᠸᠠᠢ ᠵᠢᠶᠦ᠋ᠨ᠂ ᠵᠠᠩ ᠬᠤᠸᠠ᠂ ᠴᠡᠴᠡᠭ᠂ ᠡᠸᠥ ᠶᠠᠩ ᠰᠢᠶᠤᠤ ᠬᠤᠢ᠂ ᠸᠧᠢ ᠬᠦᠸᠧ ᠨᠠᠨ ᠵᠢᠴᠢ ᠨᠠᠷᠢᠨ ᠪᠢᠴᠢᠭ ᠤᠨ ᠳᠠᠷᠤᠭ᠎ᠠ ᠳ᠋ᠢ ᠷᠦᠢ ᠮᠢᠩ ᠲᠡᠷᠢᠬᠦᠯᠡᠭᠴᠢᠳ ᠤᠨ ᠲᠠᠶᠢᠰᠠᠨ ᠤ ᠡᠮᠦᠨ᠎ᠡ ᠮᠦᠷ ᠲᠤ ᠰᠠᠭᠠᠲᠠᠪᠠ᠃      ᠲᠡᠷᠢᠬᠦᠯᠡᠭᠴᠢᠳ ᠤᠨ ᠲᠠᠶᠢᠰᠠᠨ ᠳᠤ ᠰᠠᠭᠠᠲᠠᠭᠰᠠᠨ ᠤᠳᠤᠷᠢᠳᠬᠤ ᠨᠥᠬᠦᠳ ᠲᠤ᠄ ᠯᠢᠨ ᠱᠤᠤ ᠴᠦᠨ᠂ ᠸᠠᠩ ᠯᠢ ᠰᠢᠶᠠ᠂ ᠯᠢᠥ ᠴᠢ ᠹᠠᠨ᠂ ᠪᠠᠢ ᠢᠦᠢ ᠭᠠᠩ᠂ ᠮᠧᠩ ᠹᠠᠨ ᠯᠢ᠂ ᠶᠠᠩ ᠸᠧᠢ ᠳ᠋ᠦᠩ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠵᠠᠩ ᠧᠨ ᠬᠤᠢ᠂ ᠮᠠ ᠴᠢᠩ ᠯᠸᠢ᠂ ᠶᠠᠩ ᠰᠢᠶᠤᠤ ᠺᠠᠩ᠂ ᠨᠠᠰᠤᠨᠮᠦ᠋ᠡᠭᠭᠡ᠂ ᠸᠠᠩ ᠪᠥᠸᠧ᠂ ᠯᠢ ᠷᠦᠩ ᠰᠢ᠂ ᠯᠢᠶᠠᠨ ᠰᠦ᠋᠂ ᠵᠠᠩ ᠶᠤᠸᠠᠨ ᠵᠦᠩ᠂ ᠾᠧ ᠶᠠᠨ ᠯᠢᠩ᠂ ᠠᠢ ᠯᠢ ᠬᠤᠸᠠ᠂ ᠯᠢ ᠪᠢᠩ ᠷᠦᠩ᠂ ᠪᠣᠣ ᠭᠠᠩ᠂ ᠵᠧᠩ ᠬᠤᠩ ᠹᠠᠨ᠂ ᠬᠤᠸᠠᠩ ᡁᠢ ᠴᠢᠶᠠᠩ᠂ ᠾᠧᠩ ᠰᠢᠶᠤᠤ ᠹᠠᠨ᠂ ᠴᠢ᠊ ᠪᠠᠲᠤ᠂ ᠵᠠᠩ ᠶᠢᠩ ᠺᠦᠢ᠂ ᠯᠢ ᠱᠤᠤ ᠵᠢᠶᠦ᠋ᠨ᠂ ᠶᠠᠩ ᠽᠦᠩ ᠷᠧᠨ᠂ ᠯᠢ ᠴᠢ ᠯᠢᠨ᠂ ᠰᠢᠶᠣᠣ ᠹᠠᠩ ᠵᠢᠦᠢ ᠨᠠᠷ ᠪᠤᠢ᠃
     
     1 ᠳ᠋ᠦ᠋ᠭᠡᠷ ᠰᠠᠷ᠎ᠠ ᠶᠢᠨ 29 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠡᠯ᠎ᠡ ᠵᠥᠪᠯᠡᠬᠦ ᠵᠦᠶᠯ ᠢᠶᠠᠨ ᠠᠮᠵᠢᠯᠲᠠ ᠲᠠᠢ ᠵᠥᠪᠯᠡᠵᠦ ᠳᠠᠭᠤᠰᠬᠠᠭᠠᠳ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠠᠮᠵᠢᠯᠲᠠ ᠲᠠᠢ ᠲᠡᠭᠦᠰᠪᠡ᠃      ᠬᠤᠷᠠᠯ ᠠᠴᠠ᠂ ᠤᠯᠤᠰ ᠲᠦᠷᠦ ᠶᠢᠨ ᠵᠦᠪᠯᠡᠯᠬᠡᠨ ᠤ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠲᠦᠷᠪᠡᠳᠦᠭᠡᠷ ᠬᠤᠷᠠᠯ ᠤᠨ ᠤᠯᠤᠰ ᠲᠦᠷᠦ ᠶᠢᠨ ᠰᠢᠢᠳᠪᠦᠷᠢ ᠶᠢ ᠪᠠᠲᠤᠯᠠᠵᠦ᠂ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠤᠯᠤᠰ ᠲᠦᠷᠦ ᠶᠢᠨ ᠵᠦᠪᠯᠡᠯᠬᠡᠨ ᠤ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠲᠦᠷᠪᠡᠳᠦᠭᠡᠷ ᠬᠤᠷᠠᠯ ᠤᠨ ᠰᠢᠢᠳᠪᠦᠷᠢ ᠶᠢ ᠪᠠᠲᠤᠯᠠᠨ᠂ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠲᠦᠷᠪᠡᠳᠦᠭᠡᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠬᠰᠠᠨ ᠪᠠᠶᠢᠳᠠᠯ ᠤᠨ ᠲᠤᠬᠠᠢ ᠤᠯᠤᠰ ᠲᠦᠷᠦ ᠶᠢᠨ ᠵᠦᠪᠯᠡᠯᠭᠡᠨ ᠤ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠰᠠᠨᠠᠯ ᠳᠤᠷᠠᠳᠤᠯᠭ᠎ᠠ ᠶᠢᠨ ᠵᠥᠪᠯᠡᠯ ᠤᠨ ᠮᠡᠳᠡᠬᠦᠯᠦᠯᠲᠡ ᠶᠢ ᠪᠠᠲᠤᠯᠠᠵᠤ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠠᠴᠠ ᠨᠠᠭᠠᠰᠢᠬᠢ ᠰᠢᠯᠢᠳᠡᠭ ᠰᠠᠨᠠᠯ ᠳᠤᠷᠠᠳᠤᠯᠭ᠎ᠠ ᠶᠢ ᠬᠦᠬᠢᠬᠦᠯᠪᠡ᠃      ᠯᠢ ᠰᠢᠥ ᠯᠢᠩ᠂ ︽ᠬᠤᠤᠰ ᠵᠠᠭᠤᠨ ᠵᠢᠯ︾ ᠤᠨ ᠲᠡᠥᠭᠡ ᠶᠢᠨ ᠠᠭᠤᠯᠵᠠᠷ ᠲᠤ᠂ ᠪᠢᠳᠡ ᠳᠤᠮᠳᠠᠳᠦ ᠤᠯᠤᠰ ᠤᠨ ᠡᠪ ᠬᠠᠮᠳᠦ ᠨᠠᠮ ᠤᠨ ᠪᠡᠷᠭᠡ ᠬᠠᠳᠠᠭᠤᠵᠢᠯᠲᠠᠢ ᠵᠠᠭᠤᠨ ᠵᠢᠯ ᠤᠨ ᠲᠡᠮᠡᠴᠡᠯ ᠤᠨ ᠦᠩᠭᠡᠷᠡᠯᠲᠡ ᠠᠴᠠ᠂ ᠳᠤᠮᠳᠠᠳᠦ ᠶᠢᠨ ᠦᠨᠳᠦᠰᠦᠲᠡᠨ ᠪᠤᠰᠴᠦ ᠵᠤᠬᠰᠤᠬᠰᠠᠨ᠂ ᠪᠠᠶᠠᠵᠢᠨ ᠴᠢᠨᠡᠭᠡᠯᠢᠭᠵᠢᠭᠰᠡᠨ ᠠᠴᠠ ᠪᠠᠨ ᠬᠦᠴᠦᠷᠭᠡᠭᠵᠢᠭᠰᠡᠨ ᠠᠭᠤᠤ ᠶᠡᠭᠡ ᠦᠰᠦᠷᠦᠯᠲᠡ ᠠᠴᠠ᠂ ᠳᠤᠮᠳᠠᠳᠦ ᠤᠯᠤᠰ ᠤᠨ ᠡᠪ ᠬᠠᠮᠳᠦ ᠨᠠᠮ ᠪᠠᠶᠢᠬᠤ ᠦᠬᠡᠢ ᠪᠤᠯ ᠳᠤᠮᠳᠠᠳᠦ ᠶᠢᠨ ᠦᠨᠳᠦᠰᠦᠲᠡᠨ ᠤ ᠠᠭᠤᠤ ᠶᠡᠭᠡ ᠰᠡᠷᠬᠦᠨ ᠮᠠᠨᠳᠤᠯᠳᠠ ᠪᠠᠶᠢᠵᠦ ᠴᠢᠳᠠᠬᠤ ᠦᠬᠡᠢ ᠭᠡᠳᠡᠭ ᠵᠠᠶᠢᠯᠠᠰᠢ ᠦᠬᠡᠢ ᠯᠤᠬᠢᠭ ᠢ ᠬᠦᠨᠵᠡᠬᠡᠢ ᠤᠢᠢᠯᠠᠭᠠᠵᠦ᠂ ᠨᠠᠮ ᠤᠨ ᠬᠦᠴᠦᠷᠭᠡᠭᠵᠢᠯ ᠤᠨ ᠵᠠᠮ ᠪᠤᠯᠤᠨ ᠰᠡᠷᠬᠦᠨ ᠮᠠᠨᠳᠤᠯᠲᠠ ᠶᠢᠨ ᠵᠠᠮ ᠤᠨ ᠲᠤᠬᠠᠢ ᠤᠢᠢᠯᠠᠭᠠᠨ᠂ ᠭᠤᠤᠯᠯᠠᠬᠴᠢ ᠶᠢᠨ ᠬᠦᠴᠦᠨ᠂ ᠨᠠᠮ ᠤᠨ ᠬᠦᠴᠦᠨ᠂ ᠰᠢᠨ᠎ᠡ ᠳᠤᠮᠳᠠᠳᠦ ᠤᠯᠤᠰ ᠤᠨ ᠬᠦᠴᠦᠨ ᠪᠤᠯᠤᠨ ᠠᠷᠠᠳ ᠲᠦᠮᠡᠨ ᠤ ᠬᠦᠴᠦᠨ ᠢ ᠤᠬᠠᠵᠤ᠂ ᠠᠭᠤᠤ ᠶᠡᠭᠡ ᠳᠤᠮᠳᠠᠳᠦ ᠤᠯᠤᠰ᠂ ᠳᠤᠮᠳᠠᠳᠦ ᠶᠢᠨ ᠦᠨᠳᠦᠰᠦᠲᠡᠨ᠂ ᠳᠤᠮᠳᠠᠳᠦ ᠶᠢᠨ ᠰᠤᠶᠤᠯ᠂ ᠳᠤᠮᠳᠠᠳᠦ ᠤᠯᠤᠰ ᠤᠨ ᠡᠪ ᠬᠠᠮᠳᠦ ᠨᠠᠮ ᠪᠤᠯᠤᠨ ᠳᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠮᠡᠳᠡᠷᠡᠮᠵᠢ ᠪᠠᠨ ᠴᠢᠩᠭᠠᠳᠬᠠᠵᠦ᠂ ᠡᠷᠡᠰ ᠭᠤᠶᠢᠪᠢᠰᠢ ᠦᠬᠡᠢ ᠪᠠᠷ ᠨᠠᠮ ᠢᠶᠠᠨ ᠳᠠᠭᠠᠬᠤ ᠦᠵᠡᠯ ᠰᠠᠨᠠᠭᠠᠨ ᠤ ᠤᠬᠠᠮᠰᠠᠷ ᠢᠶᠠᠨ ᠲᠡᠭᠡᠭᠰᠢᠯᠡᠬᠦᠯᠤᠨ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢᠨ ᠭᠡᠷᠡᠯ ᠰᠠᠴᠤᠷᠠᠩᠭᠤᠢ ᠲᠤᠭ ᠤᠨ ᠳᠣᠣᠷ᠎ᠠ᠂ ᠤᠯᠤᠰ ᠲᠦᠷᠦ ᠶᠢᠨ ᠵᠦᠪᠯᠡᠯᠬᠡᠨ ᠤ ᠠᠵᠢᠯ ᠤᠨ ᠭᠤᠤᠯ ᠲᠡᠩᠭᠡᠯᠢᠭ᠂ ᠭᠤᠤᠯ ᠱᠤᠭᠤᠮ ᠪᠤᠯᠤᠨ ᠭᠤᠤᠯ ᠭᠤᠬᠴᠤᠭ᠎ᠠ ᠶᠢ ᠡᠵᠡᠮᠳᠡᠵᠦ᠂ ᠨᠡᠶᠢᠬᠡᠮ ᠵᠢᠷᠦᠮᠳᠤ ᠤᠳᠤᠬᠢᠴᠢᠯᠡᠬᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠦᠯᠦᠭᠡ ᠦᠷᠬᠦᠯᠵᠢᠯᠡᠨ ᠲᠡᠮᠡᠴᠡᠬᠦ ᠬᠡᠷᠡᠭᠲᠡᠢ ᠭᠡᠵᠦ ᠵᠢᠭᠠᠵᠦ ᠭᠠᠷᠭᠠᠪᠠ᠃      ᠯᠢ ᠰᠢᠥ ᠯᠢᠩ᠂ ︽ᠬᠤᠤᠰ ᠵᠠᠭᠤᠨ ᠵᠢᠯ︾ ᠤᠨ ᠲᠡᠥᠬᠡ ᠶᠢᠨ ᠠᠭᠤᠯᠵᠠᠷ ᠲᠤ᠂ ᠪᠢᠳᠡ ᠤᠯᠤᠰ ᠲᠦᠷᠦ ᠶᠢᠨ ᠵᠤᠬᠢᠶᠠᠨ ᠪᠠᠶᠢᠭᠤᠯᠤᠯᠲᠠ ᠶᠢᠨ ᠪᠠᠶᠢᠷᠢ ᠲᠤᠭᠲᠠᠭᠠᠯᠲᠠ ᠶᠢ ᠪᠠᠲᠦ ᠰᠠᠬᠢᠵᠦ᠂ ᠨᠢᠭᠡᠲᠦᠮᠡᠯ ᠹᠷᠦᠨᠲ ᠤᠨ ᠵᠤᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠪᠠᠳᠠᠷᠠᠭᠤᠯᠤᠨ᠂ ᠪᠦᠯᠬᠦᠮᠳᠡᠨ ᠲᠠᠮᠠᠴᠡᠬᠦ ᠬᠠᠮᠳᠦ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠳᠤ ᠠᠩᠬᠠᠷᠣᠯ ᠢᠶᠠᠨ ᠲᠦᠪᠯᠡᠷᠡᠬᠦᠯᠵᠦ᠂ ᠬᠦᠲᠦᠯᠦᠨ ᠵᠢᠯᠤᠭᠤᠳᠤᠯᠭ᠎ᠠ ᠪᠠᠨ ᠴᠢᠩᠭᠠᠳᠬᠠᠨ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠳᠤ ᠣᠷᠣᠯᠴᠠᠭᠴᠢ ᠡᠯ᠎ᠡ ᠨᠠᠮ ᠪᠦᠯᠦᠭ ᠪᠦᠯᠬᠦᠮ ᠪᠣᠯᠣᠨ ᠡᠯ᠎ᠡ ᠡᠲᠡᠭᠡᠳ ᠤᠨ ᠬᠦᠮᠦᠰ ᠢ ᠬᠦᠳᠤᠯᠤᠨ ᠵᠢᠯᠤᠭᠤᠳᠴᠤ ᠪᠠᠶᠢᠭᠠᠳ ᠵᠦᠪ ᠤᠨᠤᠪᠴᠢᠲᠠᠢ ᠣᠯᠣᠰ ᠢᠶᠠᠨ ᠬᠠᠶᠢᠷᠠᠯᠠᠬᠤ ᠦᠵᠡᠯᠲᠡ᠂ ᠲᠡᠥᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ ᠪᠤᠯᠤᠨ ᠱᠠᠰᠢᠨ ᠰᠤᠷᠲᠠᠬᠤᠨ ᠤ ᠦᠵᠡᠯᠲᠡ ᠲᠠᠢ ᠪᠤᠯᠭᠠᠵᠤ᠂ ᠬᠠᠮᠲᠦ ᠶᠢᠨ ᠲᠠᠨᠢᠯᠲᠠ ᠶᠢ ᠥᠷᠭᠡᠨ ᠢᠶᠠᠷ ᠨᠢᠬᠳᠠᠷᠠᠭᠤᠯᠤᠨ᠂ ᠪᠦᠯᠬᠦᠮᠳᠠᠨ ᠲᠠᠮᠠᠴᠡᠬᠦ ᠢᠳᠡᠪᠬᠢ ᠬᠦᠴᠦᠨ ᠢ ᠬᠤᠷᠠᠮᠳᠤᠭᠤᠯᠵᠦ᠂ ᠳᠤᠮᠳᠠᠳᠦ ᠶᠢᠨ ᠦᠨᠳᠦᠰᠦᠲᠡᠨ ᠤ ᠬᠠᠮᠳᠦ ᠴᠣᠭᠴᠠ ᠶᠢᠨ ᠤᠬᠠᠮᠰᠠᠷ ᠢ ᠪᠠᠲᠦ ᠴᠤᠬᠴᠠᠯᠠᠨ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠤᠳᠤᠷᠢᠳᠤᠯᠭ᠎ᠠ ᠳᠤᠤᠷᠠᠬᠢ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠬᠢᠵᠢᠬᠦᠯᠦᠨ ᠬᠦᠭᠵᠢᠬᠦᠯᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠢ ᠡᠯ᠎ᠡ ᠲᠠᠯ᠎ᠠ  ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠴᠢᠬᠤᠯᠠ ᠰᠠᠭᠤᠷᠢᠨ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠡᠯ᠎ᠡ ᠦᠨᠳᠦᠰᠦᠲᠡᠨ ᠡᠯ᠎ᠡ ᠡᠲᠡᠭᠡᠳ ᠤᠨ ᠲᠦᠯᠦᠭᠡᠯᠡᠭᠴᠢ ᠬᠦᠮᠦᠰ ᠢ ᠪᠦᠯᠬᠦᠮᠳᠡᠬᠦᠯᠦᠨ ᠬᠦᠮᠦᠵᠢᠬᠦᠯᠵᠦ ᠵᠢᠯᠤᠭᠤᠳᠬᠤ ᠴᠢᠬᠤᠯᠠ ᠲᠡᠪᠴᠡᠩ᠂ ᠬᠠᠮᠳᠦ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢᠨ ᠳᠡᠭᠡᠷ᠎ᠡ ᠵᠥᠷᠢᠴᠡᠯ ᠢ ᠰᠢᠢᠳᠪᠦᠷᠢᠯᠡᠬᠦ ᠪᠠ ᠬᠠᠮᠳᠦ ᠶᠢᠨ ᠲᠠᠨᠢᠯᠲᠠ ᠶᠢ ᠨᠢᠬᠲᠠᠷᠠᠭᠤᠯᠬᠤ ᠴᠢᠬᠤᠯᠠ ᠠᠷᠭ᠎ᠠ ᠵᠠᠮ ᠪᠤᠯᠭᠠᠵᠦ᠂ ᠨᠠᠮ ᠤᠨ ᠤᠷᠲᠦ ᠬᠤᠭᠤᠴᠠᠭᠠᠨ ᠤ ᠲᠥᠷᠥ ᠪᠠᠷᠢᠬᠤ ᠦᠵᠡᠯ ᠰᠠᠨᠠᠭᠠᠨ ᠤ ᠰᠠᠭᠤᠷᠢ ᠪᠤᠯᠤᠨ ᠨᠡᠶᠢᠬᠡᠮ ᠤᠨ ᠰᠠᠭᠤᠷᠢ ᠶᠢ ᠪᠠᠬᠢᠵᠢᠬᠦᠯᠬᠦ ᠬᠡᠷᠡᠭᠲᠡᠢ ᠭᠡᠵᠦ ᠵᠢᠭᠠᠵᠦ ᠭᠠᠷᠭᠠᠵᠠᠢ᠃      ᠯᠢ ᠰᠢᠥ ᠯᠢᠩ᠂ ︽ᠬᠤᠤᠰ ᠵᠠᠭᠤᠨ ᠵᠢᠯ︾ ᠤᠨ ᠲᠡᠥᠭᠡ ᠶᠢᠨ ᠠᠭᠤᠯᠵᠠᠷ ᠲᠤ᠂ ᠪᠢᠳᠡ ᠨᠠᠮ ᠪᠤᠯᠤᠨ ᠤᠯᠤᠰ ᠤᠨ ᠤᠷᠤᠰᠢᠵᠦ ᠪᠠᠶᠢᠭ᠎ᠠ ᠲᠡᠥᠬᠡ ᠶᠢᠨ ᠤᠷᠤᠨ ᠪᠠᠶᠢᠷᠢ ᠶᠢ ᠰᠡᠷᠭᠡᠭ ᠢᠶᠠᠷ ᠲᠠᠨᠢᠵᠦ᠂ ᠰᠡᠳᠬᠢᠯ ᠳᠡᠭᠡᠨ ︽ᠤᠯᠤᠰ ᠤᠨ ᠶᠡᠭᠡ ᠶᠠᠪᠤᠳᠠᠯ︾ ᠢ ᠲᠤᠩᠭᠠᠨ᠂ ᠰᠢᠨ᠎ᠡ ᠬᠥᠭᠵᠢᠯᠲᠡ ᠶᠢᠨ ᠱᠠᠲᠦ᠂ ᠰᠢᠨ᠎ᠡ ᠬᠥᠭᠵᠢᠯᠲᠡ ᠶᠢᠨ ᠤᠢᠢᠯᠠᠭᠠᠬᠳᠠᠬᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠤᠨ ᠲᠤᠳᠤᠭᠠᠳᠦ ᠠᠭᠤᠯᠤᠬᠳᠠᠬᠤᠨ ᠪᠤᠯᠤᠨ ᠭᠤᠤᠯ ᠴᠢᠬᠤᠯᠠ ᠠᠭᠤᠯᠭ᠎ᠠ ᠶᠢ ᠬᠦᠨᠵᠡᠬᠡᠢ ᠤᠢᠢᠯᠠᠭᠠᠵᠦ᠂ ᠦᠪᠦᠷ ᠮᠣᠩᠭᠤᠯ ᠤᠨ ᠬᠥᠭᠵᠢᠯᠲᠡ ᠶᠢᠨ ᠱᠠᠲᠦ ᠦᠶᠡᠴᠢ ᠴᠢᠨᠠᠷᠳᠠᠢ ᠣᠨᠴᠠᠯᠢᠭ ᠢ ᠤᠨᠤᠪᠴᠢᠲᠠᠢ ᠡᠵᠡᠮᠳᠠᠨ᠂ ᠦᠪᠦᠷ ᠮᠣᠩᠭᠤᠯ ᠤᠨ ᠬᠥᠭᠵᠢᠯᠲᠡ ᠶᠢᠨ ᠲᠡᠥᠬᠡ ᠶᠢᠨ ᠯᠤᠬᠢᠭ ᠪᠤᠯᠤᠨ ᠪᠤᠳᠠᠳᠤ ᠯᠣᠭᠢᠭ ᠢ ᠡᠵᠡᠮᠳᠡᠵᠦ᠂ ᠴᠢᠨᠠᠷ ᠰᠠᠶᠢᠲᠠᠢ ᠬᠥᠭᠵᠢᠯᠲᠡ ᠶᠢᠨ ᠲᠤᠯᠭᠠᠮ ᠰᠡᠳᠬᠢᠯᠭᠡ ᠪᠠᠨ ᠨᠡᠮᠡᠭᠳᠡᠭᠦᠯᠦᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠲᠤᠭᠤᠰᠢᠯᠠᠭᠤᠯᠬᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭ᠎ᠠ ᠶᠢᠨ ᠪᠦᠬᠦᠳᠡ ᠬᠤᠷᠠᠯ ᠪᠤᠯᠤᠨ ᠲᠤᠰ ᠤᠳᠠᠭ᠎ᠠ ᠶᠢᠨ ᠬᠤᠶᠠᠷ ᠬᠤᠷᠠᠯ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠬᠤ ᠲᠤᠭᠤᠷᠢᠨ ᠲᠤ᠂ ᠦᠪᠡᠷᠳᠡᠭᠡᠨ ᠵᠠᠰᠠᠬᠤ ᠤᠷᠤᠨ ᠤ ᠴᠢᠨᠠᠷ ᠰᠠᠶᠢᠲᠠᠢ ᠬᠥᠭᠵᠢᠯᠲᠡ ᠶᠢᠨ ᠭᠤᠤᠯᠳᠠᠯᠭ᠎ᠠ᠂ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦᠯᠬᠦ ᠶᠢᠨ ᠬᠦᠴᠢᠷᠳᠡᠯ᠂ ᠠᠵᠤ ᠠᠬᠤᠢ ᠶᠢᠨ ᠡᠷᠭᠢᠯᠲᠡ ᠶᠢᠨ ᠲᠦᠭᠵᠢᠷᠡᠯ᠂ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠤᠨ᠂ ᠤᠯᠤᠰ ᠲᠦᠷᠦ ᠶᠢᠨ ᠵᠦᠪᠯᠡᠯᠬᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠦᠷᠦ ᠶᠢᠨ ᠶᠠᠪᠤᠳᠠᠯ ᠳᠤ ᠤᠷᠤᠯᠴᠠᠨ ᠵᠠᠰᠠᠭ ᠤᠨ ᠶᠠᠪᠤᠳᠠᠯ ᠢ ᠵᠦᠪᠯᠡᠬᠦ ᠡᠬᠦᠷᠭᠡ ᠴᠢᠳᠠᠪᠬᠢ ᠪᠠᠨ ᠦᠨᠡᠨ ᠬᠦ ᠬᠦᠢᠴᠡᠳᠭᠡᠵᠦ᠂ ᠦᠪᠦᠷ ᠮᠣᠩᠭᠤᠯ ᠤᠨ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠪᠤᠬᠢᠷᠳᠤᠯ ᠦᠬᠡᠢ ᠬᠦᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠳᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠨᠡᠮᠡᠷᠢᠯᠡᠵᠦ᠂ ᠤᠯᠤᠰ ᠲᠦᠷᠦ ᠶᠢᠨ ᠵᠥᠪᠯᠡᠯᠭᠡᠨ ᠤ ᠬᠤᠪᠢ ᠨᠡᠮᠡᠷᠢ ᠪᠠᠨ ᠦᠵᠡᠬᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃      ᠯᠢ ᠰᠢᠤ ᠯᠢᠩ᠂ ︽ᠬᠤᠤᠰ ᠵᠠᠭᠤᠨ ᠵᠢᠯ︾ ᠤᠨ ᠲᠠᠤᠭᠡ ᠶᠢᠨ ᠠᠭᠤᠯᠵᠠᠷ ᠲᠤ᠂ ᠪᠢᠳᠠ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠨᠡᠶᠢᠭᠡᠮ ᠵᠢᠷᠤᠮ ᠤᠨ ᠵᠥᠪᠯᠡᠬᠦ ᠠᠷᠠᠳᠴᠢᠯᠠᠯ ᠤᠨ ᠲᠦᠷᠢ ᠲᠦᠷᠬᠦ ᠶᠢ ᠤᠬᠠᠮᠰᠠᠷ ᠠᠴᠠ ᠪᠠᠨ ᠬᠠᠮᠠᠭᠠᠯᠠᠬᠤ ᠭᠡᠷᠡᠭᠳᠡᠢ᠃ ᠵᠦᠪᠯᠡᠬᠦ ᠠᠷᠠᠳᠴᠢᠯᠠᠯ ᠪᠤᠯ ᠲᠤᠮᠳᠠᠳᠤ ᠤᠯᠤᠰ ᠤᠨ ᠡᠪ ᠬᠠᠮᠳᠤ ᠨᠠᠮ ᠲᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠵᠠᠭᠤᠨ ᠵᠢᠯ ᠬᠠᠶᠢᠨ ᠰᠦᠪᠡᠭᠴᠢᠯᠡᠵᠤ ᠲᠠᠮᠡᠴᠡᠭᠰᠡᠨ ᠴᠢᠬᠤᠯᠠ ᠶᠡᠭᠡ ᠤᠯᠤᠰ ᠲᠦᠷᠦ ᠶᠢᠨ ᠦᠷ᠎ᠡ ᠪᠦᠳᠤᠭᠡᠯ ᠪᠣᠯᠣᠨ᠎ᠠ᠂ ᠠᠷᠠᠳ ᠤᠨ ᠤᠯᠤᠰ ᠲᠦᠷᠦ  ᠶᠢᠨ ᠵᠦᠪᠯᠡᠯᠭᠡᠨ ᠨᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠭᠰᠠᠨ ᠤᠯᠤᠰ ᠲᠦᠷᠦ ᠶᠢᠨ ᠵᠤᠬᠢᠶᠠᠨ ᠪᠠᠶᠢᠭᠤᠯᠤᠯᠳᠠ ᠪᠠ ᠠᠷᠠᠳᠴᠢᠯᠠᠯ ᠤᠨ ᠭᠡᠯᠪᠡᠷᠢ ᠪᠤᠯᠤᠭᠰᠠᠨ ᠤ ᠬᠤᠪᠢ ᠳᠤ᠂ ᠤᠯᠤᠰ ᠲᠦᠷᠦ ᠶᠢᠨ ᠵᠦᠪᠯᠡᠯᠭᠡᠨ ᠤ ᠦᠢᠯᠡᠰ ᠪᠤᠯᠤᠨ ᠵᠦᠪᠯᠡᠬᠦ ᠠᠷᠠᠳᠴᠢᠯᠠᠯ ᠤᠨ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠶᠢ ᠠᠬᠢᠭᠤᠯᠬᠤ ᠡᠬᠦᠷᠭᠡ ᠬᠠᠷᠢᠭᠤᠴᠠᠯᠭ᠎ᠠ ᠲᠠᠢ ᠪᠠᠶᠢᠵᠤ᠂ ᠡᠨᠡ ᠬᠦ ᠴᠢᠬᠤᠯᠠ ᠶᠡᠭᠡ ᠤᠯᠤᠰ ᠲᠦᠷᠦ ᠶᠢᠨ ᠦᠷ᠎ᠡ ᠪᠦᠲᠦᠭᠡᠯ ᠢ ᠪᠠᠬᠢᠵᠢᠬᠦᠯᠤᠨ ᠬᠦᠭᠵᠢᠬᠦᠯᠬᠦ ᠭᠡᠷᠡᠭᠳᠡᠢ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ᠂ ᠨᠠᠮ ᠤᠨ ᠪᠠᠶᠢᠭᠤᠯᠤᠯᠳᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠵᠤᠬᠢᠶᠠᠨ ᠪᠠᠶᠢᠭᠤᠯᠤᠯᠲᠠ ᠶᠢᠨ ᠡᠯ᠎ᠡ ᠵᠦᠢᠯ ᠤᠨ ᠴᠣᠭᠴᠠᠯᠠᠯᠲᠠ ᠶᠢ ᠦᠨᠡᠨ ᠬᠦ ᠴᠢᠩᠭᠠᠳᠬᠠᠨ᠂ ᠨᠡᠶᠢᠭᠡᠮ ᠤᠨ ᠪᠦᠯᠬᠦᠮᠳᠡᠯ ᠤᠨ ᠵᠢᠮ᠎ᠡ ᠶᠤᠰᠤ ᠪᠤᠯᠤᠨ ᠬᠠᠮᠳᠤ ᠶᠢᠨ ᠲᠠᠨᠢᠯᠳᠠ ᠶᠢ ᠨᠢᠬᠳᠠᠷᠠᠭᠤᠯᠬᠤ ᠵᠢᠮ᠎ᠡ ᠶᠤᠰᠤ ᠶᠢ ᠴᠢᠷᠮᠠᠶᠢᠨ ᠡᠵᠡᠮᠳᠡᠵᠦ᠂ ᠨᠠᠮ ᠤᠨ ᠨᠢᠭᠡᠳᠦᠮᠡᠯ ᠹᠷᠣᠨᠲ ᠤᠨ ᠠᠵᠢᠯ ᠪᠣᠯᠣᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠷᠰᠢᠯᠭ᠎ᠠ ᠶᠢ ᠰᠢᠩᠭᠡᠭᠡᠨ ᠠᠪᠴᠤ᠂ ᠠᠵᠢᠯ ᠤᠨ ᠴᠢᠨᠠᠷ ᠴᠢᠨᠰᠠᠭ᠎ᠠ ᠪᠠ ᠲᠦᠪᠰᠢᠨ ᠢᠶᠠᠨ ᠴᠢᠨᠠᠭᠰᠢᠳᠠ ᠲᠠᠬᠡᠭᠰᠢᠯᠡᠬᠦᠯᠤᠨ᠂ ᠠᠷᠭ᠎ᠠ ᠤᠬᠠᠭᠠᠨ ᠭᠠᠷᠭᠠᠵᠤ ᠵᠠᠰᠠᠭ ᠲᠤ ᠲᠤᠰᠠᠯᠠᠬᠤ ᠦᠢᠯᠡᠳᠤᠯ ᠢᠶᠠᠨ ᠨᠡᠩ ᠰᠠᠶᠢᠨ ᠪᠠᠳᠠᠷᠠᠭᠤᠯᠤᠨ ᠬᠠᠮᠳᠤ ᠶᠢᠨ ᠲᠠᠨᠢᠯᠲᠠ ᠶᠢ ᠨᠡᠩ ᠰᠠᠶᠢᠨ ᠨᠢᠭᠲᠠᠷᠠᠭᠤᠯᠵᠤ᠂ ᠵᠦᠪᠯᠡᠬᠦ ᠠᠷᠠᠳᠴᠢᠯᠠᠯ ᠤᠨ ᠲᠦᠷᠢ ᠲᠦᠷᠬᠦ ᠶᠢ ᠦᠨᠡᠨ ᠬᠦ ᠬᠠᠮᠠᠭᠠᠯᠠᠬᠤ ᠭᠡᠷᠡᠭᠳᠡᠢ ᠭᠡᠵᠤ ᠵᠢᠭᠠᠵᠤ ᠭᠠᠷᠭᠠᠪᠠ᠃      ᠯᠢ ᠰᠢᠤ ᠯᠢᠩ᠂ ᠤᠯᠤᠰ ᠲᠦᠷᠦ ᠶᠢᠨ ᠵᠥᠪᠯᠡᠯᠭᠡᠨ ᠤ ᠭᠡᠰᠢᠬᠦᠨ ᠪᠣᠯ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠭᠤᠣᠯ ᠴᠣᠭᠴᠠ ᠮᠥᠨ᠃ ᠥᠷᠭᠡᠨ ᠣᠯᠠᠨ ᠤᠯᠤᠰ ᠲᠦᠷᠦ ᠶᠢᠨ ᠵᠦᠪᠯᠡᠯᠭᠡᠨ ᠤ ᠭᠡᠰᠢᠬᠦᠨ ᠡᠷᠭᠡᠪᠰᠢ ᠶᠡᠷᠦᠩᠭᠡᠢ ᠱᠦᠵᠢ ᠰᠢ ᠶᠢᠨ ᠫᠢᠡᠭ ᠤᠨ ᠬᠦᠨᠳᠤ ᠨᠠᠶᠢᠳᠠᠯᠭ᠎ᠠ ᠶᠢ ᠪᠠᠳᠤ ᠴᠡᠭᠡᠵᠢᠯᠡᠵᠤ᠂ ᠢᠮᠠᠭᠳᠠ ᠤᠯᠤᠰ ᠤᠷᠤᠨ ᠤ ᠪᠠᠨ ᠲᠦᠯᠦᠭᠡ ᠡᠬᠦᠷᠭᠡ ᠲᠤᠰᠢᠶᠠᠯ ᠢᠶᠠᠨ ᠬᠦᠢᠴᠡᠳᠭᠡᠵᠤ ᠠᠷᠠᠳ ᠲᠦᠮᠡᠨ ᠤ ᠲᠦᠯᠦᠭᠡ ᠬᠠᠷᠢᠭᠤᠴᠠᠯᠭ᠎ᠠ ᠪᠠᠨ ᠪᠠᠶᠡᠯᠡᠬᠦᠯᠬᠦ ᠰᠡᠳᠬᠢᠯᠭᠡ ᠶᠢ ᠡᠪᠤᠷᠯᠡᠨ᠂ ᠠᠵᠢᠯ ᠦᠢᠯᠡᠰ ᠢ ᠰᠡᠳᠬᠢᠯ ᠳᠡᠭᠡᠨ ᠲᠠᠯᠪᠢᠨ ᠵᠣᠷᠢᠭᠲᠠᠢ ᠪᠠᠷ ᠬᠠᠷᠢᠭᠤᠴᠠᠯᠭ᠎ᠠ ᠡᠬᠦᠷᠭᠡᠯᠡᠵᠤ᠂ ᠡᠬᠦᠷᠭᠡ ᠲᠤᠰᠢᠶᠠᠯ ᠢᠶᠠᠨ ᠬᠦᠢᠴᠡᠳᠭᠡᠬᠦ ᠢᠳᠡᠪᠬᠢᠵᠢᠯ ᠪᠠ ᠤᠬᠠᠮᠰᠠᠷᠳᠤ ᠴᠢᠨᠠᠷ ᠢᠶᠠᠨ ᠨᠠᠩ ᠴᠢᠩᠭᠠᠳᠬᠠᠨ᠂ ᠡᠯ᠎ᠡ ᠲᠠᠯ᠎ᠠ ᠶᠢᠨ ᠮᠡᠳᠡᠯᠭᠡ ᠶᠢ ᠥᠷᠭᠡᠨ ᠲᠠᠯᠭᠡᠷ ᠰᠤᠷᠤᠯᠴᠠᠨ᠂ ᠦᠵᠡᠯ ᠰᠠᠨᠠᠭᠠᠨ ᠤ ᠲᠦᠪᠰᠢᠨ ᠢᠶᠠᠨ ᠲᠠᠰᠤᠷᠠᠯᠲᠠ ᠦᠭᠡᠢ ᠲᠡᠭᠡᠭᠰᠢᠯᠡᠬᠦᠯᠵᠤ᠂ ᠤᠯᠤᠰ ᠲᠦᠷᠦ ᠶᠢᠨ ᠡᠵᠡᠮᠳᠡᠬᠦ ᠴᠢᠳᠠᠪᠤᠷᠢ᠂ ᠪᠠᠶᠢᠴᠠᠭᠠᠨ ᠰᠤᠳᠤᠯᠬᠤ ᠴᠢᠳᠠᠪᠤᠷᠢ᠂ ᠤᠯᠠᠨ ᠲᠦᠮᠡᠨ ᠲᠠᠢ ᠬᠠᠷᠢᠯᠴᠠᠬᠤ ᠴᠢᠳᠠᠪᠤᠷᠢ᠂ ᠬᠠᠮᠳᠤᠷᠠᠨ ᠠᠵᠢᠯᠯᠠᠬᠤ ᠴᠢᠳᠠᠪᠤᠷᠢ ᠪᠠᠨ ᠨᠡᠮᠡᠭᠳᠡᠬᠦᠯᠤᠨ᠂ ᠲᠤᠰᠬᠠᠢ ᠮᠡᠷᠭᠡᠵᠢᠯ ᠤᠨ ᠵᠤᠷᠢᠭ ᠰᠠᠨᠠᠭ᠎ᠠ ᠪᠠ ᠴᠢᠩᠭ᠎ᠠ ᠪᠤᠳᠠᠳᠠᠢ ᠤᠪᠤᠷ ᠰᠤᠷᠲᠠᠯ ᠢ ᠪᠠᠳᠠᠷᠠᠭᠤᠯᠵᠤ᠂ ᠲᠤᠬᠠᠢᠢᠯᠠᠭᠰᠠᠨ ᠠᠵᠢᠯ ᠲᠤᠮᠳᠠᠬᠢ ᠲᠠᠭᠠᠭᠤᠯᠬᠤ ᠦᠢᠯᠡᠳᠤᠯ᠂ ᠤᠯᠤᠰ ᠲᠦᠷᠦ ᠶᠢᠨ ᠵᠦᠪᠯᠡᠯᠭᠡᠨ ᠤ ᠠᠵᠢᠯ ᠲᠤᠮᠳᠠᠬᠢ ᠭᠤᠤᠯ ᠴᠣᠭᠴᠠ ᠶᠢᠨ ᠦᠢᠯᠡᠳᠤᠯ ᠪᠤᠯᠤᠨ ᠡᠳᠡᠭᠡᠳ ᠢᠯᠭᠠᠯ ᠤᠨ ᠤᠯᠠᠨ ᠲᠦᠮᠡᠨ ᠤ ᠲᠤᠮᠳᠠᠬᠢ ᠲᠦᠯᠦᠭᠡᠯᠡᠭᠴᠢ ᠶᠢᠨ ᠦᠢᠯᠡᠳᠤᠯ ᠢᠶᠠᠨ ᠨᠠᠩ ᠰᠠᠶᠢᠳᠤᠷ ᠪᠠᠳᠠᠷᠠᠭᠤᠯᠬᠤ ᠭᠡᠷᠡᠭᠳᠡᠢ᠃ ᠦᠨᠳᠤᠰᠤᠨ ᠬᠠᠤᠯᠢ ᠬᠠᠤᠯᠢ ᠴᠠᠭᠠᠵᠠ ᠪᠠ ᠤᠯᠤᠰ ᠲᠦᠷᠦ ᠶᠢᠨ ᠵᠦᠪᠯᠡᠯᠭᠡᠨ ᠤ ᠲᠦᠷᠢᠮ ᠢ ᠤᠬᠠᠮᠰᠠᠷ ᠠᠴᠠ ᠪᠠᠨ ᠵᠢᠷᠤᠮᠯᠠᠨ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠣᠢ ᠪᠣᠯᠭᠠᠨ ᠦᠢᠯᠡᠳᠦᠯᠭᠡᠵᠢᠭᠦᠯᠵᠦ᠂ ᠶᠤᠰᠤ ᠰᠤᠷᠳᠠᠬᠤᠨ ᠵᠠᠩ ᠰᠤᠷᠳᠠᠯ ᠢᠶᠠᠨ ᠲᠠᠪᠳᠠᠨ ᠪᠤᠯᠪᠠᠰᠤᠷᠠᠭᠤᠯᠵᠤ᠂ ᠠᠷᠢᠭᠤᠨ ᠴᠢᠭᠴᠢ ᠪᠠᠶᠢᠵᠤ ᠪᠡᠶ᠎ᠡ ᠪᠠᠨ ᠴᠢᠩᠭ᠎ᠠ ᠱᠠᠭᠠᠷᠳᠠᠨ᠂ ᠵᠢᠱᠢᠶᠠᠴᠢ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠬᠦᠨ ᠤ ᠥᠩᠭᠡ ᠭᠠᠯᠪᠢᠷ ᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠬᠠᠮᠢᠶ᠎ᠠ ᠪᠦᠬᠦᠢ ᠲᠠᠯ᠎ᠠ ᠶᠢᠨ ᠬᠠᠷᠢᠭᠤᠴᠠᠯᠭᠠᠳᠠᠨ ᠨᠦᠬᠦᠳ ᠤᠷᠢᠯᠭ᠎ᠠ ᠪᠠᠷ ᠬᠤᠷᠠᠯ ᠳᠤ ᠤᠷᠤᠯᠴᠠᠵᠠᠢ᠃      ᠶᠡᠭᠡ ᠬᠤᠷᠠᠯ ᠰᠦᠷ ᠵᠢᠪᠬᠤᠯᠠᠩᠳᠤ ᠤᠯᠤᠰ ᠤᠨ ᠰᠦᠯᠳᠠ ᠲᠠᠭᠤᠤ ᠶᠢᠨ ᠲᠤᠮᠳᠠ ᠲᠡᠬᠦᠰᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ