ᠦᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ 47 ᠳ᠋ᠤᠭᠠᠷ ᠤᠳᠠᠭ᠎ᠠ ᠶᠢᠨ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠪᠠ  ᠵᠠᠩ ᠱᠤᠤ ᠴᠦᠨ  ᠡᠸᠤ ᠶᠠᠩ ᠰᠢᠶᠤᠤ ᠬᠤᠢ ᠣᠷᠣᠯᠴᠠᠵᠠᠢ
ᠨᠡᠶᠢᠲᠡᠯᠡᠭᠰᠡᠨ ᠴᠠᠭ᠄
2021/2/1

     1 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ 47 ᠳ᠋ᠤᠭᠠᠷ ᠤᠳᠠᠭ᠎ᠠ ᠶᠢᠨ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠧᠯᠸᠢᠰ ᠤᠲᠠᠰᠤ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠠᠵᠢᠯᠯᠠᠬᠤ ᠳᠤᠭᠤᠶᠢᠯᠠᠩ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠳᠤᠯᠤᠨ ᠪᠠᠶᠢᠷᠢᠯᠠᠭᠤᠯᠪᠠ᠃
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠵᠠᠩ ᠱᠣᠤ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ︔ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠡᠸᠤ ᠶᠠᠩ ᠰᠢᠶᠤᠤ ᠬᠤᠶ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠶ᠃
     ᠬᠤᠷᠠᠯ ᠠᠴᠠ᠂ ᠡᠯ᠎ᠡ ᠭᠠᠵᠠᠷ ᠤᠷᠤᠨ᠂ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ᠂ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠦᠨᠳᠦ ᠨᠣᠴᠢᠲᠠᠢ ᠪᠠᠶᠢᠳᠠᠯ ᠢ ᠭᠦᠨᠵᠡᠭᠡᠢ ᠲᠠᠨᠢᠵᠤ᠂ ᠳᠤᠲᠠᠭᠤᠳᠠᠯ ᠪᠠᠭᠤᠷᠠᠢ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠦᠨᠳᠦᠰᠦᠯᠡᠨ᠂ ᠵᠢᠯᠣᠭᠤᠳᠬᠤ ᠰᠢᠰᠲ᠋ᠧᠮ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ ᠢ ᠤᠯᠠᠮ ᠴᠢᠨᠠᠭᠰᠢᠳᠠ ᠪᠦᠷᠢᠨᠰᠢᠬᠦᠯᠦᠨ ᠲᠡᠭᠦᠯᠳᠡᠷᠵᠢᠭᠦᠯᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠱᠠᠯᠠᠪᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠠᠷᠠᠳ ᠣᠯᠠᠨ ᠤ ᠲᠤᠬᠠᠶ ᠶᠢᠨ ᠭᠠᠵᠠᠷ ᠲᠠᠭᠠᠨ ᠰᠢᠨᠡᠯᠡᠬᠦ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠢᠨᠠᠨ ᠬᠡᠮᠵᠢᠯᠲᠡ ᠪᠣᠯᠤᠨ ᠪᠠᠷᠠᠭᠠᠨ ᠤ ᠦᠨ᠎ᠡ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠠᠮᠢᠳᠤᠷᠠᠯ ᠤᠨ ᠡᠳ᠋ ᠪᠣᠳᠠᠰ᠂ ᠬᠢᠵᠢᠭ ᠢ ᠰᠡᠷᠭᠡᠶᠢᠯᠡᠬᠦ ᠡᠳ᠋ ᠪᠣᠳᠠᠰ ᠪᠣᠯᠤᠨ ᠡᠨᠧᠷᠭᠢ ᠵᠡᠷᠭᠡ ᠶᠢᠨ ᠬᠠᠩᠭᠠᠯᠭ᠎ᠠ ᠭᠦᠢᠴᠡᠳ ᠪᠠᠶᠢᠬᠤ ᠶᠢ ᠦᠨᠡᠨ ᠬᠦ ᠪᠠᠲᠤᠯᠠᠵᠤ᠂ ᠠᠷᠠᠳ ᠣᠯᠠᠨ ᠤ ᠠᠮᠤᠷ ᠲᠦᠪᠰᠢᠨ ᠢᠶᠠᠷ ᠭᠠᠳᠠᠭᠰᠢ ᠭᠠᠷᠬᠤ ᠪᠠ ᠴᠢᠬᠤᠯᠠ ᠡᠳ᠋ ᠪᠣᠳᠠᠰ ᠤᠨ ᠲᠡᠭᠡᠭᠡᠪᠦᠷᠢ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃ ᠴᠠᠭᠠᠨ ᠰᠠᠷ᠎ᠠ ᠶᠢᠨ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠵᠣᠬᠢᠶᠠᠨ ᠪᠠᠶᠢᠭᠤᠯᠵᠤ᠂ ᠠᠷᠠᠳ ᠤᠯᠠᠨ ᠤ ᠬᠡᠷᠡᠭᠴᠡᠭᠡ ᠶᠢ ᠬᠠᠩᠭᠠᠵᠤ᠂ ᠨᠤᠲᠤᠭ ᠲᠠᠭᠠᠨ ᠪᠤᠴᠠᠵᠤ ᠰᠢᠨᠡᠯᠡᠬᠦ ᠦᠭᠡᠢ ᠬᠥᠮᠦᠰ ᠵᠢᠴᠢ ᠭᠡᠷ ᠲᠡᠭᠡᠨ ᠬᠤᠴᠣᠷᠤᠭᠰᠠᠨ ᠦᠷ᠎ᠡ ᠬᠡᠦᠬᠡᠳ᠂ ᠨᠠᠰᠤᠲᠠᠶᠢᠴᠤᠳ ᠵᠡᠷᠭᠡ ᠬᠥᠮᠦᠰ ᠲᠤ ᠬᠥᠮᠦᠯᠢᠭ ᠬᠠᠯᠠᠮᠵᠢᠯᠠᠯ ᠦᠵᠡᠭᠦᠯᠬᠦ ᠪᠠᠨ ᠴᠢᠩᠭᠠᠳᠬᠠᠵᠤ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠬᠡᠵᠤ ᠴᠢᠬᠤᠯᠠᠴᠢᠯᠠᠪᠠ᠃

ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ