ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠦᠬᠦ ᠤᠷᠤᠨ ᠤ ᠠᠶᠢᠮᠠᠬ ᠬᠤᠳᠠ ᠬᠤᠰᠢᠭᠤ ᠰᠢᠶᠠᠨ ︵ᠬᠤᠳᠠ᠂ ᠲᠤᠭᠤᠷᠢᠭ︶ ᠰᠤᠮᠤ ᠰᠢᠶᠠᠩ ᠪᠠᠯᠭᠠᠰᠤ ᠶᠢᠨ ᠤᠳᠤᠷᠢᠳᠬᠤ ᠪᠠᠭ ᠤᠨ ᠬᠤᠭᠤᠴᠠᠭ᠎ᠠ ᠰᠤᠯᠢᠬᠤ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/2/10
     2 ᠰᠠᠷ᠎ᠠ ᠶᠢᠨ 8 ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠦᠬᠦ ᠤᠷᠤᠨ ᠤ ᠠᠶᠢᠮᠠᠬ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶᠂ ᠰᠤᠮᠤ ᠰᠢᠶᠠᠩ ᠪᠠᠯᠭᠠᠰᠤ ᠶᠢᠨ ᠤᠳᠤᠷᠢᠳᠬᠤ ᠪᠠᠭ ᠤᠨ ᠬᠤᠭᠤᠴᠠᠭ᠎ᠠ ᠰᠤᠯᠢᠬᠤ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠭᠤᠯᠵᠦ᠂ ᠪᠦᠬᠦ ᠤᠷᠤᠨ ᠤ ᠬᠤᠳᠠ ᠰᠢᠶᠠᠨ ᠰᠢᠶᠠᠩ ᠤᠨ ᠤᠳᠤᠷᠢᠳᠬᠤ ᠪᠠᠭ ᠤᠨ ᠬᠤᠭᠤᠴᠠᠭ᠎ᠠ ᠰᠤᠯᠢᠬᠤ ᠠᠵᠢᠯ ᠳᠤ ᠲᠠᠶᠢᠴᠢᠯᠠᠯᠳᠠ ᠪᠠᠶᠢᠷᠢᠯᠠᠭᠤᠯᠤᠯᠳᠠ ᠬᠢᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ ᠤᠷᠤᠯᠴᠠᠨ ᠶᠠᠷᠢᠶ᠎ᠠ ᠲᠠᠯᠪᠢᠬᠤ ᠳᠠᠭᠠᠨ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠠ ᠨᠠᠮ ᠤᠨ ᠲᠦᠪ ᠬᠤᠷᠢᠶᠠᠨ ᠤ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠦᠵᠡᠯᠳᠠ ᠲᠠᠨᠢᠯᠳᠠ ᠪᠠᠨ ᠨᠢᠭᠡᠳᠭᠡᠨ᠂ ᠡᠬᠦᠷᠭᠡ ᠱᠠᠭᠠᠷᠳᠠᠯᠭ᠎ᠠ ᠶᠢ ᠳᠤᠳᠤᠷᠬᠠᠢᠢᠯᠠᠵᠦ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠨ᠂ ᠬᠤᠭᠤᠴᠠᠭ᠎ᠠ ᠰᠤᠯᠢᠬᠤ ᠠᠵᠢᠯ ᠢᠯᠭᠤᠮ ᠤᠷᠤᠬᠰᠢᠳᠠᠢ ᠶᠠᠪᠤᠬᠳᠠᠵᠦ᠂ ᠲᠡᠬᠦᠰ ᠠᠮᠵᠢᠯᠳᠠᠳᠠᠢ ᠪᠤᠯᠬᠤ ᠶᠢ ᠪᠠᠳᠤᠯᠠᠵᠦ᠂ ᠰᠢᠨ᠎ᠠ ᠲᠡᠦᠭᠡᠨ ᠭᠠᠷᠤᠭ᠎ᠠ ᠠᠴᠠ ᠤᠳᠤᠬᠢᠴᠢᠯᠠᠬᠰᠠᠨ ᠥᠪᠦᠷ ᠮᠤᠩᠭᠤᠯ ᠤᠨ ᠪᠦᠳᠦᠭᠡᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠬᠤ ᠳᠤ ᠪᠠᠳᠤ ᠴᠢᠩᠭ᠎ᠠ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠬᠠᠩᠭᠠᠬᠤ ᠭᠡᠷᠡᠭᠲᠡᠢ ᠭᠡᠵᠦ ᠴᠢᠬᠤᠯᠠᠴᠢᠯᠠᠪᠠ᠃
     2 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠳᠤ ᠪᠦᠬᠦ ᠤᠷᠤᠨ ᠤ ᠠᠶᠢᠮᠠᠬ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶᠂ ᠰᠤᠮᠤ ᠰᠢᠶᠠᠩ ᠪᠠᠯᠭᠠᠰᠤ ᠶᠢᠨ ᠤᠳᠤᠷᠢᠳᠬᠤ ᠪᠠᠭ ᠤᠨ ᠬᠤᠭᠤᠴᠠᠭ᠎ᠠ ᠰᠤᠯᠢᠬᠤ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠭᠤᠯᠪᠠ᠃ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠯᠢ ᠰᠢᠦ ᠯᠢᠩ᠂ ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠯᠢᠨ ᠱᠤᠤ ᠴᠦᠨ᠂ ᠯᠢᠦ ᠴᠢ ᠹᠠᠨ᠂ ᠪᠠᠢ ᠢᠤᠢ ᠭᠠᠩ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠨᠠᠰᠤᠨᠮᠦ᠋ᠩᠭᠡ ᠬᠤᠷᠠᠯ ᠳᠤ ᠤᠷᠤᠯᠴᠠᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠵᠤᠬᠢᠶᠠᠨ ᠪᠠᠶᠢᠭᠤᠯᠬᠤ ᠭᠡᠯᠳᠡᠰ ᠤᠨ ᠳᠠᠷᠤᠭ᠎ᠠ ᠶᠠᠩ ᠸᠧᠢ ᠳ᠋ᠦᠩ ᠬᠤᠷᠠᠯ ᠢ ᠡᠷᠬᠢᠯᠡᠵᠡᠢ᠃
     2 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠪᠦᠬᠦ ᠤᠷᠤᠨ ᠤ ᠠᠶᠢᠮᠠᠬ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶᠂ ᠰᠤᠮᠤ ᠰᠢᠶᠠᠩ ᠪᠠᠯᠭᠠᠰᠤ ᠶᠢᠨ ᠤᠳᠤᠷᠢᠳᠬᠤ ᠪᠠᠭ ᠤᠨ ᠬᠤᠭᠤᠴᠠᠭ᠎ᠠ ᠰᠤᠯᠢᠬᠤ ᠠᠵᠢᠯ ᠤᠨ ᠲᠧᠯᠸᠢᠰ ᠤᠳᠠᠰᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠱᠢ ᠲᠠᠢ ᠹᠧᠩ᠂ ᠤᠷᠤᠨ ᠨᠤᠳᠤᠭ ᠤᠨ ᠡᠯ᠎ᠠ ᠱᠠᠳᠤᠨ ᠤ ᠤᠳᠤᠷᠢᠳᠬᠤ ᠪᠠᠭ ᠤᠨ ᠬᠤᠭᠤᠴᠠᠭ᠎ᠠ ᠰᠤᠯᠢᠬᠤ ᠠᠵᠢᠯ ᠪᠤᠯ ᠨᠠᠮ ᠪᠤᠯᠤᠨ ᠤᠯᠤᠰ ᠤᠨ ᠤᠯᠤᠰ ᠲᠦᠷᠦ ᠶᠢᠨ ᠠᠮᠢᠳᠤᠷᠠᠯ ᠳᠤᠮᠳᠠᠬᠢ ᠶᠡᠭᠡ ᠶᠠᠪᠤᠳᠠᠯ ᠮᠦᠨ᠃ ᠪᠦᠬᠦ ᠤᠷᠤᠨ ᠤ ᠡᠯ᠎ᠠ ᠱᠠᠳᠤᠨ ᠤ ᠨᠠᠮ ᠤᠨ ᠬᠤᠷᠢᠶ᠎ᠠ ᠤᠯᠤᠰ ᠲᠦᠷᠦ ᠪᠠ ᠪᠦᠬᠦ ᠲᠠᠯ᠎ᠠ ᠶᠢᠨ ᠦᠨᠳᠦᠷᠴᠡ ᠠᠴᠠ ᠲᠤᠰ ᠤᠳᠠᠭᠠᠨ ᠤ ᠬᠤᠭᠤᠴᠠᠭ᠎ᠠ ᠰᠤᠯᠢᠬᠤ ᠠᠵᠢᠯ ᠢ ᠰᠠᠶᠢᠳᠤᠷ ᠬᠢᠬᠦ ᠶᠢᠨ ᠴᠢᠬᠤᠯᠠ ᠶᠡᠭᠡ ᠠᠴᠢ ᠬᠤᠯᠪᠤᠭᠳᠠᠯ ᠢ ᠬᠦᠢᠴᠡᠳ ᠲᠠᠨᠢᠵᠦ᠂ ᠶᠡᠷᠦᠩᠭᠡᠢ ᠱᠦᠵᠢ ᠰᠢ ᠶᠢᠨ ᠫᠢᠩ ᠤᠨ ᠬᠤᠭᠤᠴᠠᠭ᠎ᠠ ᠰᠤᠯᠢᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠡᠵᠡᠮᠰᠢᠵᠦ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠦᠨᠡᠨ ᠬᠦ ᠨᠠᠮ ᠤᠨ ᠲᠦᠪ ᠬᠤᠷᠢᠶᠠᠨ ᠤ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠪᠠ ᠠᠵᠢᠯ ᠤᠨ ᠱᠠᠭᠠᠷᠳᠠᠯᠭ᠎ᠠ ᠳᠡᠭᠡᠷ᠎ᠠ ᠨᠢᠭᠡᠳᠭᠡᠨ᠂ ᠳᠡᠭᠡᠳᠦ ᠭᠡᠮᠵᠢᠶᠠᠨ ᠤ ᠤᠯᠤᠰ ᠲᠦᠷᠦ ᠶᠢᠨ ᠵᠤᠬᠰᠤᠴᠠ᠂ ᠬᠤᠷᠴᠠ ᠴᠢᠩᠭ᠎ᠠ ᠬᠠᠷᠢᠭᠤᠴᠠᠯᠭ᠎ᠠ ᠡᠬᠦᠷᠭᠡᠯᠡᠯ᠂ ᠴᠢᠩᠭ᠎ᠠ ᠲᠤᠲᠤᠷᠬᠠᠢ ᠰᠠᠬᠢᠯᠭ᠎ᠠ ᠪᠠᠳᠤ ᠶᠢᠨ ᠱᠠᠭᠠᠷᠳᠠᠯᠭ᠎ᠠ᠂ ᠯᠠᠪᠳᠠᠭᠤᠨ ᠪᠠᠳᠤᠳᠠᠢ ᠠᠵᠢᠯ ᠤᠨ ᠰᠤᠷᠳᠠᠯ ᠢᠶᠠᠷ ᠡᠯ᠎ᠠ ᠵᠦᠢᠯ ᠤᠨ ᠠᠵᠢᠯ ᠢ ᠰᠠᠶᠢᠳᠤᠷ ᠬᠢᠵᠦ᠂ ᠬᠤᠭᠤᠴᠠᠭ᠎ᠠ ᠰᠤᠯᠢᠬᠤ ᠠᠵᠢᠯ ᠡᠷᠡᠬᠦᠯ ᠲᠤᠭᠳᠠᠭᠤᠨ ᠡᠮᠬᠢ ᠴᠡᠭᠴᠡ ᠲᠠᠢ ᠶᠠᠪᠤᠬᠳᠠᠬᠤ ᠶᠢ ᠪᠠᠳᠤᠯᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃      ᠱᠢ ᠲᠠᠢ ᠹᠧᠩ᠂ ᠬᠤᠭᠤᠴᠠᠭ᠎ᠠ ᠰᠤᠯᠢᠬᠤ ᠠᠵᠢᠯ ᠤᠨ ᠶᠡᠷᠦᠩᠭᠡᠢ ᠱᠠᠭᠠᠷᠳᠠᠯᠭ᠎ᠠ ᠪᠠ ᠭᠤᠤᠯᠳᠠᠯᠭ᠎ᠠ ᠲᠠᠢ ᠡᠬᠦᠷᠭᠡ ᠶᠢ ᠤᠨᠤᠪᠴᠢᠳᠠᠢ ᠡᠵᠡᠮᠳᠡᠵᠦ᠂ ᠦᠨᠳᠦᠷ ᠪᠠᠷᠢᠮᠵᠢᠶ᠎ᠠ ᠴᠢᠨᠠᠷ ᠰᠠᠶᠢᠳᠠᠢ ᠪᠠᠷ ᠡᠯ᠎ᠠ ᠵᠦᠢᠯ ᠤᠨ ᠡᠬᠦᠷᠭᠡ ᠶᠢᠨ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠬᠤ ᠭᠡᠷᠡᠭᠲᠡᠢ᠃ ᠬᠦᠮᠦᠨ ᠭᠡᠷᠡᠭᠯᠡᠬᠦ ᠵᠦᠪ ᠤᠳᠤᠷᠢᠳᠤᠮᠵᠢ ᠶᠢ ᠪᠠᠳᠤ ᠪᠤᠢ ᠪᠤᠯᠭᠠᠵᠦ᠂ ᠰᠢᠯᠢᠳᠡᠭ ᠵᠠᠯᠠᠭᠤ ᠺᠠᠳ᠋ᠷ ᠢ ᠰᠤᠩᠭᠤᠨ ᠲᠡᠪᠰᠢᠬᠦᠯᠬᠦ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠺᠠᠳ᠋ᠷ ᠢ ᠰᠢᠯᠭᠠᠨ ᠪᠠᠶᠢᠴᠠᠭᠠᠬᠤ ᠠᠵᠢᠯ ᠢ ᠰᠠᠶᠢᠵᠢᠷᠠᠭᠤᠯᠤᠨ ᠳᠡᠬᠦᠯᠳᠡᠷᠵᠢᠬᠦᠯᠬᠦ ᠪᠠᠷ ᠬᠦᠴᠦᠯᠡᠵᠦ᠂ ᠦᠨᠡᠨ ᠬᠦ ᠦᠨᠡᠨᠴᠢ ᠰᠢᠳᠤᠷᠭᠤ ᠠᠷᠢᠭᠤᠨ ᠴᠢᠭᠡᠴᠢ ᠬᠠᠷᠢᠭᠤᠴᠠᠯᠭ᠎ᠠ ᠡᠬᠦᠷᠭᠡᠯᠡᠯ ᠲᠠᠢ ᠰᠢᠯᠢᠳᠡᠭ ᠺᠠᠳ᠋ᠷ ᠢ ᠰᠤᠩᠭᠤᠨ ᠭᠠᠷᠭᠠᠵᠦ᠂ ᠰᠠᠶᠢᠳᠤᠷ ᠭᠡᠷᠡᠭᠯᠡᠬᠦ ᠭᠡᠷᠡᠭᠲᠡᠢ᠃ ᠵᠠᠳᠠᠯᠵᠤ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠤᠳᠤᠷᠢᠳᠬᠤ ᠪᠠᠭ ᠤᠨ ᠲᠤᠬᠢᠷᠠᠭᠤᠯᠤᠯᠳᠠ ᠶᠢ ᠬᠦᠴᠤᠯᠠᠨ ᠰᠢᠯᠢᠳᠡᠭᠵᠢᠬᠦᠯᠵᠤ᠂ ᠨᠠᠮ ᠵᠠᠰᠠᠭ ᠤᠨ ᠵᠢᠩᠭᠢᠨᠢ ᠲᠤᠰᠢᠶᠠᠯ ᠳᠤ ᠰᠢᠯᠢᠳᠡᠭ ᠢ ᠰᠤᠩᠭᠤᠨ ᠬᠦᠴᠦᠷᠭᠡᠭ ᠢ ᠲᠤᠬᠢᠷᠠᠭᠤᠯᠵᠦ᠂ ᠤᠳᠤᠷᠢᠳᠬᠤ ᠪᠠᠭ ᠤᠨ ᠡᠬᠦᠷᠭᠡ ᠴᠢᠳᠠᠪᠬᠢ ᠶᠢ ᠴᠢᠩᠭᠠᠳᠬᠠᠵᠦ᠂ ᠡᠮᠡᠭᠳᠠᠢ ᠺᠠᠳ᠋ᠷ᠂ ᠴᠦᠭᠡᠨ ᠲᠤᠭᠠᠳᠤ ᠦᠨᠳᠤᠰᠤᠳᠡᠨ ᠤ ᠺᠠᠳ᠋ᠷ ᠪᠠ ᠨᠠᠮ ᠤᠨ ᠭᠠᠳᠠᠨᠠᠬᠢ ᠺᠠᠳ᠋ᠷ ᠢ ᠲᠤᠬᠢᠷᠠᠭᠤᠯᠬᠤ ᠶᠢ ᠨᠢᠭᠡᠳᠤᠯᠳᠠᠢ ᠲᠦᠯᠦᠪᠵᠢᠬᠦᠯᠤᠨ ᠰᠠᠶᠢᠳᠤᠷ ᠬᠢᠵᠤ᠂ ᠰᠢᠶᠠᠩ ᠪᠠᠯᠭᠠᠰᠤᠨ ᠤ ᠤᠳᠤᠷᠢᠳᠬᠤ ᠪᠠᠭ ᠢ ᠲᠤᠬᠢᠷᠠᠭᠤᠯᠤᠨ ᠬᠦᠴᠦᠷᠭᠡᠭᠵᠢᠬᠦᠯᠵᠤ᠂ ᠤᠨᠤᠴᠠᠳᠠᠢ ᠪᠦᠬᠡᠳ ᠰᠢᠨᠵᠢᠯᠡᠬᠦ ᠤᠬᠠᠭᠠᠨᠴᠢ ᠪᠠᠷ ᠰᠤᠩᠭᠤᠨ ᠲᠤᠬᠢᠷᠠᠭᠤᠯᠬᠤ ᠶᠢ ᠪᠠᠶᠠᠯᠡᠬᠦᠯᠬᠦ ᠭᠡᠷᠡᠭᠳᠠᠢ᠃ ᠲᠦᠯᠦᠭᠡᠯᠡᠭᠴᠢ᠂ ᠭᠡᠰᠢᠬᠦᠨ ᠢ ᠬᠢᠨᠡᠨ ᠬᠠᠷᠭᠤᠭᠤᠯᠵᠤ ᠪᠤᠭᠤᠮᠲᠠ ᠶᠢ ᠴᠢᠩᠭ᠎ᠠ ᠠᠳᠬᠤᠬᠤ ᠶᠢ ᠴᠢᠩᠭᠠᠳᠬᠠᠵᠤ᠂ ᠶᠡᠭᠡ ᠬᠤᠷᠠᠯ ᠤᠨ ᠰᠤᠩᠭᠤᠭᠤᠯᠢ ᠶᠢ ᠨᠠᠷᠢᠨ ᠨᠢᠮᠪᠠᠢ ᠰᠠᠶᠢᠳᠤᠷ ᠵᠤᠬᠢᠶᠠᠨ ᠪᠠᠶᠢᠭᠤᠯᠬᠤ ᠭᠡᠷᠡᠭᠳᠠᠢ᠃ ᠬᠤᠭᠤᠴᠠᠭ᠎ᠠ ᠰᠤᠯᠢᠬᠤ ᠰᠠᠬᠢᠯᠭ᠎ᠠ ᠪᠠᠳᠤ ᠶᠢ ᠦᠨᠡᠨ ᠬᠦ ᠴᠢᠩᠳᠠᠯᠠᠵᠤ᠂ ︽ᠠᠷᠪᠡᠨ ᠴᠢᠩᠭ᠎ᠠ ᠴᠠᠭᠠᠵᠠᠯᠠᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠠᠬᠢᠯᠭ᠎ᠠ ᠪᠠᠳᠤ ᠶᠢᠨ ᠬᠦᠮᠦᠵᠢᠯ ᠢ ᠬᠦᠨᠵᠡᠭᠡᠢ ᠦᠷᠨᠢᠬᠦᠯᠵᠤ᠂ ᠲᠠᠷᠦ᠋ᠢᠬᠠᠨ ᠲᠤᠰᠬᠠᠯ ᠭᠠᠷᠭᠠᠬᠤ ᠲᠤᠬᠳᠠᠴᠠ ᠶᠢ ᠪᠠᠶᠢᠭᠤᠯᠵᠤ᠂ ᠪᠦᠬᠦ ᠶᠠᠪᠤᠴᠠ ᠳᠤ ᠴᠢᠩᠭ᠎ᠠ ᠬᠢᠨᠠᠯᠳᠠ ᠲᠠᠯᠪᠢᠵᠤ᠂ ᠢᠯᠡ ᠲᠤᠳᠤ ᠠᠷᠢᠭᠤᠨ ᠴᠢᠭᠡᠴᠢ ᠰᠢᠨ᠎ᠡ ᠪᠠᠶᠢᠲᠠᠯ ᠲᠠᠢ ᠬᠤᠭᠤᠴᠠᠭ᠎ᠠ ᠰᠤᠯᠢᠬᠤ ᠬᠡᠪ ᠰᠤᠷᠳᠠᠯ ᠢ ᠪᠤᠢ ᠪᠤᠯᠭᠠᠵᠤ᠂ ᠬᠤᠭᠤᠴᠠᠭ᠎ᠠ ᠰᠤᠯᠢᠬᠤ ᠶᠠᠪᠤᠴᠠ ᠶᠢ ᠪᠦᠬᠦ ᠲᠠᠯ᠎ᠡ ᠪᠠᠷ ᠨᠠᠮ ᠢ ᠴᠢᠩᠭ᠎ᠠ ᠵᠠᠰᠠᠬᠤ ᠦᠷ᠎ᠡ ᠪᠦᠳᠦᠭᠡᠯ ᠢ ᠦᠷᠭᠡᠳᠭᠡᠬᠦ ᠶᠠᠪᠤᠴᠠ ᠪᠤᠯᠭᠠᠬᠤ ᠭᠡᠷᠡᠭᠳᠠᠢ ᠭᠡᠵᠤ ᠴᠢᠬᠤᠯᠠᠴᠢᠯᠠᠪᠠ᠃      ᠱᠢ ᠲᠠᠢ ᠹᠧᠩ᠂ ᠬᠤᠭᠤᠴᠠᠭ᠎ᠠ ᠰᠤᠯᠢᠬᠤ ᠠᠵᠢᠯ ᠪᠤᠯ ᠤᠯᠤᠰ ᠲᠦᠷᠦ ᠶᠢᠨ ᠴᠢᠨᠠᠷ ᠪᠠ ᠲᠦᠷᠦ ᠶᠢᠨ ᠪᠤᠳᠤᠯᠭ᠎ᠠ ᠶᠢᠨ ᠴᠢᠨᠠᠷ ᠴᠢᠩᠭ᠎ᠠ᠂ ᠬᠤᠯᠪᠤᠬᠳᠠᠬᠤ ᠲᠡᠰ ᠲᠠᠪᠬᠤᠷᠭ᠎ᠠ ᠤᠯᠠᠨ᠂ ᠨᠦᠯᠦᠭᠡᠯᠡᠬᠦ ᠬᠡᠪᠴᠢᠶ᠎ᠡ ᠦᠷᠭᠡᠨ᠂ ᠠᠵᠢᠯ ᠤᠨ ᠬᠡᠮᠵᠢᠶ᠎ᠡ ᠶᠡᠭᠡ ᠨᠢᠭᠡ ᠵᠦᠢᠯ ᠤᠨ ᠰᠢᠰᠲ᠋ᠧᠮᠲᠣ ᠢᠨᠵᠧᠨᠧᠷᠢᠩ ᠪᠤᠯᠤᠨ᠎ᠡ᠂ ᠡᠯ᠎ᠡ ᠱᠠᠳᠤᠨ ᠤ ᠨᠠᠮ ᠤᠨ ᠬᠤᠷᠢᠶ᠎ᠡ ᠵᠢᠴᠢ ᠲᠡᠬᠦᠨ ᠤ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠤᠨ ᠬᠢᠨ ᠵᠤᠬᠢᠶᠠᠨ ᠪᠠᠶᠢᠭᠤᠯᠵᠤ ᠤᠳᠤᠷᠢᠳᠬᠤ ᠪᠠ ᠠᠵᠢᠯ ᠤᠨ ᠵᠢᠯᠤᠭᠤᠳᠤᠯᠭ᠎ᠠ ᠪᠠᠨ ᠦᠨᠡᠨ ᠬᠦ ᠴᠢᠩᠭᠠᠳᠬᠠᠵᠤ᠂ ᠨᠠᠷᠢᠨ ᠨᠢᠬᠳᠠ ᠲᠤᠬᠢᠷᠠᠭᠤᠯᠤᠨ᠂ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠠᠵᠢᠯ ᠢᠶᠠᠨ ᠨᠢᠭᠡᠳᠤᠯᠳᠠᠢ ᠲᠦᠯᠦᠪᠵᠢᠬᠦᠯᠬᠦ ᠶᠢ ᠰᠠᠶᠢᠳᠤᠷ ᠬᠢᠵᠤ᠂ ᠦᠵᠡᠯ ᠰᠠᠨᠠᠭᠠᠨ ᠤ ᠠᠵᠢᠯ ᠢ ᠰᠠᠶᠢᠳᠤᠷ ᠬᠢᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠤ᠂ ᠡᠨᠡ ᠬᠦ ᠵᠦᠢᠯ ᠤᠨ ᠴᠢᠬᠤᠯᠠ ᠶᠡᠭᠡ ᠤᠯᠤᠰ ᠲᠦᠷᠦ ᠶᠢᠨ ᠡᠬᠦᠷᠭᠡ ᠶᠢ ᠡᠷᠡᠰ ᠬᠦᠴᠤᠳᠠᠢ ᠪᠠᠶᠠᠯᠡᠬᠦᠯᠬᠦ ᠭᠡᠷᠡᠭᠳᠠᠢ ᠭᠡᠵᠤ ᠴᠢᠬᠤᠯᠠᠴᠢᠯᠠᠪᠠ᠃
    2 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠩ ᠸᠧᠢ ᠳ᠋ᠦᠩ ᠬᠤᠷᠠᠯ ᠢ ᠡᠷᠬᠢᠯᠡᠪᠡ᠃      ᠶᠠᠩ ᠸᠧᠢ ᠳ᠋ᠦᠩ ᠬᠤᠷᠠᠯ ᠢ ᠡᠷᠬᠢᠯᠡᠬᠦ ᠳᠡᠭᠡᠨ᠂ ᠡᠯ᠎ᠡ ᠱᠠᠳᠤᠨ ᠤ ᠨᠠᠮ ᠤᠨ ᠬᠤᠷᠢᠶ᠎ᠡ ᠬᠤᠭᠤᠴᠠᠭ᠎ᠠ ᠰᠤᠯᠢᠬᠤ ᠠᠵᠢᠯ ᠤᠨ ᠲᠤᠬᠠᠢ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠰᠤᠳᠤᠯᠵᠤ᠂ ᠵᠤᠷᠢᠭ ᠰᠠᠨᠠᠭᠠᠨ ᠤ ᠮᠦᠨ ᠴᠢᠨᠠᠷ ᠢ ᠰᠠᠶᠢᠳᠤᠷ ᠤᠢᠢᠯᠠᠭᠠᠨ᠂ ᠲᠦᠷᠦ ᠶᠢᠨ ᠪᠤᠳᠤᠯᠭ᠎ᠠ ᠶᠢᠨ ᠲᠤᠬᠳᠠᠭᠠᠯ ᠢ ᠤᠨᠤᠴᠠᠳᠠᠢ ᠡᠵᠡᠮᠳᠡᠵᠤ᠂ ᠪᠤᠳᠠᠳᠠᠢ ᠲᠠᠢ ᠤᠶᠠᠯᠳᠤᠭᠤᠯᠤᠨ ᠠᠵᠢᠯ ᠤᠨ ᠲᠦᠰᠦᠯ᠂ ᠠᠵᠢᠯ ᠤᠨ ᠶᠠᠪᠤᠴᠠ ᠶᠢ ᠲᠡᠬᠦᠯᠳᠡᠷᠵᠢᠬᠦᠯᠵᠤ᠂ ᠬᠤᠭᠤᠴᠠᠭ᠎ᠠ ᠰᠤᠯᠢᠬᠤ ᠤᠳᠤᠷᠢᠳᠬᠤ ᠪᠠᠶᠢᠭᠤᠯᠤᠮᠵᠢ ᠶᠢ ᠱᠠᠯᠠᠪᠳᠠᠨ ᠵᠤᠬᠢᠶᠠᠨ ᠪᠠᠶᠢᠭᠤᠯᠵᠤ᠂ ᠺᠠᠳ᠋ᠷ ᠤᠨ ᠦᠵᠡᠯ ᠰᠠᠨᠠᠭᠠᠨ ᠤ ᠪᠠᠶᠢᠳᠠᠯ᠂ ᠬᠤᠭᠤᠴᠠᠭ᠎ᠠ ᠰᠤᠯᠢᠬᠤ ᠬᠡᠪ ᠰᠤᠷᠳᠠᠯ ᠵᠡᠷᠭᠡ ᠪᠠᠶᠢᠳᠠᠯ ᠢ ᠴᠠᠭ ᠲᠤᠬᠠᠢ ᠳᠤᠨᠢ ᠡᠵᠡᠮᠳᠡᠵᠤ᠂ ᠢᠯᠠᠩᠭᠤᠶ᠎ᠡ ᠠᠶᠤᠯ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ ᠶᠢ ᠠᠩᠬᠠᠷᠤᠨ ᠴᠢᠩᠭᠠᠳᠬᠠᠵᠤ᠂ ᠰᠤᠷᠳᠠᠯ ᠴᠢᠭᠡᠴᠢ ᠤᠪᠤᠷ ᠲᠦᠪ ᠬᠤᠭᠤᠴᠠᠭ᠎ᠠ ᠰᠤᠯᠢᠬᠤ ᠤᠷᠴᠢᠨ ᠢ ᠪᠤᠢ ᠪᠤᠯᠭᠠᠵᠤ᠂ ᠬᠤᠭᠤᠴᠠᠭ᠎ᠠ ᠰᠤᠯᠢᠬᠤ ᠠᠵᠢᠯ ᠤᠨ ᠡᠷᠡᠬᠦᠯ ᠲᠤᠬᠳᠠᠭᠤᠨ ᠡᠮᠬᠢ ᠴᠡᠭᠴᠡ ᠲᠠᠢ ᠶᠠᠪᠤᠬᠳᠠᠬᠤ ᠶᠢ ᠦᠨᠡᠨ ᠬᠦ ᠪᠠᠳᠤᠯᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃      ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠡ ᠬᠢᠨᠡᠨ ᠪᠠᠶᠢᠴᠠᠭᠠᠬᠤ ᠵᠦᠪᠯᠡᠯ᠂ ᠨᠠᠮ ᠤᠨ ᠬᠤᠷᠢᠶᠠᠨ ᠤ ᠠᠯᠪᠡᠨ ᠲᠢᠩᠭᠢᠮ᠂ ᠤᠬᠠᠭᠤᠯᠬᠤ ᠭᠡᠯᠳᠡᠰ᠂ ᠨᠢᠭᠡᠳᠤᠮᠠᠯ ᠹᠷᠤᠨᠲ ᠤᠨ ᠬᠡᠯᠳᠡᠰ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠡ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠵᠢᠯᠳᠠᠨ ᠤ ᠶᠠᠪᠤᠳᠠᠯ ᠲᠦᠯᠦᠭᠡᠯᠡᠭᠴᠢᠳ ᠤᠨ ᠰᠤᠩᠭᠤᠭᠤᠯᠢ ᠶᠢᠨ ᠠᠵᠢᠯ ᠤᠨ ᠵᠦᠪᠯᠡᠯ᠂ ᠤᠯᠤᠰ ᠲᠦᠷᠦ ᠶᠢᠨ ᠵᠦᠪᠯᠡᠯᠭᠡᠨ ᠤ ᠠᠯᠪᠡᠨ ᠲᠢᠩᠭᠢᠮ ᠤᠨ ᠬᠠᠷᠢᠭᠤᠴᠠᠯᠭᠠᠳᠠᠨ ᠨᠦᠬᠦᠳ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ ᠤᠨ ᠤᠳᠤᠷᠢᠳᠬᠤ ᠪᠠᠭ ᠤᠨ ᠪᠦᠷᠢᠯᠳᠦᠬᠦᠨ ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ