ᠱᠢ ᠲᠠᠢ ᠹᠧᠩ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠵᠠᠬ᠎ᠠ ᠳᠡᠯᠭᠡᠬᠦᠷ ᠤᠨ ᠬᠠᠩᠭᠠᠯᠭ᠎ᠠ ᠶᠢᠨ ᠠᠵᠢᠯ ᠢ ᠪᠠᠶᠢᠴᠠᠭᠠᠨ ᠰᠤᠳᠤᠯᠵᠦ ᠪᠠᠶᠢᠴᠠᠭᠠᠨ ᠦᠵᠡᠵᠦ ᠡᠮᠦᠨ᠎ᠡ ᠹᠷᠤᠨᠲ ᠲᠤ ᠵᠢᠵᠢᠬᠦᠷᠯᠡᠵᠦ ᠪᠠᠶᠢᠭ᠎ᠠ ᠬᠦᠮᠦᠰ ᠢ ᠡᠷᠬᠢᠨ ᠦᠵᠡᠵᠦ ᠲᠤᠬᠤᠨᠢᠭᠤᠯᠪᠠ
ᠨᠡᠶᠢᠲᠡᠯᠡᠭᠰᠡᠨ ᠴᠠᠭ᠄
2021/2/13
     2 ᠰᠠᠷ᠎ᠠ ᠶᠢᠨ 11 ᠤ ᠡᠳᠦᠷ᠂ ᠪᠢᠯᠢᠭ ᠤᠨ ᠤᠯᠠᠷᠢᠯ ᠤᠨ ᠪᠢᠳᠡᠬᠦᠨ ᠳᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠦᠬᠡᠬᠤᠳᠠ ᠳᠤ ᠵᠠᠮ ᠬᠠᠷᠢᠯᠴᠠᠭᠠᠨ ᠤ ᠴᠠᠬᠳᠠᠭ᠎ᠠ ᠶᠢᠨ ᠵᠢᠵᠢᠬᠦᠷᠯᠡᠵᠦ ᠪᠠᠶᠢᠭ᠎ᠠ ᠬᠠᠷᠠᠭᠤᠯ ᠤᠨ ᠭᠠᠵᠠᠷ᠂ ᠤᠷᠴᠢᠨ ᠲᠤᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠦᠷᠳᠡᠭᠡ᠂ ᠬᠠᠮ ᠳᠡᠯᠭᠡᠬᠦᠷ᠂ ᠢᠯᠴᠢ ᠬᠠᠩᠭᠠᠬᠤ ᠺᠤᠮᠫᠠᠨᠢ᠂ ᠨᠢᠰᠭᠡᠯ ᠤᠨ ᠪᠠᠭᠤᠳᠠᠯ᠂ ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠢᠶᠠᠷ ᠬᠦᠨᠵᠡᠭᠡᠶᠢᠷᠡᠨ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠠᠬ᠎ᠠ ᠳᠡᠯᠭᠡᠬᠦᠷ ᠤᠨ ᠬᠠᠩᠭᠠᠯᠭ᠎ᠠ ᠵᠡᠷᠭᠡ ᠠᠵᠢᠯ ᠢ ᠪᠠᠶᠢᠴᠠᠭᠠᠨ ᠰᠤᠳᠤᠯᠵᠦ ᠪᠠᠶᠢᠴᠠᠭᠠᠨ ᠦᠵᠡᠵᠦ᠂ ᠠᠵᠢᠯ ᠤᠨ ᠪᠠᠶᠢᠷᠢ ᠪᠠᠨ ᠪᠠᠳᠤ ᠰᠠᠬᠢᠵᠦ ᠪᠠᠶᠢᠭ᠎ᠠ ᠠᠵᠢᠯᠳᠠᠳ ᠢ ᠡᠷᠬᠢᠨ ᠦᠵᠡᠵᠦ ᠲᠤᠬᠤᠨᠢᠭᠤᠯᠤᠨ᠂ ᠤᠯᠠᠨ ᠳᠤ ᠪᠠᠶᠠᠷ ᠤᠨ ᠡᠳᠦᠷ ᠤᠨ ᠮᠡᠨᠳᠤᠴᠢᠯᠡᠯ ᠬᠦᠷᠭᠡᠵᠦ᠂ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠳᠤ ᠰᠠᠷ᠎ᠠ ᠰᠢᠨ᠎ᠠ ᠶᠢᠨ ᠵᠦᠩᠨᠡᠯ ᠲᠡᠪᠰᠢᠬᠦᠯᠵᠡᠢ᠃      ᠤᠷᠤᠨ ᠤ ᠲᠦᠪ ᠤᠨ ᠵᠡᠭᠡᠯᠢ ᠭᠤᠳᠤᠮᠵᠢ ᠪᠠᠷ᠂ ᠦᠩᠭᠡᠳᠦ ᠳ᠋ᠧᠩ ᠡᠯᠬᠦᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠨ᠎ᠠ᠃ ᠱᠢ ᠲᠠᠢ ᠹᠧᠩ ᠴᠡᠯᠡᠭᠡᠷ ᠲᠠᠯ᠎ᠠ ᠶᠡᠭᠡ ᠵᠡᠭᠡᠯᠢ ᠶᠢᠨ ᠵᠠᠮ ᠬᠠᠷᠢᠯᠴᠠᠭᠠᠨ ᠤ ᠵᠢᠵᠢᠬᠦᠷᠯᠡᠬᠦ ᠭᠠᠵᠠᠷ ᠲᠤ ᠬᠦᠷᠴᠦ᠂ ᠵᠢᠵᠢᠬᠦᠷᠯᠡᠵᠦ ᠪᠠᠶᠢᠭ᠎ᠠ ᠵᠠᠮ ᠬᠠᠷᠢᠯᠴᠠᠭᠠᠨ ᠤ ᠴᠠᠭᠳᠠᠭ᠎ᠠ ᠶᠢ ᠲᠤᠳᠤᠨᠤ ᠪᠠᠷ ᠲᠤᠬᠤᠨᠢᠭᠤᠯᠪᠠ᠃ ᠲᠡᠷᠡ᠂ ᠵᠠᠮ ᠬᠠᠷᠢᠯᠴᠠᠭᠠᠨ ᠤ ᠴᠠᠭᠳᠠᠭ᠎ᠠ ᠶᠢᠨ ᠲᠤᠬᠠᠢᠢᠯᠠᠬᠰᠠᠨ ᠠᠵᠢᠯ ᠮᠠᠰᠢ ᠬᠠᠳᠠᠭᠤᠵᠢᠯᠳᠠᠢ ᠶᠤᠮ᠂ ᠲᠦᠭ ᠲᠦᠮᠡᠨ ᠠᠶᠢᠯ ᠡᠷᠦᠭᠡ ᠬᠠᠮᠳᠤ ᠪᠠᠷ ᠴᠤᠬᠯᠠᠷᠠᠵᠦ ᠪᠠᠶᠢᠬᠤ ᠦᠶ᠎ᠠ ᠳᠤ ᠲᠠ ᠨᠠᠷ ᠠᠵᠢᠯ ᠤᠨ ᠪᠠᠶᠢᠷᠢ ᠪᠠᠨ ᠪᠠᠳᠤ ᠰᠠᠬᠢᠵᠦ᠂ ᠬᠤᠳᠠ ᠶᠢᠨ ᠡᠮᠬᠢ ᠲᠢᠭᠯᠢᠮ ᠢ ᠬᠠᠮᠠᠭᠠᠯᠠᠨ᠂ ᠠᠷᠠᠳ ᠤᠯᠠᠨ ᠤ ᠠᠮᠤᠷ ᠲᠠᠶᠢᠪᠤᠩ ᠢ ᠰᠠᠬᠢᠨ ᠬᠠᠮᠠᠭᠠᠯᠠᠵᠦ ᠪᠠᠶᠢᠨ᠎ᠠ᠂ ᠪᠢ ᠲᠠᠨ ᠨᠠᠷ ᠲᠤ ᠪᠠᠶᠠᠷ ᠤᠨ ᠡᠳᠦᠷ ᠤᠨ ᠮᠡᠨᠳᠤᠴᠢᠯᠡᠯ ᠪᠠ ᠴᠠᠭᠠᠨ ᠰᠠᠷ᠎ᠠ ᠶᠢᠨ ᠵᠦᠩᠨᠡᠯ ᠲᠡᠪᠰᠢᠬᠦᠯᠵᠦ ᠪᠠᠶᠢᠨ᠎ᠠ ᠭᠡᠪᠡ᠃ ᠱᠢ ᠲᠠᠢ ᠹᠧᠩ ᠸᠠᠨ ᠵᠧᠩ ᠠᠮᠢᠳᠤᠷᠠᠯ ᠤᠨ ᠬᠤᠬ ᠨᠤᠪᠰᠢ ᠶᠢ ᠰᠢᠯᠵᠢᠬᠦᠯᠦᠨ ᠳᠡᠭᠡᠭᠡᠪᠦᠷᠢᠯᠡᠬᠦ ᠦᠷᠳᠡᠭᠡ ᠳᠤ ᠬᠦᠷᠴᠦ᠂ ᠰᠢᠷᠭᠠᠭᠤ ᠠᠵᠢᠯᠯᠠᠵᠦ ᠪᠠᠶᠢᠭ᠎ᠠ ᠤᠷᠴᠢᠨ ᠲᠤᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯᠴᠢᠳ ᠢ ᠡᠷᠬᠢᠨ ᠦᠵᠡᠵᠦ ᠲᠤᠬᠤᠨᠢᠭᠤᠯᠪᠠ᠃ ᠲᠡᠷᠡ᠂ ᠲᠠ ᠨᠠᠷ ᠪᠤᠯ ᠬᠤᠳᠠ ᠶᠢᠨ ︽ᠵᠢᠰᠦ ᠭᠤᠶᠤᠯᠠᠬᠴᠢ︾ ᠮᠦᠨ᠂ ᠡᠳᠦᠷ ᠪᠦᠷᠢ ᠦᠨᠡᠭᠡᠨ ᠬᠠᠷᠠᠩᠭᠤᠢ ᠪᠠᠷ ᠪᠤᠰᠴᠦ᠂ ᠬᠦᠢᠳᠡᠨ ᠬᠠᠯᠠᠭᠤᠨ ᠢ ᠬᠠᠶᠢᠬᠤᠷᠤᠯ ᠦᠭᠡᠢ ᠪᠠᠷ ᠰᠢᠷᠭᠠᠭᠤ ᠬᠦᠳᠡᠯᠮᠦᠷᠢ ᠪᠠ ᠵᠢᠳᠬᠦᠯ ᠴᠢᠷᠮᠠᠶᠢᠯᠭ᠎ᠠ ᠪᠠᠷ ᠢᠶᠠᠨ ᠬᠤᠳᠠ ᠶᠢᠨ ᠠᠷᠢᠭᠤᠨ ᠴᠡᠪᠡᠷ ᠢ ᠪᠠᠳᠤᠯᠠᠵᠦ ᠪᠠᠶᠢᠨ᠎ᠠ᠂ ᠲᠠ ᠨᠠᠷ ᠵᠦᠳᠡᠷᠡᠯ᠎ᠠ ᠭᠡᠪᠡ᠃ ᠲᠡᠷᠡ ᠬᠠᠶᠢᠷ᠎ᠠ ᠬᠠᠯᠠᠮᠵᠢ ᠶᠢᠨ ᠦᠷᠳᠡᠭᠡ ᠳᠤ ᠤᠷᠤᠵᠦ᠂ ᠤᠷᠴᠢᠨ ᠲᠤᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯᠴᠢᠨ ᠤ ᠠᠮᠠᠷᠠᠵᠦ ᠰᠠᠭᠤᠬᠤ ᠤᠷᠴᠢᠨ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠤᠬᠠᠭᠤᠯᠤᠨ ᠬᠦᠮᠦᠵᠢᠬᠦᠯᠬᠦ ᠡᠷᠴᠢᠮ ᠢᠶᠠᠨ ᠴᠢᠩᠭᠠᠷᠠᠭᠤᠯᠵᠦ᠂ ᠪᠦᠬᠦ ᠨᠡᠶᠢᠭᠡᠮ ᠢᠶᠠᠷ ᠢᠶᠠᠨ ᠤᠷᠴᠢᠨ ᠲᠤᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯᠴᠢᠨ ᠢ ᠬᠠᠶᠢᠷᠠᠯᠠᠨ ᠬᠠᠯᠠᠮᠵᠢᠯᠠᠬᠤ ᠪᠤᠯᠭᠠᠵᠦ᠂ ᠳᠡᠳᠡᠨ ᠤ ᠬᠦᠳᠡᠯᠮᠦᠷᠢ ᠶᠢᠨ ᠦᠷ᠎ᠠ ᠪᠦᠳᠦᠭᠡᠯ ᠢ ᠨᠢ ᠡᠷᠬᠢᠮᠨᠡᠨ ᠨᠠᠨᠳᠢᠩᠨᠠᠬᠤ ᠭᠡᠷᠡᠭᠲᠡᠢ ᠭᠡᠵᠦ ᠱᠠᠭᠠᠷᠳᠠᠪᠠ᠃      ᠱᠢ ᠲᠠᠢ ᠹᠧᠩ ᠪᠠᠶᠠᠷ ᠤᠨ ᠡᠳᠦᠷ ᠤᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ ᠪᠠᠶᠢᠪᠠ᠃ ᠲᠡᠷᠡ ᠮᠠᠰᠢᠨ ᠳᠡᠷᠭᠡᠨ ᠳᠤ ᠰᠠᠭᠤᠵᠦ ᠴᠠᠭᠠᠨ ᠰᠤᠪᠤᠷᠭ᠎ᠠ ᠨᠢᠰᠭᠡᠯ ᠤᠨ ᠪᠠᠭᠤᠳᠠᠯ ᠤᠨ ᠤᠯᠠᠨ ᠤᠯᠤᠰ ᠤᠨ ᠠᠶᠠᠯᠠᠯ ᠵᠢᠯᠤᠭᠤᠳᠬᠤ ᠠᠰᠠᠷ ᠲᠤ ᠬᠦᠷᠴᠦ᠂ ᠬᠢᠯᠢ ᠪᠠᠷ ᠤᠷᠤᠵᠦ ᠢᠷᠡᠭᠰᠡᠨ ᠵᠢᠰᠢᠶᠠᠨ ᠤ ᠨᠢᠰᠭᠡᠯ ᠢ ᠳᠠᠷᠬᠠᠭᠠᠨ ᠪᠠᠭᠤᠯᠭᠠᠵᠤ ᠪᠠᠳᠤᠯᠠᠬᠤ ᠠᠵᠢᠯ ᠢ ᠨᠠᠷᠢᠨ ᠬᠢᠨᠠᠮᠠᠭᠠᠢ ᠪᠠᠶᠢᠴᠠᠭᠠᠵᠦ᠂ ᠨᠡᠶᠢᠰᠯᠡᠯ ᠤᠨ ᠨᠢᠰᠭᠡᠯ ᠤᠨ ᠪᠠᠭᠤᠳᠠᠯ ᠤᠨ ᠲᠠᠷᠬᠠᠭᠠᠨ ᠪᠠᠭᠤᠯᠭᠠᠬᠰᠠᠨ ᠤᠯᠠᠨ ᠤᠯᠤᠰ ᠤᠨ ᠠᠶᠠᠨᠴᠢᠨ ᠤ ᠨᠢᠰᠬᠡᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠨᠠᠷᠢᠨ ᠤᠢᠢᠯᠠᠭᠠᠵᠠᠢ᠃ ᠲᠡᠷᠡ᠂ ᠨᠢᠳᠤᠨᠤᠨ ᠵᠢᠯ ᠪᠡᠭᠡᠵᠢᠩ ᠳᠤ ᠬᠦᠷᠬᠦ ᠤᠯᠠᠨ ᠤᠯᠤᠰ ᠤᠨ ᠠᠶᠠᠨᠴᠢᠨ ᠤ ᠨᠢᠰᠬᠡᠯ ᠢ ᠲᠠᠷᠬᠠᠭᠠᠨ ᠪᠠᠭᠤᠯᠭᠠᠬᠰᠠᠨ ᠠᠴᠠ ᠨᠠᠭᠠᠰᠢ᠂ ᠬᠦᠬᠡᠬᠤᠳᠠ ᠵᠢᠴᠢ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠬᠦᠴᠦ ᠪᠠᠨ ᠬᠠᠮᠳᠤᠳᠬᠠᠨ ᠬᠠᠳᠠᠭᠤ ᠲᠠᠶᠢᠯᠠᠯᠳᠤᠭᠠᠨ ᠬᠢᠵᠦ᠂ ᠬᠠᠳᠠᠭᠤ ᠰᠢᠯᠭᠠᠯᠳᠠ ᠶᠢ ᠳᠠᠭᠠᠭᠠᠵᠦ᠂ ᠬᠠᠯᠳᠠᠪᠤᠷᠢᠯᠠᠬᠳᠠᠭᠰᠠᠨ ᠡᠪᠡᠳᠴᠢᠨ ᠤ ᠵᠢᠱᠢᠶ᠎ᠠ ᠪᠠᠶᠢᠬᠤ ᠦᠭᠡᠢ᠂ ᠳᠠᠷᠬᠠᠭᠠᠭᠰᠠᠨ ᠡᠪᠡᠳᠴᠢᠨ ᠤ ᠵᠢᠱᠢᠶ᠎ᠠ ᠪᠠᠶᠢᠬᠤ ᠦᠭᠡᠢ ᠪᠠᠶᠢᠬᠤ ᠬᠠᠷᠠᠯᠳᠠ ᠶᠢ ᠪᠡᠶᠡᠯᠡᠬᠦᠯᠵᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠦᠷᠬᠦᠯᠵᠢᠯᠡᠨ ᠡᠬᠦᠷᠭᠡᠯᠡᠵᠦ᠂ ᠤᠬᠳᠦ ᠬᠠᠰᠢ ᠶᠠᠰᠢ ᠪᠠᠶᠢᠵᠦ ᠪᠤᠯᠬᠤ ᠦᠭᠡᠢ᠂ ᠤᠬᠳᠦ ᠤᠮᠳᠤᠭᠠᠢᠢᠯᠠᠵᠦ ᠪᠤᠯᠬᠤ ᠦᠭᠡᠢ᠂ ᠡᠯ᠎ᠠ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠨᠠᠷᠢᠯᠢᠭ ᠪᠤᠳᠠᠳᠠᠢ ᠬᠢᠵᠦ᠂ ᠠᠯᠳᠠᠰᠢ ᠭᠠᠷᠭᠠᠬᠤ ᠦᠭᠡᠢ ᠪᠠᠶᠢᠬᠤ ᠶᠢ ᠪᠠᠳᠤᠯᠠᠬᠤ ᠭᠡᠷᠡᠭᠲᠡᠢ ᠭᠡᠪᠡ᠃ ᠱᠢ ᠲᠠᠢ ᠹᠧᠩ ᠥᠪᠦᠷ ᠮᠤᠩᠭᠤᠯ ᠤᠨ ᠲᠦᠷᠪᠡᠳᠦᠭᠡᠷ ᠡᠮᠨᠡᠯᠭᠡ ᠶᠢᠨ ᠬᠤᠷᠢᠶᠠᠨ ᠤ ᠠᠯᠤᠰ ᠠᠴᠠ ᠤᠨᠤᠰᠢᠯᠠᠨ ᠡᠮᠴᠢᠯᠡᠬᠦ ᠲᠦᠪ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠤᠨᠲ ᠤᠨ ᠡᠮᠴᠢᠯᠡᠭᠡᠨ ᠤ ᠠᠵᠢᠯᠳᠠᠳ ᠲᠠᠢ ᠸᠢᠳᠢᠣ᠋ ᠪᠠᠷ ᠶᠠᠷᠢᠯᠴᠠᠬᠤ ᠳᠠᠭᠠᠨ᠂ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠦᠷᠭᠡᠨ ᠤᠯᠠᠨ ᠡᠮᠴᠢᠯᠡᠭᠡᠨ ᠤ ᠠᠵᠢᠯᠳᠠᠨ ᠬᠢᠵᠢᠭ ᠲᠠᠢ ᠲᠡᠮᠡᠴᠡᠬᠦ ᠡᠮᠦᠨ᠎ᠡ ᠹᠷᠤᠨᠲ ᠲᠤ ᠴᠦᠬᠦᠷᠡᠰᠢ ᠦᠭᠡᠢ ᠴᠢᠷᠮᠠᠶᠢᠨ ᠲᠡᠮᠡᠴᠡᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠠ ᠮᠠᠬᠠᠪᠤᠳ ᠤᠨ ᠡᠷᠡᠬᠦᠯ ᠮᠡᠨᠳᠦ ᠶᠢ ᠬᠠᠮᠠᠭᠠᠯᠠᠬᠤ ᠳᠤ ᠴᠢᠬᠤᠯᠠ ᠬᠤᠪᠢ ᠨᠡᠮᠡᠷᠢ ᠦᠵᠡᠬᠦᠯᠵᠦ᠂ ᠪᠤᠳᠠᠳᠤ ᠠᠵᠢᠯᠯᠠᠭ᠎ᠠ ᠪᠠᠷ ᠢᠶᠠᠨ ᠬᠢᠵᠢᠭ ᠲᠠᠢ ᠲᠡᠮᠡᠴᠡᠬᠦ ᠠᠭᠤᠤ ᠶᠡᠭᠡ ᠵᠤᠷᠢᠭ ᠰᠠᠨᠠᠭ᠎ᠠ ᠶᠢ ᠲᠠᠶᠢᠯᠪᠤᠷᠢᠯᠠᠵᠠᠢ᠂ ᠪᠢ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠤ ᠡᠮᠦᠨ᠎ᠠ ᠠᠴᠠ ᠲᠠ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠭᠡᠯ ᠲᠡᠪᠰᠢᠬᠦᠯᠵᠦ᠂ ᠲᠠ ᠨᠠᠷ ᠤᠨ ᠴᠠᠭᠠᠨ ᠰᠠᠷ᠎ᠠ ᠳᠠᠭᠠᠨ ᠪᠠᠶᠠᠷ ᠵᠢᠷᠭᠠᠯ ᠲᠠᠢ᠂ ᠪᠡᠶ᠎ᠠ ᠮᠠᠬᠠᠪᠤᠳ ᠡᠷᠡᠬᠦᠯ ᠴᠢᠬᠢᠷᠠᠬ᠂ ᠭᠡᠷ ᠬᠤᠳᠠᠯᠠᠭᠠᠷ ᠢᠶᠠᠨ ᠠᠵᠠ ᠵᠢᠷᠭᠠᠯ ᠲᠠᠢ ᠪᠠᠶᠢᠬᠤ ᠶᠢ ᠬᠦᠰᠡᠨ ᠵᠦᠩᠨᠡᠵᠦ ᠪᠠᠶᠢᠨ᠎ᠠ ᠭᠡᠪᠡ᠃ ᠦᠪᠡᠷᠲᠡᠭᠡᠨ ᠵᠠᠰᠠᠬᠤ ᠤᠷᠤᠨ ᠤ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠲᠤ᠂ ᠱᠢ ᠲᠠᠢ ᠹᠧᠩ ᠴᠠᠭᠠᠨ ᠰᠠᠷ᠎ᠠ ᠶᠢᠨ ᠬᠤᠭᠤᠴᠠᠭᠠᠨ ᠤ ᠪᠦᠬᠦ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠢᠷᠠᠭᠤᠯᠤᠯᠳᠠ ᠶᠢ ᠨᠠᠷᠢᠨ ᠤᠢᠢᠯᠠᠭᠠᠬᠤ ᠶᠢᠨ ᠬᠠᠮᠳᠦ ᠸᠢᠳᠢᠣ᠋ ᠪᠠᠷ ᠳᠠᠮᠵᠢᠭᠤᠯᠤᠨ ᠪᠤᠭᠤᠳᠤ ᠬᠤᠳᠠ᠂ ᠬᠦᠯᠦᠨ ᠪᠤᠶᠢᠷ ᠬᠤᠳᠠ᠂ ᠤᠯᠠᠭᠠᠨᠴᠠᠪ ᠬᠤᠳᠠ ᠶᠢᠨ ᠵᠢᠯᠤᠭᠤᠳᠬᠤ ᠭᠠᠵᠠᠷ ᠤᠨ ᠵᠢᠵᠢᠬᠦᠷᠯᠡᠵᠦ ᠪᠠᠶᠢᠬᠤ ᠪᠠᠶᠢᠳᠠᠯ ᠢ ᠰᠤᠭᠤᠴᠢᠨ ᠪᠠᠶᠢᠴᠠᠭᠠᠪᠠ᠃ ᠲᠡᠷᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠡᠯ᠎ᠠ ᠵᠦᠢᠯ ᠤᠨ ᠠᠵᠢᠯ ᠢ ᠨᠢᠭᠡᠳᠦᠯᠳᠠᠢ ᠲᠦᠯᠦᠪᠵᠢᠬᠦᠯᠦᠨ ᠰᠠᠶᠢᠳᠤᠷ ᠬᠢᠵᠦ᠂ ᠪᠠᠶᠢᠩᠭᠤᠵᠢᠬᠰᠠᠨ ᠰᠡᠷᠭᠡᠶᠢᠯᠡᠨ ᠡᠵᠡᠮᠳᠡᠬᠦ ᠠᠷᠭ᠎ᠠ ᠭᠡᠮᠵᠢᠶ᠎ᠠ ᠶᠢ ᠤᠨᠤᠴᠠᠳᠠᠢ ᠨᠠᠶᠢᠳᠠᠪᠤᠷᠢᠵᠢᠭᠤᠯᠤᠨ᠂ ᠲᠦᠬᠦᠮᠴᠢᠯᠡᠵᠦ ᠡᠭᠡᠭᠡ ᠠᠳᠠᠯᠢ ᠪᠠᠶᠢᠯᠭᠠᠵᠦ ᠪᠤᠯᠬᠤ ᠦᠭᠡᠢ᠃ ᠡᠯ᠎ᠠ ᠭᠠᠵᠠᠷ ᠤᠨ ᠬᠢᠨ ᠵᠢᠵᠢᠬᠦᠷᠯᠡᠬᠦ ᠠᠵᠢᠯ ᠢᠶᠠᠨ ᠨᠠᠷᠢᠨ ᠬᠢᠨᠠᠮᠠᠭᠠᠢ ᠰᠠᠶᠢᠳᠤᠷ ᠬᠢᠵᠦ᠂ ᠦᠨᠳᠦᠷ ᠪᠦᠳᠦᠮᠵᠢᠳᠠᠢ ᠠᠵᠢᠯᠯᠠᠭᠠᠨ ᠤ ᠪᠠᠶᠢᠳᠠᠯ ᠢᠶᠠᠨ ᠪᠠᠳᠤᠯᠠᠨ᠂ ᠺᠠᠳ᠋ᠷ ᠠᠵᠢᠯᠳᠠᠨ ᠠᠵᠢᠯᠴᠢᠨ ᠤ ᠰᠢᠷᠭᠠᠭᠤ ᠴᠢᠷᠮᠠᠶᠢᠯᠭ᠎ᠠ ᠪᠠᠷ ᠠᠷᠠᠳ ᠤᠯᠠᠨ ᠤ ᠠᠵᠠ ᠵᠢᠷᠭᠠᠯ ᠢ ᠦᠨᠡᠨ ᠬᠦ ᠪᠠᠳᠤᠯᠠᠬᠤ ᠭᠡᠷᠡᠭᠲᠡᠢ ᠭᠡᠵᠦ ᠴᠢᠬᠤᠯᠠᠴᠢᠯᠠᠪᠠ᠃      ᠱᠢ ᠲᠠᠢ ᠹᠧᠩ ᠪᠠᠰᠠ ᠱᠢ ᠴᠢᠤᠸᠠᠨ ᠱᠢ ᠮᠸᠢ ᠬᠠᠮ ᠳᠡᠯᠭᠡᠬᠦᠷ᠂ ᠴᠧᠩ ᠹᠠ ᠢᠯᠴᠢ ᠶᠢᠨ ᠬᠦᠴᠦᠨ ᠤ ᠴᠤᠷᠪᠠᠭ᠎ᠠ ᠬᠤᠪᠢᠶᠠᠷᠢ ᠺᠤᠮᠫᠠᠨᠢ ᠳᠤ ᠬᠦᠷᠴᠦ᠂ ᠪᠠᠶᠠᠷ ᠤᠨ ᠡᠳᠦᠷ ᠤᠨ ᠬᠤᠭᠤᠴᠠᠭᠠᠨ ᠤ ᠢᠳᠡᠭᠡᠨ ᠤ ᠬᠠᠩᠭᠠᠯᠭ᠎ᠠ᠂ ᠢᠯᠴᠢ ᠬᠠᠩᠭᠠᠬᠤ ᠪᠠᠳᠤᠯᠠᠭ᠎ᠠ ᠵᠡᠷᠭᠡ ᠪᠠᠶᠢᠳᠠᠯ ᠢ ᠬᠦᠨᠵᠡᠭᠡᠢ ᠤᠢᠢᠯᠠᠭᠠᠵᠠᠢ᠃ ᠮᠢᠬ᠎ᠠ ᠦᠨᠳᠡᠭᠡ ᠰᠦ ᠪᠠ ᠠᠮᠤ ᠲᠤᠰᠤ ᠵᠢᠮᠢᠰ ᠢᠳᠡᠰᠢᠨ ᠨᠤᠭᠤᠭᠠᠨ ᠤ ᠪᠠᠷᠠᠭᠠᠨ ᠤ ᠢᠷᠡᠯᠳᠠ ᠬᠦᠢᠴᠡᠳ ᠡᠰᠡᠬᠦ᠂ ᠦᠨ᠎ᠠ ᠬᠠᠩᠰᠢ ᠲᠤᠬᠳᠠᠪᠤᠷᠢᠳᠠᠢ ᠡᠰᠡᠬᠦ᠂ ᠤᠷᠤᠭᠤᠯᠤᠭᠰᠠᠨ ᠪᠠᠷᠠᠭ᠎ᠠ ᠳᠤ ᠴᠢᠩᠭ᠎ᠠ ᠬᠢᠵᠢᠭ ᠤᠨ ᠰᠢᠯᠭᠠᠨ ᠪᠠᠶᠢᠴᠠᠭᠠᠯᠳᠠ ᠬᠢᠭᠰᠡᠨ ᠡᠰᠡᠬᠦ᠂ ᠢᠯᠴᠢ ᠬᠠᠩᠭᠠᠬᠤ ᠲᠦᠬᠦᠭᠡᠷᠤᠮᠵᠢ ᠶᠢᠨ ᠠᠵᠢᠯᠯᠠᠭᠠᠨ ᠬᠢᠷᠢ ᠵᠡᠷᠭᠡ ᠪᠠᠶᠢᠬᠤ᠂ ᠪᠠᠴᠢᠮ ᠪᠠᠶᠢᠳᠠᠯ ᠢ ᠠᠷᠭᠠᠴᠠᠭᠠᠵᠦ ᠰᠡᠯᠪᠢᠨ ᠵᠠᠰᠠᠬᠤ ᠠᠵᠢᠯ ᠢ ᠪᠤᠳᠠᠳᠠᠶᠢᠵᠢᠭᠤᠯᠤᠭᠰᠠᠨ ᠡᠰᠡᠬᠦ ᠵᠡᠷᠭᠡ ᠶᠢ ᠲᠡᠷᠡ ᠮᠠᠰᠢ ᠨᠠᠷᠢᠯᠢᠭ ᠠᠰᠠᠭᠤᠵᠦ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠡᠯ᠎ᠠ ᠲᠠᠯ᠎ᠠ ᠶᠢᠨ ᠪᠠᠳᠤᠯᠠᠭ᠎ᠠ ᠶᠢᠨ ᠠᠵᠢᠯ ᠢᠶᠠᠨ ᠦᠨᠡᠨ ᠬᠦ ᠰᠠᠶᠢᠳᠤᠷ ᠬᠢᠵᠦ᠂ ᠠᠷᠭ᠎ᠠ ᠭᠡᠮᠵᠢᠶ᠎ᠠ ᠪᠦᠬᠦᠨ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠪᠤᠭᠤᠮᠳᠠ ᠬᠤᠷᠢᠭ᠎ᠠ ᠪᠦᠬᠦᠨ ᠢ ᠴᠢᠩᠭ᠎ᠠ ᠰᠠᠬᠢᠵᠦ᠂ ᠦᠷᠭᠡᠨ ᠤᠯᠠᠨ ᠠᠷᠠᠳ ᠲᠦᠮᠡᠨ ᠤ ᠬᠠᠯᠠᠭᠤᠨ ᠲᠤᠯᠠᠭᠠᠨ᠂ ᠡᠶ᠎ᠡ ᠨᠠᠶᠢᠷᠳᠠᠢ ᠰᠢᠨᠡᠯᠡᠬᠦ ᠶᠢ ᠪᠠᠳᠤᠯᠠᠬᠤ ᠭᠡᠷᠡᠭᠲᠡᠢ ᠭᠡᠵᠦ ᠱᠠᠭᠠᠷᠳᠠᠵᠠᠢ᠃      ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠸᠠᠩ ᠯᠢ ᠰᠢᠶᠠ᠂ ᠵᠠᠩ ᠱᠤᠤ ᠴᠦᠨ᠂ ᠡᠸᠦ ᠶᠠᠩ ᠰᠢᠶᠤᠤ ᠬᠤᠢ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠠᠵᠢᠯᠯᠠᠭ᠎ᠠ ᠳᠤ ᠤᠷᠤᠯᠴᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ