2021 ᠣᠨ ᠤ 2 ᠰᠠᠷ᠎ᠠ ᠶᠢᠨ 13 ᠤ ᠡᠳᠦᠷ ᠤᠨ 7 ᠴᠠᠭ ᠠᠴᠠ 2 ᠰᠠᠷ᠎ᠠ ᠶᠢᠨ 14 ᠤ ᠡᠳᠦᠷ ᠤᠨ 7 ᠴᠠᠭ ᠪᠣᠯᠲᠠᠯ᠎ᠠ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ | ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 | ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ | ᠪᠠᠭᠤᠳᠠᠯ ᠳᠤ ᠪᠠᠭᠤᠵᠠᠢ︶ ᠨᠡᠮᠡᠭᠳᠡᠪᠡ᠃ | 2012 ᠣᠨ ᠤ 2 ᠰᠠᠷ᠎ᠠ ᠶᠢᠨ 14 ᠤ ᠡᠳᠦᠷ ᠤᠨ 7 ᠴᠠᠭ ᠪᠣᠯᠲᠠᠯ᠎ᠠ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ | ᠵᠢᠱᠢᠶ᠎ᠡ 1 ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ | ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ | ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ | ᠴᠠᠭᠠᠨ ᠰᠠᠷ᠎ᠠ ᠶᠢᠨ ᠬᠤᠭᠤᠴᠠᠭᠠᠨ ᠳᠤ ᠬᠢᠵᠢᠭ ᠢ ᠰᠡᠷᠭᠡᠶᠢᠯᠡᠬᠦ ᠰᠠᠨᠠᠭᠤᠯᠤᠮᠵᠢ᠄ ᠣᠯᠠᠨ ᠢᠶᠠᠷ ᠢᠶᠠᠨ ᠠᠮᠠᠪᠴᠢ ᠵᠡᠭᠦᠵᠦ᠂ ᠦᠷᠭᠦᠯᠵᠢ ᠭᠠᠷ ᠢᠶᠠᠨ ᠤᠬᠢᠶᠠᠵᠤ᠂ | ᠭᠡᠷ ᠲᠡᠭᠡᠨ ᠰᠠᠯᠬᠢ ᠨᠡᠪᠲᠡᠷᠡᠭᠦᠯᠵᠦ᠂ ᠴᠤᠭᠯᠠᠭᠠᠨ ᠳᠤ ᠪᠠᠭ᠎ᠠ ᠣᠷᠣᠯᠴᠠᠵᠤ᠂ ᠨᠢᠭᠡ ᠮᠧᠲᠷ ᠤᠨ ᠵᠠᠢ ᠪᠠᠨ ᠪᠠᠲᠤᠯᠠᠬᠤ ᠵᠡᠷᠭᠡ ᠪᠠᠷ ᠬᠤᠪᠢ ᠬᠥᠮᠥᠨ ᠤ ᠰᠡᠷᠭᠡᠶᠢᠯᠡᠯᠲᠡ ᠪᠠᠨ | ᠰᠠᠶᠢᠲᠤᠷ ᠬᠢᠭᠡᠷᠡᠢ᠃ |