|
ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ |
|
|
ᠨᠡᠶᠢᠲᠡᠯᠡᠭᠰᠡᠨ ᠴᠠᠭ᠄
2021/2/16
|
|
2021 ᠣᠨ ᠤ 2 ᠰᠠᠷ᠎ᠠ ᠶᠢᠨ 15 ᠤ ᠡᠳᠦᠷ ᠤᠨ 7 ᠴᠠᠭ ᠠᠴᠠ 2 ᠰᠠᠷ᠎ᠠ ᠶᠢᠨ 16 ᠤ ᠡᠳᠦᠷ ᠤᠨ 7 ᠴᠠᠭ ᠪᠣᠯᠲᠠᠯ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠃ 2012 ᠣᠨ ᠤ 2 ᠰᠠᠷ᠎ᠠ ᠶᠢᠨ 16 ᠤ ᠡᠳᠦᠷ ᠤᠨ 7 ᠴᠠᠭ ᠪᠣᠯᠲᠠᠯ᠎ᠠ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 ᠪᠠᠶᠢᠵᠤ᠂ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ᠴᠠᠭᠠᠨ ᠰᠠᠷ᠎ᠠ ᠶᠢᠨ ᠬᠤᠭᠤᠴᠠᠭᠠᠨ ᠳᠤ ᠬᠢᠵᠢᠭ ᠢ ᠰᠡᠷᠭᠡᠶᠢᠯᠡᠬᠦ ᠰᠠᠨᠠᠭᠤᠯᠤᠮᠵᠢ᠄ ᠣᠯᠠᠨ ᠢᠶᠠᠷ ᠢᠶᠠᠨ ᠠᠮᠠᠪᠴᠢ ᠵᠡᠭᠦᠵᠦ᠂ ᠦᠷᠭᠦᠯᠵᠢ ᠭᠠᠷ ᠢᠶᠠᠨ ᠤᠬᠢᠶᠠᠵᠤ᠂ ᠭᠡᠷ ᠲᠡᠭᠡᠨ ᠰᠠᠯᠬᠢ ᠨᠡᠪᠲᠡᠷᠡᠭᠦᠯᠵᠦ᠂ ᠴᠤᠭᠯᠠᠭᠠᠨ ᠳᠤ ᠪᠠᠭ᠎ᠠ ᠣᠷᠣᠯᠴᠠᠵᠤ᠂ ᠨᠢᠭᠡ ᠮᠧᠲᠷ ᠤᠨ ᠵᠠᠢ ᠪᠠᠨ ᠪᠠᠲᠤᠯᠠᠬᠤ ᠵᠡᠷᠭᠡ ᠪᠠᠷ ᠬᠤᠪᠢ ᠬᠥᠮᠥᠨ ᠤ ᠰᠡᠷᠭᠡᠶᠢᠯᠡᠯᠲᠡ ᠪᠠᠨ ᠰᠠᠶᠢᠲᠤᠷ ᠬᠢᠭᠡᠷᠡᠢ᠃ |
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|