|
ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2021 ᠣᠨ ᠤ 3 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ |
|
|
ᠨᠡᠶᠢᠲᠡᠯᠡᠭᠰᠡᠨ ᠴᠠᠭ᠄
2021/2/18
|
|
2 ᠰᠠᠷ᠎ᠠ ᠶᠢᠨ 7 ᠤ ᠡᠳᠦᠷ ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠤ ᠨᠠᠶᠢᠳᠠᠯᠭ᠎ᠠ ᠪᠠᠷ ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ ᠂ ᠨᠠᠷᠢᠨ ᠪᠢᠴᠢᠭ ᠤᠨ ᠳᠠᠷᠤᠭ᠎ᠠ ᠂ ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠬᠦᠯᠡᠭᠴᠢ ᠵᠠᠩ ᠱᠤᠤ ᠴᠦᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠦ ᠂ ᠦᠪᠡᠷᠲᠡᠭᠡᠨ ᠵᠠᠰᠠᠬᠤ ᠤᠷᠤᠨ ᠤ ᠲᠤᠰ ᠱᠠᠳᠤᠨ ᠤ ᠤᠯᠤᠰ ᠤᠨ ᠦᠮᠴᠢᠯᠡᠯ ᠤᠨ ᠮᠦᠩᠬᠦᠨ ᠬᠦᠢᠯᠭᠡᠭᠡᠨ ᠤ ᠡᠳ᠋ ᠬᠦᠷᠦᠩᠭᠡ ᠶᠢᠨ ᠵᠤᠭᠤᠰ ᠭᠠᠷᠭᠠᠭᠰᠠᠳ ᠤᠨ ᠲᠤᠰᠢᠶᠠᠯ ᠬᠠᠷᠢᠭᠤᠴᠠᠯᠭ᠎ᠠ ᠶᠢᠨ ᠭᠡᠷᠡᠭᠵᠢᠬᠦᠯᠬᠦ ᠲᠤᠬᠳᠠᠭᠠᠯ ︵ᠲᠦᠷ ᠭᠡᠷᠡᠭᠵᠢᠬᠦᠯᠬᠦ︶ ᠂ ᠡᠩ ᠤᠨ ᠶᠡᠭᠡ ᠳᠡᠭᠡᠳᠦ ᠰᠤᠷᠭᠠᠭᠤᠯᠢ ᠶᠢᠨ ᠭᠡᠷ ᠤᠨ ᠠᠮᠢᠲᠤᠷᠠᠯ ᠨᠢ ᠶᠠᠲᠠᠭᠤ ᠬᠦᠴᠢᠷᠳᠡᠯᠳᠠᠢ ᠰᠤᠷᠤᠬᠴᠢ ᠶᠢᠨ ᠰᠤᠷᠭᠠᠭᠤᠯᠢ ᠳᠤ ᠤᠷᠤᠬᠤ ᠶᠢ ᠲᠤᠰᠠᠯᠠᠬᠤ ᠲᠦᠷᠦ ᠶᠢᠨ ᠪᠤᠳᠤᠯᠭ᠎ᠠ ᠂ ᠠᠭᠤᠢ ᠶᠢᠨ ᠰᠦᠮ᠎ᠠ ᠶᠢ ᠬᠠᠮᠠᠭᠠᠯᠠᠵᠤ ᠠᠰᠢᠬᠯᠠᠬᠤ ᠠᠵᠢᠯ ᠢ ᠴᠢᠩᠭᠠᠳᠬᠠᠬᠤ ᠶᠢᠨ ᠭᠡᠷᠡᠭᠵᠢᠬᠦᠯᠬᠦ ᠲᠦᠰᠦᠯ ᠵᠡᠷᠭᠡ ᠵᠦᠢᠯ ᠢ ᠰᠤᠳᠤᠯᠵᠠᠢ ᠃ ᠬᠤᠷᠠᠯ ᠠᠴᠠ ᠂ ᠨᠠᠮ ᠤᠨ ᠲᠦᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠳᠠ ᠶᠢ ᠳᠡᠬᠦᠯᠳᠡᠷᠵᠢᠬᠦᠯᠬᠦ ᠲᠤᠬᠠᠢ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ ᠂ ᠦᠪᠡᠷᠲᠡᠭᠡᠨ ᠵᠠᠰᠠᠬᠤ ᠤᠷᠤᠨ ᠤ ᠲᠤᠰ ᠱᠠᠳᠤᠨ ᠤ ᠤᠯᠤᠰ ᠤᠨ ᠦᠮᠴᠢᠯᠡᠯ ᠤᠨ ᠮᠦᠩᠬᠦᠨ ᠬᠦᠢᠯᠭᠡᠭᠡᠨ ᠤ ᠡᠳ᠋ ᠬᠦᠷᠦᠩᠭᠡ ᠶᠢᠨ ᠬᠠᠮᠢᠶᠠᠷᠤᠯᠳᠠ ᠶᠢ ᠤᠯᠠᠮ ᠴᠢᠨᠠᠬᠰᠢᠳᠠ ᠴᠢᠩᠭᠠᠳᠬᠠᠨ ᠂ ᠮᠠᠨ ᠤ ᠤᠷᠤᠨ ᠤ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠡᠷᠭᠡ ᠬᠠᠷᠢᠭᠤᠴᠠᠯᠭ᠎ᠠ ᠳᠤᠳᠤᠷᠬᠠᠢ ᠪᠤᠰᠤ ᠪᠠᠶᠢᠬᠤ ᠵᠡᠷᠭᠡ ᠠᠰᠠᠭᠤᠳᠠᠯ ᠢ ᠰᠢᠢᠳᠪᠤᠷᠢᠯᠡᠵᠦ ᠂ ᠬᠠᠮᠢᠶᠠᠷᠤᠯᠳᠠ ᠶᠢᠨ ᠪᠠᠶᠢᠭᠤᠯᠤᠮᠵᠢ ᠶᠢ ᠳᠡᠬᠦᠯᠳᠡᠷᠵᠢᠬᠦᠯᠬᠦ ᠭᠡᠷᠡᠭᠲᠡᠢ ᠭᠡᠵᠦ ᠵᠢᠭᠠᠵᠦ ᠭᠠᠷᠭᠠᠪᠠ ᠃ ᠬᠤᠷᠠᠯ ᠠᠴᠠ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠦ ᠂ ᠰᠤᠷᠭᠠᠨ ᠬᠦᠮᠦᠵᠢᠯ ᠤᠨ ᠡᠷᠭᠡ ᠲᠡᠭᠰᠢ ᠪᠠ ᠨᠡᠶᠢᠭᠡᠮ ᠤᠨ ᠲᠦᠪ ᠭᠤᠤᠯᠴᠢ ᠶᠢ ᠤᠯᠠᠮ ᠴᠢᠨᠠᠬᠰᠢᠳᠠ ᠠᠬᠢᠭᠤᠯᠤᠨ ᠂ ︽ᠡᠳ᠋ ᠤᠨ ᠵᠠᠰᠠᠭ ᠤᠨ ᠤᠷᠤᠭᠤᠯᠤᠯᠳᠠ ᠶᠢ ᠨᠡᠮᠡᠭᠳᠡᠬᠦᠯᠬᠦ ᠂ ᠵᠠᠷᠤᠳᠠᠯ ᠢ ᠵᠤᠬᠢᠰᠳᠠᠢ ᠡᠬᠦᠷᠭᠡᠯᠡᠬᠦ ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠳᠤᠳᠤᠷᠬᠠᠢᠢᠯᠠᠬᠤ ᠂ ᠤᠯᠠᠨ ᠡᠰᠢᠵᠢᠭᠰᠡᠨ ᠬᠤᠯᠢᠮᠠᠬ ᠲᠤᠰᠠᠯᠠᠮᠵᠢ ᠦᠵᠡᠬᠦᠯᠬᠦ ᠂ ᠡᠯ᠎ᠠ ᠲᠠᠯ᠎ᠠ ᠶᠢᠨ ᠬᠠᠷᠢᠭᠤᠴᠠᠯᠭ᠎ᠠ ᠶᠢ ᠳᠤᠳᠤᠷᠬᠠᠢᠢᠯᠠᠬᠤ︾ ᠵᠢᠴᠢ ︽ᠰᠢᠨ᠎ᠠ ᠰᠤᠷᠤᠬᠴᠢᠳ ᠲᠤ ᠰᠢᠨ᠎ᠠ ᠠᠷᠭ᠎ᠠ ᠭᠡᠮᠵᠢᠶ᠎ᠠ ᠭᠡᠷᠡᠭᠵᠢᠬᠦᠯᠵᠦ ᠂ ᠬᠠᠭᠤᠴᠢᠨ ᠰᠤᠷᠤᠬᠴᠢᠳ ᠲᠤ ᠬᠠᠭᠤᠴᠢᠨ ᠠᠷᠭ᠎ᠠ ᠭᠡᠮᠵᠢᠶ᠎ᠠ ᠭᠡᠷᠡᠭᠵᠢᠬᠦᠯᠬᠦ︾ ᠵᠠᠷᠴᠢᠮ ᠶᠤᠰᠤᠭᠠᠷ ᠂ ᠨᠠᠷᠢᠨ ᠤᠨᠤᠴᠠᠳᠠᠢ ᠳᠡᠳᠬᠦᠨ ᠲᠤᠰᠠᠯᠠᠵᠦ ᠂ ᠮᠠᠨ ᠤ ᠤᠷᠤᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠡᠯ᠎ᠠ ᠲᠦᠷᠦᠯ ᠤᠨ ᠭᠡᠷ ᠤᠨ ᠠᠮᠢᠲᠤᠷᠠᠯ ᠨᠢ ᠶᠠᠳᠠᠭᠤ ᠬᠦᠴᠢᠷᠳᠡᠯᠳᠠᠢ ᠰᠤᠷᠤᠬᠴᠢ ᠶᠢᠨ ᠤᠷᠤᠬᠰᠢᠳᠠᠢ ᠪᠠᠷ ᠰᠤᠷᠭᠠᠭᠤᠯᠢ ᠳᠤ ᠤᠷᠤᠬᠤ ᠶᠢᠨ ᠬᠠᠮᠳᠦ ᠰᠤᠷᠤᠯᠭ᠎ᠠ ᠪᠠᠨ ᠠᠮᠵᠢᠯᠳᠠᠳᠠᠢ ᠲᠡᠬᠦᠰᠬᠦ ᠶᠢ ᠲᠦᠷᠢᠮ ᠤᠨ ᠲᠠᠯ᠎ᠠ ᠠᠴᠠ ᠪᠠᠳᠤᠯᠠᠬᠤ ᠭᠡᠷᠡᠭᠲᠡᠢ ᠃ ᠰᠤᠷᠭᠠᠭᠤᠯᠢ ᠳᠤ ᠤᠷᠤᠬᠤ ᠶᠢ ᠲᠤᠰᠠᠯᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠦᠷᠳᠡᠨ ᠬᠢᠨᠡᠨ ᠭᠡᠮᠵᠢᠯᠳᠠ ᠬᠢᠵᠦ ᠂ ᠬᠠᠷᠠᠭᠠᠯᠵᠠᠬᠰᠠᠨ ᠢᠵᠢ ᠲᠦᠬᠦᠷ ᠠᠷᠭ᠎ᠠ ᠭᠡᠮᠵᠢᠶ᠎ᠠ ᠶᠢ ᠳᠡᠬᠦᠯᠳᠡᠷᠵᠢᠬᠦᠯᠦᠨ ᠂ ᠰᠤᠷᠤᠯᠭ᠎ᠠ ᠠᠴᠠ ᠪᠤᠯᠵᠦ ᠲᠠᠬᠢᠨ ᠶᠠᠳᠠᠭᠤᠷᠠᠬᠤ ᠂ ᠰᠤᠷᠤᠯᠭ᠎ᠠ ᠠᠴᠠ ᠪᠤᠯᠵᠦ ᠶᠠᠳᠠᠭᠤᠷᠠᠬᠤ ᠦᠵᠡᠭᠳᠡᠯ ᠭᠠᠷᠬᠤ ᠶᠢ ᠡᠷᠡᠰ ᠬᠤᠷᠢᠬᠯᠠᠵᠦ ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠦᠷ᠎ᠠ ᠪᠦᠳᠦᠭᠡᠯ ᠢ ᠦᠨᠡᠨ ᠬᠦ ᠪᠠᠬᠢᠵᠢᠬᠦᠯᠬᠦ ᠭᠡᠷᠡᠭᠲᠡᠢ ᠭᠡᠵᠦ ᠵᠢᠭᠠᠵᠦ ᠭᠠᠷᠭᠠᠪᠠ ᠃ ᠬᠤᠷᠠᠯ ᠠᠴᠠ ᠂ ᠡᠯ᠎ᠠ ᠱᠠᠳᠤ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠤᠯᠤᠰ ᠲᠦᠷᠦ ᠶᠢᠨ ᠵᠤᠬᠰᠤᠴᠠ ᠪᠠᠨ ᠳᠡᠭᠡᠭᠰᠢᠯᠡᠬᠦᠯᠵᠦ ᠂ ᠠᠭᠤᠢ ᠶᠢᠨ ᠰᠦᠮ᠎ᠠ ᠶᠢ ᠬᠠᠮᠠᠭᠠᠯᠠᠬᠤ ᠠᠰᠢᠬᠯᠠᠬᠤ ᠶᠢ ᠪᠠᠶᠢᠪᠠᠰᠤ ᠵᠤᠬᠢᠬᠤ ᠪᠠᠶᠢᠷᠢᠨ ᠳᠤ ᠲᠠᠯᠪᠢᠵᠦ ᠂ ᠡᠯ᠎ᠠ ᠵᠦᠢᠯ ᠤᠨ ᠡᠬᠦᠷᠭᠡ ᠶᠢᠨ ᠨᠠᠶᠢᠳᠠᠪᠤᠷᠢᠵᠢᠭᠤᠯᠤᠯᠳᠠ ᠶᠢ ᠯᠠᠪᠳᠠᠭᠤᠨ ᠪᠠᠳᠤᠳᠠᠢ ᠰᠠᠶᠢᠳᠤᠷ ᠠᠳᠬᠤᠬᠤ ᠭᠡᠷᠡᠭᠲᠡᠢ ᠃ ᠲᠦᠯᠦᠪᠵᠢᠬᠦᠯᠭᠡ ᠪᠠᠷ ᠬᠦᠳᠦᠯᠦᠨ ᠳᠠᠭᠠᠭᠤᠯᠬᠤ ᠶᠢ ᠴᠢᠬᠤᠯᠠᠴᠢᠯᠠᠵᠦ ᠂ ᠠᠭᠤᠢ ᠶᠢᠨ ᠰᠦᠮ᠎ᠠ ᠶᠢᠨ ᠬᠠᠮᠠᠭᠠᠯᠠᠯᠳᠠ ᠠᠰᠢᠬᠯᠠᠯᠳᠠ ᠶᠢᠨ ᠲᠤᠰᠬᠠᠢ ᠲᠦᠯᠦᠪᠵᠢᠬᠦᠯᠭᠡ ᠶᠢ ᠰᠠᠶᠢᠳᠤᠷ ᠵᠤᠬᠢᠶᠠᠨ ᠪᠠᠶᠢᠭᠤᠯᠵᠦ ᠨᠠᠶᠢᠷᠠᠭᠤᠯᠤᠨ ᠂ ᠪᠦᠬᠦ ᠤᠷᠤᠨ ᠤ ᠠᠭᠤᠢ ᠶᠢᠨ ᠰᠦᠮ᠎ᠠ ᠶᠢᠨ ᠲᠤᠰᠬᠠᠢ ᠪᠠᠶᠢᠴᠠᠭᠠᠯᠳᠠ ᠶᠢ ᠴᠢᠨᠠᠬᠰᠢᠳᠠ ᠰᠠᠶᠢᠳᠤᠷ ᠬᠢᠵᠦ ᠂ ᠬᠠᠳᠠᠭᠠᠯᠠᠬᠳᠠᠵᠦ ᠪᠠᠶᠢᠭ᠎ᠠ ᠤᠳᠤᠬᠢ ᠪᠠᠶᠢᠳᠠᠯ ᠂ ᠭᠤᠤᠯ ᠪᠤᠯᠬᠤ ᠠᠶᠦᠯ ᠲᠦᠭᠰᠢᠬᠦᠷᠢ ᠶᠢ ᠨᠠᠷᠢᠨ ᠤᠢᠢᠯᠠᠭᠠᠭᠰᠠᠨ ᠤ ᠰᠠᠭᠤᠷᠢᠨ ᠳᠡᠭᠡᠷ᠎ᠠ ᠂ ᠴᠢᠭᠯᠡᠬᠦᠯᠦᠯᠳᠦ ᠴᠢᠨᠠᠷᠳᠠᠢ ᠬᠠᠮᠠᠭᠠᠯᠠᠬᠤ ᠲᠦᠰᠦᠯ ᠲᠤᠷᠠᠳᠬᠤ ᠭᠡᠷᠡᠭᠲᠡᠢ ᠃ ᠵᠤᠬᠢᠰᠳᠠᠢ ᠠᠰᠢᠬᠯᠠᠬᠤ ᠶᠢ ᠠᠬᠢᠭᠤᠯᠵᠦ ᠂ ᠢᠯᠠᠩᠭᠤᠶ᠎ᠠ ᠡᠬᠦᠨ ᠤ ᠳᠤᠮᠳᠠ ᠠᠭᠤᠯᠤᠬᠳᠠᠵᠦ ᠪᠠᠶᠢᠭ᠎ᠠ ᠦᠨᠳᠦᠰᠦᠳᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠤᠨ ᠲᠡᠦᠭᠡ ᠶᠢᠨ ᠠᠭᠤᠯᠬᠤᠨ ᠢ ᠬᠦᠨᠵᠡᠭᠡᠢ ᠠᠭᠤᠳᠠᠯᠵᠦ ᠂ ᠠᠭᠤᠢ ᠶᠢᠨ ᠰᠦᠮ᠎ᠠ ᠵᠡᠷᠭᠡ ᠲᠡᠦᠭᠡ ᠰᠤᠶᠤᠯ ᠤᠨ ᠦᠪ ᠤᠨ ᠳᠤᠮᠳᠠᠳᠤ ᠶᠢᠨ ᠦᠨᠳᠦᠰᠦᠳᠡᠨ ᠤ ᠬᠠᠮᠳᠦ ᠴᠤᠬᠴᠠ ᠶᠢᠨ ᠤᠬᠠᠮᠰᠠᠷ ᠢ ᠪᠠᠳᠤ ᠴᠤᠬᠴᠠᠯᠠᠬᠤ ᠲᠠᠯ᠎ᠠ ᠪᠠᠷ ᠬᠢ ᠴᠢᠬᠤᠯᠠ ᠦᠢᠯᠡᠳᠦᠯ ᠢ ᠬᠦᠢᠴᠡᠳ ᠪᠠᠳᠠᠷᠠᠭᠤᠯᠬᠤ ᠭᠡᠷᠡᠭᠲᠡᠢ ᠃ ᠤᠯᠠᠨ ᠰᠠᠯᠠᠭ᠎ᠠ ᠮᠦᠴᠢᠷ ᠬᠠᠮᠵᠢᠯᠴᠠᠬᠤ ᠲᠤᠭᠳᠠᠴᠠ ᠶᠢ ᠪᠠᠶᠢᠭᠤᠯᠵᠦ ᠂ ᠠᠭᠤᠢ ᠶᠢᠨ ᠰᠦᠮ᠎ᠠ ᠶᠢᠨ ᠬᠠᠮᠠᠭᠠᠯᠠᠯᠳᠠ ᠠᠰᠢᠬᠯᠠᠯᠳᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠤᠷᠢᠯᠡᠬᠦ ᠭᠡᠷᠡᠭᠲᠡᠢ ᠭᠡᠵᠦ ᠱᠠᠭᠠᠷᠳᠠᠵᠠᠢ ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ ᠃ |
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|