ᠲᠦᠪ ᠤᠨ ᠨᠠᠢᠮᠠᠳᠤᠭᠠᠷ ᠲᠤᠭᠤᠷᠢᠨ ᠪᠠᠶᠢᠴᠠᠭᠠᠬᠤ ᠲᠤᠭᠤᠢᠢᠯᠠᠩ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠳᠤ ᠲᠤᠭᠤᠷᠢᠨ ᠪᠠᠶᠢᠴᠠᠭᠠᠬᠰᠠᠨ ᠪᠠᠶᠢᠳᠠᠯ ᠢᠶᠠᠨ ᠬᠠᠷᠢᠭᠤ ᠲᠤᠰᠬᠠᠪᠠ
ᠨᠡᠶᠢᠲᠡᠯᠡᠭᠰᠡᠨ ᠴᠠᠭ᠄
2021/2/18
    ᠲᠦᠪ ᠤᠨ ᠨᠠᠢᠮᠠᠳᠤᠭᠠᠷ ᠲᠤᠭᠤᠷᠢᠨ ᠪᠠᠶᠢᠴᠠᠭᠠᠬᠤ ᠲᠤᠭᠤᠢᠢᠯᠠᠩ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠳᠤ ᠲᠤᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠵᠤ ᠪᠠᠶᠢᠭ᠎ᠠ ᠨᠢ      ᠨᠠᠮ ᠤᠨ ᠲᠦᠪ ᠬᠤᠷᠢᠶᠠᠨ ᠤ ᠪᠠᠶᠢᠷᠢᠯᠠᠭᠤᠯᠤᠯᠳᠠ ᠶᠢ ᠦᠨᠳᠦᠰᠦᠯᠡᠵᠦ᠂ 2 ᠰᠠᠷ᠎ᠠ ᠶᠢᠨ 3 ᠤ ᠡᠳᠦᠷ᠂ ᠲᠦᠪ ᠤᠨ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠠᠷᠪᠡ ᠶᠢᠰᠦᠳᠦᠭᠡᠷ ᠬᠤᠭᠤᠴᠠᠭᠠᠨ ᠤ ᠲᠦᠪ ᠤᠨ ᠵᠢᠷᠭᠤᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠬᠤ ᠬᠤᠷᠠᠯ ᠬᠤᠷᠠᠯᠳᠤᠭᠤᠯᠵᠦ᠂ ᠶᠡᠷᠦᠩᠭᠡᠢ ᠱᠦᠵᠢ ᠰᠢ ᠶᠢᠨ ᠫᠢᠩ ᠤᠨ ᠲᠤᠭᠤᠷᠢᠨ ᠪᠠᠶᠢᠴᠠᠭᠠᠯᠳᠠ ᠶᠢᠨ ᠶᠡᠷᠦᠩᠭᠡᠢ ᠪᠠᠶᠢᠳᠠᠯ ᠤᠨ ᠬᠠᠷᠢᠭᠤ ᠮᠡᠳᠡᠬᠦᠯᠦᠯᠳᠠ ᠶᠢ ᠰᠤᠨᠤᠰᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠪᠠ ᠴᠡᠭᠴᠡᠯᠡᠨ ᠰᠠᠶᠢᠵᠢᠷᠠᠭᠤᠯᠤᠯᠳᠠ ᠳᠠᠬᠢ ᠡᠳᠦᠷ ᠳᠤᠳᠤᠮ ᠤᠨ ᠬᠢᠨᠠᠯᠳᠠ ᠶᠢ ᠰᠠᠶᠢᠳᠤᠷ ᠠᠳᠬᠤᠬᠤ ᠲᠤᠬᠠᠢ ᠲᠦᠪᠯᠡᠷᠡᠬᠦᠯᠦᠨ ᠪᠠᠶᠢᠷᠢᠯᠠᠭᠤᠯᠤᠯᠳᠠ ᠬᠢᠵᠦ᠂ ᠳᠤᠳᠤᠷᠬᠠᠢ ᠱᠠᠭᠠᠷᠳᠠᠯᠭ᠎ᠠ ᠳᠤᠷᠠᠳᠴᠠᠢ᠃ 2 ᠰᠠᠷ᠎ᠠ ᠶᠢᠨ 5 ᠤ ᠡᠳᠦᠷ᠂ ᠲᠦᠪ ᠤᠨ ᠨᠠᠢᠮᠠᠳᠤᠭᠠᠷ ᠲᠤᠭᠤᠷᠢᠨ ᠪᠠᠶᠢᠴᠠᠭᠠᠬᠤ ᠲᠤᠭᠤᠢᠢᠯᠠᠩ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠳᠤ ᠲᠤᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ᠃ ᠲᠤᠭᠤᠢᠢᠯᠠᠩ ᠤᠨ ᠳᠠᠷᠤᠭ᠎ᠠ ᠨᠢᠩ ᠶᠠᠨ ᠯᠢᠩ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠪᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠲᠤ ᠲᠤᠰ ᠲᠤᠰ ᠲᠤᠭᠤᠷᠢᠨ ᠪᠠᠶᠢᠴᠠᠭᠠᠭᠰᠠᠨ ᠪᠠᠶᠢᠳᠠᠯ ᠢ ᠬᠠᠷᠢᠭᠤ ᠲᠤᠰᠬᠠᠬᠤ ᠶᠢᠨ ᠬᠠᠮᠳᠦ ᠲᠦᠪ ᠤᠨ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠢ ᠱᠠᠭᠠᠷᠳᠠᠯᠭ᠎ᠠ ᠶᠢ ᠤᠯᠠᠮᠵᠢᠯᠠᠪᠠ᠃ ᠱᠢ ᠲᠠᠢ ᠹᠧᠩ ᠤᠳᠤᠷᠢᠳᠬᠤ ᠪᠠᠭ ᠲᠤ ᠬᠠᠷᠢᠭᠤ ᠲᠤᠰᠬᠠᠬᠤ ᠬᠤᠷᠠᠯ ᠢ ᠡᠷᠬᠢᠯᠡᠬᠦ ᠶᠢᠨ ᠬᠠᠮᠳᠦ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠬᠢᠬᠦ ᠲᠤᠬᠠᠢ ᠶᠠᠷᠢᠶ᠎ᠠ ᠲᠠᠯᠪᠢᠪᠠ᠃      ᠨᠢᠩ ᠶᠠᠨ ᠯᠢᠩ ᠬᠠᠷᠢᠭᠤ ᠲᠤᠰᠬᠠᠬᠤ ᠳᠠᠭᠠᠨ᠂ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠦ᠂ ᠨᠠᠮ ᠢ ᠬᠠᠮᠢᠶᠠᠷᠬᠤ ᠨᠠᠮ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠢᠯᠵᠠᠷᠠᠯ ᠢ ᠲᠦᠪ ᠴᠢᠩᠭ᠎ᠠ ᠪᠠᠷ ᠵᠠᠯᠬᠠᠭᠠᠨ ᠰᠢᠢᠳᠭᠡᠵᠤ᠂ ᠠᠵᠤ ᠠᠬᠤᠢ ᠨᠡᠶᠢᠭᠡᠮ ᠤᠨ ᠬᠦᠭᠵᠢᠯᠳᠠ ᠶᠢ ᠠᠬᠢᠭᠤᠯᠤᠨ᠂ ᠠᠵᠢᠯ ᠨᠢ ᠰᠢᠨ᠎ᠠ ᠠᠬᠢᠴᠠ ᠲᠠᠢ ᠪᠤᠯᠵᠠᠢ᠃ ᠲᠤᠭᠤᠷᠢᠨ ᠪᠠᠶᠢᠴᠠᠭᠠᠯᠳᠠ ᠳᠤ ᠪᠠᠰᠠ ᠵᠠᠷᠢᠮ ᠠᠰᠠᠭᠤᠳᠠᠯ ᠢ ᠢᠯᠠᠷᠡᠬᠦᠯᠪᠡ᠂ ᠭᠤᠤᠯᠳᠠᠭᠤ᠄ ᠨᠠᠮ ᠤᠨ ᠱᠤᠭᠤᠮ ᠴᠢᠭᠯᠡᠯᠳᠠ ᠲᠦᠷᠦ ᠶᠢᠨ ᠪᠤᠳᠤᠯᠭ᠎ᠠ ᠪᠠ ᠨᠠᠮ ᠤᠨ ᠲᠦᠪ ᠬᠤᠷᠢᠶᠠᠨ ᠤ ᠴᠢᠬᠤᠯᠠ ᠶᠡᠭᠡ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠪᠠᠰᠠ ᠵᠦᠷᠢᠶ᠎ᠠ ᠲᠠᠢ ᠪᠠᠶᠢᠵᠤ᠂ ᠲᠦᠪ ᠤᠨ ᠦᠨᠳᠦᠰᠦᠳᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠲᠠᠯ᠎ᠠ ᠪᠠᠷ ᠠᠨᠠᠢ ᠪᠠᠶᠢᠨ᠎ᠠ︔ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠨᠢ ᠯᠠᠪᠳᠠᠭᠤᠨ ᠪᠤᠲᠠᠲᠠᠢ ᠪᠢᠰᠢ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢ ᠰᠦᠪᠡᠭᠴᠢᠯᠡᠬᠦ ᠲᠠᠯ᠎ᠠ ᠪᠠᠷ ᠪᠠᠰᠠ ᠵᠦᠷᠢᠶ᠎ᠠ ᠲᠠᠢ ᠪᠠᠶᠢᠵᠤ᠂ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠬᠦᠷᠦᠯᠴᠡᠬᠦ ᠦᠭᠡᠢ ᠪᠠᠶᠢᠨ᠎ᠠ︔ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ︽ᠬᠤᠶᠠᠷ ᠬᠠᠷᠢᠭᠤᠴᠠᠯᠭ᠎ᠠ︾ ᠶᠢ ᠬᠦᠢᠴᠡᠳᠭᠡᠭᠰᠡᠨ ᠲᠠᠯ᠎ᠠ ᠪᠠᠷ ᠠᠨᠠᠢ ᠪᠠᠶᠢᠵᠦ᠂ ᠡᠷᠭᠡ ᠶᠢᠨ ᠠᠵᠢᠯᠯᠠᠭ᠎ᠠ ᠶᠢ ᠬᠢᠵᠠᠭᠠᠷᠯᠠᠬᠤ ᠬᠢᠨᠠᠯᠳᠠ ᠲᠠᠯᠪᠢᠬᠤ ᠲᠤᠭᠳᠠᠴᠠ ᠪᠦᠷᠢᠨ ᠪᠤᠰᠤ᠂ ᠵᠠᠷᠢᠮ ᠭᠤᠤᠯᠳᠠᠯᠭ᠎ᠠ ᠲᠠᠢ ᠬᠦᠷᠢᠶᠠᠨ ᠤ ᠢᠯᠵᠠᠷᠠᠯ ᠤᠨ ᠪᠠᠶᠢᠲᠠᠯ ᠭᠠᠷᠴᠤ ᠮᠡᠳᠡᠬᠦ ᠠᠶᠦᠯ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ ᠲᠠᠯ᠎ᠠ ᠪᠠᠷ ᠡᠷᠴᠢᠮ ᠰᠤᠯᠠ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠬᠦᠯᠬᠦ ᠬᠦᠴᠦᠯᠡᠴᠡ ᠰᠤᠯᠠ᠂ ︽ᠲᠦᠷᠪᠡᠨ ᠰᠤᠷᠳᠠᠯ︾ ᠤᠨ ᠠᠰᠠᠭᠤᠳᠠᠯ ᠮᠦᠨ ᠬᠦ ᠡᠬᠦᠰᠴᠦ᠂ ᠭᠡᠯᠪᠡᠷᠢᠴᠢ ᠦᠵᠡᠯ᠂ ᠨᠤᠶᠠᠨᠴᠢ ᠰᠤᠷᠳᠠᠯ ᠢ ᠴᠡᠭᠴᠡᠯᠡᠨ ᠵᠠᠰᠠᠬᠤ ᠡᠷᠴᠢᠮ ᠬᠦᠴᠦᠨ ᠦᠭᠡᠢ ᠪᠠᠶᠢᠨ᠎ᠠ︔ ᠰᠢᠨ᠎ᠠ ᠴᠠᠭ ᠦᠶ᠎ᠠ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠤᠭᠤᠮ ᠢ ᠨᠠᠶᠢᠳᠠᠪᠤᠷᠢᠵᠢᠭᠤᠯᠬᠤ ᠲᠠᠯ᠎ᠠ ᠪᠠᠷ ᠵᠦᠷᠢᠶ᠎ᠠ ᠲᠠᠢ ᠪᠠᠶᠢᠵᠤ᠂ ᠤᠳᠤᠷᠢᠳᠬᠤ ᠪᠠᠭ ᠪᠠ ᠺᠠᠳ᠋ᠷ ᠴᠢᠳᠠᠪᠤᠷᠢᠳᠠᠨ ᠤ ᠡᠩᠨᠡᠭᠡᠨ ᠤ ᠪᠠᠶᠢᠭᠤᠯᠤᠯᠳᠠ ᠲᠤᠳᠠᠭᠤᠳᠠᠯ ᠲᠠᠢ᠂ ᠬᠦᠮᠦᠨ ᠰᠤᠩᠭᠤᠬᠤ ᠬᠦᠮᠦᠨ ᠭᠡᠷᠡᠭᠯᠡᠬᠦ ᠲᠤᠭᠳᠠᠭᠠᠯ ᠢ ᠭᠡᠷᠡᠭᠵᠢᠬᠦᠯᠦᠭᠰᠡᠨ ᠨᠢ ᠲᠦᠪ ᠴᠢᠩᠭ᠎ᠠ ᠪᠤᠰᠤ᠂ ᠺᠠᠳ᠋ᠷ ᠤᠨ ᠬᠠᠷᠢᠭᠤᠴᠠᠯᠭ᠎ᠠ ᠡᠬᠦᠷᠭᠡᠯᠡᠯ ᠢ ᠵᠤᠷᠢᠬᠵᠢᠭᠤᠯᠬᠤ ᠲᠠᠯ᠎ᠠ ᠪᠠᠷ ᠬᠦᠷᠦᠯᠴᠡᠬᠦ ᠦᠭᠡᠢ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ ᠨᠡᠯᠢᠶᠡᠳ ᠪᠠᠭᠤᠷᠠᠢ ᠪᠠᠶᠢᠨ᠎ᠠ︔ ᠲᠤᠭᠤᠷᠢᠨ ᠪᠠᠶᠢᠴᠠᠭᠠᠯᠳᠠ᠂ ᠬᠢᠨᠡᠨ ᠪᠤᠳᠤᠯᠳᠠ ᠵᠡᠷᠭᠡ ᠬᠢᠨᠠᠯᠳᠠ ᠲᠠᠯᠪᠢᠬᠤ ᠳᠤᠮᠳᠠ ᠠᠰᠠᠭᠤᠳᠠᠯ ᠢ ᠢᠯᠡᠷᠡᠬᠦᠯᠬᠦ ᠪᠠ ︽ᠤᠬ ᠰᠠᠨᠠᠭ᠎ᠠ ᠪᠠᠨ ᠦᠯᠦ ᠮᠠᠷᠳᠠᠵᠦ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠤᠨ ᠠᠰᠠᠭᠤᠳᠠᠯ ᠢ ᠰᠢᠨᠵᠢᠯᠡᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠵᠦ ᠨᠠᠶᠢᠳᠠᠪᠤᠷᠢᠵᠢᠭᠤᠯᠬᠤ ᠲᠠᠯ᠎ᠠ ᠪᠠᠷ ᠵᠦᠷᠢᠶ᠎ᠠ ᠲᠠᠢ ᠪᠠᠶᠢᠨ᠎ᠠ᠃ ᠡᠬᠦᠨ ᠤ ᠵᠡᠷᠭᠡ ᠪᠠᠷ᠂ ᠲᠦᠪ ᠤᠨ ᠲᠤᠭᠤᠷᠢᠨ ᠪᠠᠶᠢᠴᠠᠭᠠᠬᠤ ᠲᠤᠭᠤᠢᠢᠯᠠᠩ ᠪᠠᠰᠠ ᠵᠠᠷᠢᠮ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠰᠦᠪᠡᠭᠴᠢ ᠶᠢ ᠬᠦᠯᠢᠶᠡᠨ ᠠᠪᠴᠦ᠂ ᠬᠤᠯᠪᠤᠭᠳᠠᠯ ᠪᠦᠬᠦᠢ ᠲᠤᠭᠳᠠᠭᠠᠯ ᠢᠶᠠᠷ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠤᠯᠤᠰ ᠤᠨ ᠬᠢᠨᠡᠨ ᠪᠠᠶᠢᠴᠠᠭᠠᠬᠤ ᠵᠦᠪᠯᠡᠯ᠂ ᠲᠦᠪ ᠤᠨ ᠵᠤᠬᠢᠶᠠᠨ ᠪᠠᠶᠢᠭᠤᠯᠬᠤ ᠭᠡᠯᠳᠡᠰ ᠵᠡᠷᠭᠡ ᠬᠤᠯᠪᠤᠭᠳᠠᠯ ᠪᠦᠬᠦᠢ ᠲᠠᠯ᠎ᠠ ᠳᠤ ᠰᠢᠢᠳᠪᠦᠷᠢᠯᠡᠬᠦᠯᠬᠦ ᠪᠠᠷ ᠰᠢᠯᠵᠢᠬᠦᠯᠦᠨ ᠦᠭᠴᠡᠢ ᠭᠡᠵᠦ ᠵᠢᠭᠠᠵᠦ ᠭᠠᠷᠭᠠᠵᠠᠢ᠃      ᠨᠢᠩ ᠶᠠᠨ ᠯᠢᠩ ᠲᠠᠪᠤᠨ ᠲᠠᠯ᠎ᠠ ᠶᠢᠨ ᠴᠡᠭᠴᠡᠯᠡᠨ ᠰᠠᠶᠢᠵᠢᠷᠠᠭᠤᠯᠬᠤ ᠰᠠᠨᠠᠯ ᠰᠠᠨᠠᠭᠤᠯᠭ᠎ᠠ ᠳᠤᠷᠠᠳᠪᠠ᠄ ᠨᠢᠭᠡ ᠳᠤ ᠤᠯᠤᠰ ᠲᠦᠷᠦ ᠶᠢᠨ ᠪᠠᠶᠢᠭᠤᠯᠤᠯᠳᠠ ᠶᠢ ᠴᠢᠨᠠᠬᠰᠢᠳᠠ ᠴᠢᠩᠭᠠᠳᠬᠠᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠢᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠡᠷᠡᠭᠵᠢᠬᠦᠯᠬᠦ ᠴᠢᠳᠠᠪᠤᠷᠢ ᠶᠢ ᠳᠡᠭᠡᠭᠰᠢᠯᠡᠬᠦᠯᠬᠦ ᠭᠡᠷᠡᠭᠲᠡᠢ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠪᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ︽ᠲᠦᠷᠪᠡᠨ ᠤᠬᠠᠮᠰᠠᠷ︾ ᠢ ᠴᠢᠩᠭᠠᠳᠬᠠᠨ᠂ ︽ᠲᠦᠷᠪᠡᠨ ᠢᠳᠡᠭᠡᠯ︾ ᠢ ᠪᠠᠳᠤᠳᠬᠠᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠬᠦ ᠶᠢ ᠥᠪᠦᠷ ᠮᠤᠩᠭᠤᠯ ᠤᠨ ᠦᠭᠡᠷᠡᠴᠢᠯᠡᠯᠳᠠ ᠬᠦᠭᠵᠢᠯᠳᠠ ᠲᠤᠭᠳᠠᠭᠤᠨ ᠤ ᠡᠯ᠎ᠠ ᠲᠠᠯ᠎ᠠ ᠶᠢᠨ ᠠᠵᠢᠯ ᠳᠤᠮᠳᠠ ᠨᠠᠶᠢᠳᠠᠪᠤᠷᠢᠵᠢᠭᠤᠯᠬᠤ ᠭᠡᠷᠡᠭᠲᠡᠢ᠃ ᠰᠢᠨ᠎ᠠ ᠬᠦᠭᠵᠢᠯᠳᠠ ᠶᠢᠨ ᠱᠠᠳᠤ ᠶᠢ ᠤᠨᠤᠪᠴᠢᠳᠠᠢ ᠡᠵᠡᠮᠳᠡᠵᠦ᠂ ᠰᠢᠨ᠎ᠠ ᠬᠦᠭᠵᠢᠯᠳᠠ ᠶᠢᠨ ᠤᠢᠢᠯᠠᠭᠠᠬᠳᠠᠬᠤᠨ ᠢ ᠲᠤᠭᠤᠰᠢᠯᠠᠭᠤᠯᠤᠨ᠂ ᠰᠢᠨ᠎ᠠ ᠬᠦᠭᠵᠢᠯᠳᠠ ᠶᠢᠨ ᠪᠠᠶᠢᠷᠢᠰᠢᠯ ᠢ ᠪᠠᠶᠢᠭᠤᠯᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠳᠠ︾ ᠶᠢᠨ ᠪᠦᠳᠦᠭᠡᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠠᠬᠢᠭᠤᠯᠵᠦ᠂ ᠠᠷᠠᠳ ᠤᠯᠠᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠢ ᠰᠠᠶᠢᠳᠤᠷ ᠰᠢᠢᠳᠪᠤᠷᠢᠯᠡᠬᠦ ᠭᠡᠷᠡᠭᠲᠡᠢ᠃ ᠬᠤᠶᠠᠷ ᠲᠤ ᠦᠨᠳᠤᠰᠤᠳᠠᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠨᠠᠬᠰᠢᠳᠠ ᠴᠢᠩᠭᠠᠳᠬᠠᠵᠤ᠂ ᠳᠤᠮᠳᠠᠳᠤ ᠶᠢᠨ ᠦᠨᠳᠤᠰᠤᠳᠠᠨ ᠤ ᠬᠠᠮᠳᠤ ᠴᠤᠬᠴᠠ ᠶᠢᠨ ᠤᠬᠠᠮᠰᠠᠷ ᠢ ᠪᠠᠳᠤ ᠴᠤᠬᠴᠠᠯᠠᠬᠤ ᠠᠵᠢᠯ ᠢ ᠬᠦᠨᠵᠡᠬᠡᠢ ᠨᠠᠷᠢᠯᠢᠬ ᠪᠤᠳᠠᠳᠠᠢ ᠬᠢᠬᠦ ᠭᠡᠷᠡᠭᠳᠠᠢ᠃ ᠭᠤᠷᠪᠠ ᠳᠤ ᠪᠦᠬᠦ ᠲᠠᠯ᠎ᠠ ᠪᠠᠷ ᠨᠡᠮ ᠢ ᠴᠢᠩᠭ᠎ᠠ ᠵᠠᠰᠠᠬᠤ ︽ᠬᠤᠶᠠᠷ ᠬᠠᠷᠢᠭᠤᠴᠠᠯᠭ᠎ᠠ︾ ᠶᠢ ᠴᠢᠨᠠᠬᠰᠢᠳᠠ ᠪᠤᠳᠠᠳᠠᠶᠢᠵᠢᠭᠤᠯᠵᠦ᠂ ᠴᠢᠩᠭ᠎ᠠ ᠪᠠᠶᠢᠯᠭᠠᠬᠤ ᠭᠤᠤᠯ ᠬᠦᠭ ᠠᠶᠠᠰ ᠢ ᠭᠤᠶᠢᠪᠢᠰᠢ ᠦᠬᠡᠢ ᠪᠠᠷᠢᠮᠳᠠᠯᠠᠬᠤ ᠭᠡᠷᠡᠭᠳᠠᠢ᠃ ︽ᠨᠢᠬᠡᠳᠤᠭᠡᠷ ᠬᠠᠷᠢᠭᠤᠴᠠᠯᠭᠠᠲᠠᠨ︾ ᠳᠠᠬᠢ ᠬᠢᠨᠠᠯᠳᠠ ᠲᠠᠯᠪᠢᠯᠲᠠ ᠪᠠᠨ ᠴᠢᠩᠭᠠᠳᠬᠠᠵᠤ᠂ ᠢᠯᠵᠠᠷᠠᠯ ᠢ ᠵᠠᠯᠬᠠᠭᠠᠨ ᠰᠢᠢᠳᠬᠡᠬᠦ ᠰᠦᠷ ᠬᠦᠴᠤᠳᠤ ᠪᠠᠶᠢᠳᠠᠯ ᠢ ᠪᠠᠲᠤᠯᠠᠵᠤ᠂ ᠰᠠᠬᠢᠯᠭ᠎ᠠ ᠪᠠᠳᠤ ᠬᠠᠤᠯᠢ ᠴᠠᠭᠠᠵᠠ ᠠᠴᠠ ᠵᠦᠷᠢᠴᠡᠭᠰᠡᠨ ᠭᠡᠷᠡᠭ ᠢ ᠲᠦᠪ ᠴᠢᠩᠭ᠎ᠠ ᠪᠠᠷ ᠪᠠᠶᠢᠴᠠᠭᠠᠨ ᠰᠢᠢᠳᠪᠤᠷᠢᠯᠠᠵᠤ᠂ ᠭᠤᠤᠯᠳᠠᠭ᠎ᠠ ᠲᠠᠢ ᠬᠦᠷᠢᠶᠠᠨ ᠤ ᠢᠯᠵᠠᠷᠠᠯ ᠤᠨ ᠠᠰᠠᠭᠤᠳᠠᠯ ᠢ ᠴᠢᠭᠯᠡᠬᠦᠯᠦᠯᠳᠤ ᠴᠢᠨᠠᠷ ᠲᠠᠢ ᠪᠠᠷ ᠰᠢᠢᠳᠪᠤᠷᠢᠯᠠᠵᠤ᠂ ᠲᠦᠪ ᠤᠨ ᠨᠠᠢᠮᠠᠨ ᠲᠤᠭᠳᠠᠭᠠᠯ ᠤᠨ ᠵᠤᠷᠢᠬ ᠰᠠᠨᠠᠭ᠎ᠠ ᠠᠴᠠ ᠵᠦᠷᠢᠴᠡᠭᠰᠡᠨ ᠪᠠ ᠬᠡᠯᠪᠡᠷᠢᠴᠢ ᠦᠵᠡᠯ᠂ ᠨᠤᠶᠠᠨᠴᠢ ᠰᠤᠷᠳᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠤᠯᠠᠨ ᠲᠦᠮᠡᠨ ᠤ ᠲᠡᠷᠬᠡᠳᠡᠬᠢ ᠢᠯᠵᠠᠷᠠᠯ ᠤᠨ ᠠᠰᠠᠭᠤᠳᠠᠯ ᠪᠤᠯᠤᠨ ᠰᠤᠷᠳᠠᠯ ᠤᠨ ᠠᠰᠠᠭᠤᠳᠠᠯ ᠢ ᠦᠷᠬᠦᠯᠵᠢᠯᠠᠨ ᠴᠡᠭᠴᠡᠯᠡᠨ ᠵᠠᠰᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠬᠡ ᠴᠤᠬᠴᠠᠵᠢᠭᠤᠯᠤᠨ ᠠᠬᠢᠭᠤᠯᠵᠤ᠂ ᠤᠯᠤᠰ ᠲᠦᠷᠤ ᠶᠢᠨ ᠠᠮᠢ ᠠᠬᠤᠢ ᠶᠢ ᠲᠠᠰᠤᠷᠠᠯᠳᠠ ᠦᠬᠡᠢ ᠵᠠᠰᠠᠨ ᠰᠡᠷᠬᠦᠭᠡᠵᠦ ᠴᠡᠪᠡᠷᠰᠢᠬᠦᠯᠬᠦ ᠭᠡᠷᠡᠭᠳᠠᠢ᠃ ᠲᠦᠷᠪᠡ ᠳᠤ ᠰᠢᠨ᠎ᠠ ᠴᠠᠬ ᠦᠶ᠎ᠠ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠤᠭᠤᠮ ᠢ ᠴᠢᠨᠠᠬᠰᠢᠳᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠭᠡᠷᠡᠭᠳᠠᠢ᠃ ᠤᠳᠤᠷᠢᠳᠬᠤ ᠪᠠᠬ ᠤᠨ ᠪᠠᠶᠢᠭᠤᠯᠤᠯᠳᠠ ᠪᠤᠯᠤᠨ ᠺᠠᠳ᠋ᠷ ᠴᠢᠳᠠᠪᠤᠷᠢᠳᠠᠨ ᠤ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠵᠤ᠂ ᠬᠦᠮᠤᠨ ᠰᠤᠩᠭᠤᠬᠤ ᠬᠦᠮᠤᠨ ᠭᠡᠷᠡᠭᠯᠡᠬᠦ ᠲᠠᠯ᠎ᠠ ᠪᠠᠷ ᠬᠢ ᠲᠦᠪ ᠪᠤᠰᠤ ᠰᠤᠷᠳᠠᠯ ᠢ ᠡᠷᠡᠰ ᠴᠡᠭᠴᠡᠯᠡᠨ ᠵᠠᠰᠠᠵᠤ᠂ ︽ᠮᠤᠩᠭᠤᠯ ᠮᠤᠷᠢᠨ ᠤ ᠵᠤᠷᠢᠬ ᠰᠠᠨᠠᠭ᠎ᠠ︾ ᠶᠢ ᠪᠠᠳᠠᠷᠠᠭᠤᠯᠵᠤ᠂ ᠺᠠᠳ᠋ᠷ ᠤᠨ ᠡᠷᠴᠢ ᠵᠤᠷᠢᠬ ᠢ ᠬᠦᠪᠴᠢᠯᠡᠬᠦ ᠭᠡᠷᠡᠭᠳᠠᠢ᠃ ᠬᠤᠭᠤᠴᠠᠭ᠎ᠠ ᠰᠤᠯᠢᠬᠤ ᠠᠵᠢᠯ ᠲᠠᠢ ᠤᠶᠠᠯᠳᠤᠭᠤᠯᠵᠤ ᠬᠦᠳᠡᠭᠡ ᠲᠤᠰᠬᠤᠨ ᠪᠤᠯᠤᠨ ᠨᠡᠶᠢᠬᠡᠮ ᠲᠤᠭᠤᠷᠢᠬ ᠤᠨ ᠦᠨᠳᠤᠰᠤᠨ ᠱᠠᠳᠤᠨ ᠤ ᠨᠠᠮ ᠤᠨ ᠪᠠᠶᠢᠭᠤᠯᠤᠯᠳᠠ ᠶᠢᠨ ᠴᠤᠬᠴᠠᠯᠠᠯᠳᠠ ᠶᠢ ᠴᠢᠩᠭᠠᠳᠬᠠᠬᠤ ᠭᠡᠷᠡᠭᠳᠠᠢ᠃ ᠲᠠᠪᠤ ᠳᠤ ᠴᠡᠭᠴᠡᠯᠠᠨ ᠰᠠᠶᠢᠵᠢᠷᠠᠭᠤᠯᠬᠤ ᠶᠢᠨ ︽ᠰᠡᠬᠦᠯᠴᠢ ᠶᠢᠨ ᠠᠵᠢᠯ︾ ᠢ ᠴᠢᠨᠠᠬᠰᠢᠳᠠ ᠰᠠᠶᠢᠳᠤᠷ ᠬᠢᠬᠦ ᠭᠡᠷᠡᠭᠳᠠᠢ᠃ ᠴᠡᠭᠴᠡᠯᠠᠨ ᠰᠠᠶᠢᠵᠢᠷᠠᠭᠤᠯᠬᠤ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠲᠦᠷᠪᠡ ᠶᠢ ᠠᠭᠤᠰᠤᠯᠴᠠᠭᠤᠯᠬᠤ︾ ᠱᠠᠭᠠᠷᠳᠠᠯᠭ᠎ᠠ ᠪᠠᠷ᠂ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠨᠢᠬᠡᠳᠤᠯᠳᠠᠢ ᠲᠦᠯᠤᠪᠵᠢᠬᠦᠯᠤᠨ ᠰᠠᠶᠢᠳᠤᠷ ᠠᠳᠬᠤᠵᠤ᠂ ᠤᠷᠳᠤ ᠬᠤᠭᠤᠴᠠᠭᠠᠨ ᠤ ᠪᠦᠳᠤᠮᠵᠢᠳᠠᠢ ᠲᠤᠭᠳᠠᠴᠠ ᠶᠢ ᠪᠠᠶᠢᠭᠤᠯᠬᠤ ᠭᠡᠷᠡᠭᠳᠠᠢ᠃      ᠬᠤᠷᠠᠯ ᠠᠴᠠ ᠲᠦᠪ ᠤᠨ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠬᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠤᠬᠠᠢ ᠠᠵᠢᠯ ᠤᠨ ᠱᠠᠭᠠᠷᠳᠠᠯᠭ᠎ᠠ ᠶᠢ ᠤᠯᠠᠮᠵᠢᠯᠠᠵᠦ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠬᠢᠨ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠦ᠂ ᠶᠠᠷᠤᠩᠬᠡᠢ ᠱᠦᠵᠢ ᠰᠢ ᠶᠢᠨ ᠫᠢᠩ ᠤᠨ ᠲᠤᠭᠤᠷᠢᠨ ᠪᠠᠶᠢᠴᠠᠭᠠᠯᠳᠠ ᠶᠢᠨ ᠠᠵᠢᠯ ᠤᠨ ᠬᠠᠷᠢᠭᠤ ᠮᠡᠳᠡᠬᠦᠯᠤᠯᠳᠠ ᠶᠢ ᠰᠤᠨᠤᠰᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠦ᠂ ᠤᠯᠤᠰ ᠲᠦᠷᠤ ᠶᠢᠨ ᠵᠤᠬᠰᠤᠴᠠ ᠪᠠᠨ ᠲᠡᠭᠡᠭᠰᠢᠯᠡᠬᠦᠯᠵᠤ᠂ ︽ᠲᠦᠷᠪᠡᠨ ᠤᠬᠠᠮᠰᠠᠷ︾ ᠢ ᠴᠢᠩᠭᠠᠳᠬᠠᠬᠤ᠂ ︽ᠲᠦᠷᠪᠡᠨ ᠢᠳᠡᠬᠡᠯ︾ ᠢ ᠪᠠᠳᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠬᠦ ᠤᠯᠤᠰ ᠲᠦᠷᠤ ᠶᠢᠨ ᠦᠨᠳᠦᠷᠴᠡ ᠠᠴᠠ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠬᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠦ ᠨᠠᠶᠢᠳᠠᠪᠤᠷᠢᠵᠢᠭᠤᠯᠬᠤ ᠠᠵᠢᠯ ᠢ ᠰᠠᠶᠢᠳᠤᠷ ᠠᠳᠬᠤᠵᠤ᠂ ᠤᠯᠤᠰ ᠲᠦᠷᠤ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠤ ᠶᠢᠨ ᠤᠢᠢᠯᠠᠭᠠᠬᠤ ᠴᠢᠳᠠᠪᠤᠷᠢ᠂ ᠤᠯᠤᠰ ᠲᠦᠷᠤ ᠶᠢᠨ ᠬᠡᠷᠡᠭᠵᠢᠬᠦᠯᠬᠦ ᠴᠢᠳᠠᠪᠤᠷᠢ ᠪᠠᠨ ᠴᠢᠨᠠᠬᠰᠢᠳᠠ ᠲᠡᠭᠡᠭᠰᠢᠯᠡᠬᠦᠯᠵᠤ᠂ ᠲᠤᠰ ᠭᠠᠵᠠᠷ ᠤᠷᠤᠨ ᠤ ᠪᠠᠨ ᠰᠢᠨ᠎ᠠ ᠬᠦᠭᠵᠢᠯᠳᠠ ᠶᠢᠨ ᠱᠠᠳᠤ᠂ ᠰᠢᠨ᠎ᠠ ᠬᠦᠭᠵᠢᠯᠳᠠ ᠶᠢᠨ ᠪᠠᠶᠢᠷᠢᠰᠢᠯ ᠳᠠᠬᠢ ᠤᠷᠤᠨ ᠪᠠᠶᠢᠷᠢ ᠪᠠᠨ ᠤᠨᠤᠪᠴᠢᠳᠠᠢ ᠡᠵᠡᠮᠳᠡᠵᠤ᠂ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠤᠨᠤᠴᠠᠳᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠠᠷᠪᠠᠨ ᠲᠦᠷᠪᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ ᠶᠢ ᠰᠠᠶᠢᠨ ᠡᠬᠢᠯᠠᠯᠳᠠ ᠲᠠᠢ ᠪᠤᠯᠭᠠᠬᠤ ᠶᠢ ᠪᠠᠳᠤᠯᠠᠬᠤ ᠭᠡᠷᠡᠭᠳᠠᠢ᠃ ᠦᠬᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠤᠨ ᠦᠷ᠎ᠠ ᠪᠦᠳᠤᠮᠵᠢ ᠭᠠᠷᠭᠠᠬᠤ ᠶᠢ ᠠᠬᠢᠭᠤᠯᠵᠤ᠂ ᠦᠬᠡᠷᠡᠴᠢᠯᠠᠯᠳᠠ ᠶᠢᠨ ᠦᠢᠯᠡᠳᠦᠯ ᠴᠢᠳᠠᠪᠬᠢ ᠶᠢ ᠬᠦᠢᠴᠡᠳ ᠪᠠᠳᠠᠷᠠᠭᠤᠯᠵᠤ᠂ ᠵᠠᠰᠠᠯᠳᠠ ᠶᠢᠨ ᠴᠢᠳᠠᠪᠤᠷᠢ ᠶᠢ ᠲᠡᠭᠡᠭᠰᠢᠯᠡᠬᠦᠯᠬᠦ ᠭᠡᠷᠡᠭᠳᠠᠢ᠃ ᠬᠦᠨᠳᠤ ᠶᠡᠭᠡ ᠠᠶᠤᠯ ᠲᠦᠭᠰᠢᠬᠦᠷᠢ ᠶᠢ ᠰᠡᠷᠬᠡᠶᠢᠯᠡᠨ ᠰᠢᠢᠳᠪᠤᠷᠢᠯᠡᠬᠦ ᠤᠬᠠᠮᠰᠠᠷ ᠪᠤᠯᠤᠨ ᠴᠢᠳᠠᠪᠤᠷᠢ ᠪᠠᠨ ᠴᠢᠩᠭᠠᠳᠬᠠᠵᠤ᠂ ᠬᠦᠭᠵᠢᠯᠳᠠ ᠪᠤᠯᠤᠨ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠬᠡᠳᠤᠯᠳᠠᠢ ᠲᠦᠯᠤᠪᠵᠢᠬᠦᠯᠤᠨ ᠰᠠᠶᠢᠳᠤᠷ ᠠᠳᠬᠤᠬᠤ ᠭᠡᠷᠡᠭᠳᠠᠢ᠃ ᠪᠦᠬᠦ ᠲᠠᠯ᠎ᠠ ᠪᠠᠷ ᠨᠡᠮ ᠢ ᠴᠢᠩᠭ᠎ᠠ ᠵᠠᠰᠠᠬᠤ ᠶᠢᠨ ᠬᠦᠳᠤᠯᠤᠨ ᠵᠢᠯᠤᠭᠤᠳᠴᠤ ᠪᠠᠳᠤᠯᠠᠬᠤ ᠤᠢᠢᠯᠡᠳᠤᠯ ᠢ ᠬᠦᠢᠴᠡᠳ ᠪᠠᠳᠠᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ︽ᠬᠤᠶᠠᠷ ᠬᠠᠷᠢᠭᠤᠴᠠᠯᠭ᠎ᠠ︾ ᠶᠢ ᠡᠷᠡᠰ ᠨᠠᠶᠢᠳᠠᠪᠤᠷᠢᠵᠢᠭᠤᠯᠵᠤ᠂ ᠱᠠᠳᠤ ᠱᠠᠳᠤ ᠪᠠᠷ ᠲᠠᠷᠤᠯᠲᠠ ᠦᠭᠴᠤ ᠪᠠᠶᠢᠭᠠᠳ ᠪᠤᠳᠠᠳᠠᠶᠢᠵᠢᠭᠤᠯᠤᠨ᠂ ᠴᠢᠩᠭ᠎ᠠ ᠪᠠᠶᠢᠯᠭᠠᠬᠤ ᠭᠤᠤᠯ ᠬᠦᠭ ᠠᠶᠠᠰ ᠢ ᠤᠷᠳᠤ ᠬᠤᠭᠤᠴᠠᠭ᠎ᠠ ᠪᠠᠷᠢᠮᠳᠠᠯᠠᠬᠤ ᠭᠡᠷᠡᠭᠳᠠᠢ᠃ ᠢᠯᠵᠠᠷᠡᠯ ᠢ ᠡᠰᠡᠷᠬᠦᠴᠡᠬᠦ ᠲᠡᠮᠡᠴᠡᠯ ᠢ ᠡᠷᠡᠰ ᠭᠤᠶᠢᠪᠢᠰᠢ ᠦᠬᠡᠢ ᠪᠠᠷ ᠬᠦᠨᠵᠡᠬᠡᠶᠢᠷᠡᠬᠦᠯᠵᠤ᠂ ᠡᠷᠬᠡ ᠳᠤ ᠬᠢᠨᠠᠯᠳᠠ ᠲᠠᠯᠪᠢᠵᠦ ᠬᠢᠵᠠᠭᠠᠷᠯᠠᠬᠤ ᠲᠤᠭᠳᠠᠴᠠ ᠶᠢ ᠲᠡᠬᠦᠯᠳᠡᠷᠵᠢᠬᠦᠯᠵᠤ᠂ ︽ᠵᠠᠩᠬᠢᠯᠠᠭ᠎ᠠ ᠶᠢᠨ ᠴᠦᠬᠡᠨ ᠲᠤᠭᠠᠳᠠᠨ︾ ᠢᠯᠠᠩᠭᠤᠶ᠎ᠠ ︽ᠨᠢᠬᠡᠳᠤᠭᠡᠷ ᠬᠠᠷᠢᠭᠤᠴᠠᠯᠭᠠᠳᠠᠨ︾ ᠳᠠᠬᠢ ᠬᠢᠨᠠᠯᠳᠠ ᠲᠠᠯᠪᠢᠯᠲᠠ ᠶᠢ ᠲᠤᠪᠤᠶᠢᠮ᠎ᠠ ᠴᠢᠩᠭᠠᠳᠬᠠᠵᠦ᠂ ᠭᠤᠤᠯᠳᠠᠯᠭ᠎ᠠ ᠲᠠᠢ ᠬᠦᠷᠢᠶᠠᠨ ᠤ ᠢᠯᠵᠠᠷᠠᠯ ᠤᠨ ᠠᠰᠠᠭᠤᠳᠠᠯ ᠢ ᠲᠦᠪᠯᠡᠷᠡᠬᠦᠯᠤᠨ ᠴᠡᠭᠴᠡᠯᠡᠨ ᠵᠠᠰᠠᠬᠤ ᠭᠡᠷᠡᠭᠳᠠᠢ᠃ ︽ᠲᠦᠷᠪᠡᠨ ᠰᠤᠷᠳᠠᠯ︾ ᠢ ᠤᠬᠳᠤ ᠰᠤᠯᠠᠷᠠᠭᠤᠯᠬᠤ ᠦᠬᠡᠢ ᠪᠠᠷ ᠴᠡᠭᠴᠡᠯᠠᠵᠤ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠤᠨ ᠠᠰᠠᠭᠤᠳᠠᠯ ᠳᠤ ᠪᠦᠬᠦ ᠲᠠᠯ᠎ᠠ ᠪᠠᠷ ᠬᠢᠨᠠᠨ ᠪᠠᠶᠢᠴᠠᠭᠠᠯᠳᠠ ᠬᠢᠵᠤ᠂ ᠬᠠᠷᠠᠯᠲᠠ ᠲᠠᠢ ᠪᠠᠷ ᠵᠠᠰᠠᠨ ᠵᠠᠯᠠᠷᠠᠭᠤᠯᠵᠤ᠂ ᠲᠦᠪ ᠤᠨ ᠨᠠᠢᠮᠠᠨ ᠲᠤᠭᠳᠠᠭᠠᠯ ᠤᠨ ᠵᠤᠷᠢᠬ ᠰᠠᠨᠠᠭ᠎ᠠ ᠶᠢ ᠨᠠᠶᠢᠳᠠᠪᠤᠷᠢᠵᠢᠭᠤᠯᠬᠤ ᠠᠵᠢᠯ ᠢ ᠴᠦᠬᠦᠷᠡᠰᠢ ᠦᠬᠡᠢ ᠪᠠᠷ ᠰᠠᠶᠢᠳᠤᠷ ᠠᠳᠬᠤᠬᠤ ᠭᠡᠷᠡᠭᠳᠠᠢ᠃ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠤ᠂ ᠨᠠᠮ ᠤᠨ ᠲᠦᠪ ᠬᠤᠷᠢᠶᠠᠨ ᠤ ᠠᠷᠠᠳ ᠲᠤ ᠠᠰᠢᠬ ᠬᠦᠷᠳᠡᠬᠡᠵᠤ ᠠᠷᠠᠳ ᠢ ᠪᠠᠶᠠᠵᠢᠭᠤᠯᠬᠤ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠰᠤᠷᠭᠠᠨ ᠬᠦᠮᠤᠵᠢᠯ ᠡᠮ ᠡᠮᠨᠡᠯᠬᠡ᠂ ᠨᠠᠰᠤᠵᠢᠯ ᠤᠨ ᠲᠠᠭᠠᠳᠬᠠᠯ᠂ ᠶᠠᠳᠠᠭᠤ ᠶᠢ ᠲᠡᠳᠬᠦᠬᠦ ᠤᠷᠴᠢᠨ ᠲᠤᠭᠤᠷᠢᠨ ᠤ ᠬᠠᠮᠠᠭᠠᠯᠠᠯᠳᠠ᠂ ᠬᠠᠤᠯᠢ ᠪᠠᠷᠢᠵᠤ ᠬᠠᠤᠯᠢ ᠭᠡᠷᠡᠭᠵᠢᠬᠦᠯᠬᠦ ᠵᠡᠷᠬᠡ ᠬᠦᠷᠢᠶᠠᠨ ᠤ ᠢᠯᠵᠠᠷᠠᠯ ᠪᠤᠯᠤᠨ ᠲᠦᠪ ᠪᠤᠰᠤ ᠰᠤᠷᠳᠠᠯ ᠢ ᠦᠷᠬᠦᠯᠵᠢᠯᠠᠨ ᠵᠠᠰᠠᠨ ᠵᠠᠯᠠᠷᠠᠭᠤᠯᠵᠤ᠂ ᠤᠯᠠᠨ ᠲᠦᠮᠡᠨ ᠤ ︽ᠪᠠᠴᠢᠮᠳᠠᠵᠦ ᠰᠠᠨᠲᠤᠷᠴᠤ ᠬᠦᠴᠢᠷᠳᠡᠵᠦ ᠲᠦᠪᠡᠭᠲᠡᠵᠤ ᠵᠤᠪᠠᠵᠤ ᠬᠦᠰᠡᠵᠤ︾ ᠪᠠᠶᠢᠭ᠎ᠠ ᠠᠰᠠᠭᠤᠳᠠᠯ ᠢ ᠰᠠᠶᠢᠳᠤᠷ ᠰᠢᠢᠳᠪᠤᠷᠢᠯᠡᠬᠦ ᠭᠡᠷᠡᠭᠳᠠᠢ᠃ ᠰᠢᠨ᠎ᠠ ᠴᠠᠬ ᠦᠶ᠎ᠠ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠤᠭᠤᠮ ᠢ ᠬᠦᠨᠵᠡᠬᠡᠢ ᠲᠤᠭᠤᠰᠢᠯᠠᠭᠤᠯᠵᠤ᠂ ᠤᠳᠤᠷᠢᠳᠬᠤ ᠪᠠᠬ᠂ ᠺᠠᠳ᠋ᠷ ᠤᠨ ᠡᠩᠨᠡᠭᠡ ᠪᠤᠯᠤᠨ ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ ᠶᠢ ᠴᠢᠩᠭᠠᠳᠬᠠᠵᠤ᠂ ᠴᠢᠨᠠᠷ ᠰᠠᠶᠢᠳᠠᠢ ᠬᠦᠭᠵᠢᠯᠳᠠ ᠳᠤ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠶᠢ ᠪᠠᠬᠢᠵᠢᠬᠦᠯᠵᠦ ᠦᠭᠬᠦ ᠭᠡᠷᠡᠭᠳᠠᠢ ᠬᠡᠵᠤ ᠱᠠᠭᠠᠷᠳᠠᠪᠠ᠃      ᠬᠤᠷᠠᠯ ᠠᠴᠠ᠂ ᠦᠪᠤᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠡ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠬᠤ ᠶᠢ ᠴᠢᠬᠤᠯᠠ ᠤᠯᠤᠰ ᠲᠦᠷᠦ ᠶᠢᠨ ᠡᠬᠦᠷᠭᠡ ᠪᠤᠯᠭᠠᠵᠦ᠂ ᠢᠯᠠᠩᠭᠤᠶ᠎ᠡ ᠱᠦᠵᠢ ᠨᠢᠭᠡᠳᠤᠭᠡᠷ ᠬᠠᠷᠢᠭᠤᠴᠠᠯᠭᠠᠳᠠᠨ ᠤ ᠬᠠᠷᠢᠭᠤᠴᠠᠯᠭ᠎ᠠ ᠶᠢ ᠡᠬᠦᠷᠭᠡᠯᠡᠵᠤ᠂ ᠪᠠᠭ ᠤᠨ ᠪᠦᠷᠢᠯᠳᠦᠬᠦᠨ ᠨᠠᠷ ︽ᠨᠢᠭᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠵᠤ᠂ ︽ᠲᠦᠷᠪᠡ ᠶᠢ ᠠᠭᠤᠰᠤᠯᠴᠠᠭᠤᠯᠬᠤ︾ ᠱᠠᠭᠠᠷᠳᠠᠯᠭ᠎ᠠ ᠶᠤᠰᠤᠭᠠᠷ᠂ ᠠᠰᠠᠭᠤᠳᠠᠯ ᠤᠨ ᠨᠠᠷᠢᠨ ᠲᠠᠩᠰᠠ᠂ ᠡᠬᠦᠷᠭᠡ ᠶᠢᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠨᠠᠷᠢᠨ ᠬᠢᠨᠠᠮᠠᠭᠠᠢ ᠲᠤᠬᠳᠠᠭᠠᠵᠤ᠂ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠪᠠ ︽ᠠᠷᠪᠡᠨ ᠲᠦᠷᠪᠡᠳᠤᠭᠡᠷ ᠲᠠᠪᠤᠨ ᠵᠢᠯ︾ ᠤᠨ ᠲᠦᠯᠦᠪᠵᠢᠬᠦᠯᠭᠡ ᠶᠢ ᠲᠤᠬᠳᠠᠭᠠᠨ ᠭᠡᠷᠡᠭᠵᠢᠬᠦᠯᠬᠦ᠂ ᠤᠷᠤᠨ ᠨᠤᠳᠤᠭ ᠤᠨ ᠨᠠᠮ ᠤᠨ ᠬᠤᠷᠢᠶᠠᠨ ᠤ ᠬᠤᠭᠤᠴᠠᠭ᠎ᠠ ᠰᠤᠯᠢᠬᠤ ᠠᠵᠢᠯ ᠢ ᠦᠷᠨᠢᠬᠦᠯᠬᠦ᠂ ᠦᠭᠡᠷᠡᠴᠢᠯᠡᠯᠳᠠ ᠶᠢ ᠪᠦᠬᠦ ᠲᠠᠯ᠎ᠡ ᠪᠠᠷ ᠬᠦᠨᠵᠡᠭᠡᠶᠢᠷᠠᠬᠦᠯᠬᠦ᠂ ᠪᠦᠬᠦ ᠲᠠᠯ᠎ᠡ ᠪᠠᠷ ᠨᠠᠮ ᠢ ᠴᠢᠩᠭ᠎ᠠ ᠵᠠᠰᠠᠬᠤ ᠵᠡᠷᠭᠡ ᠶᠢ ᠤᠷᠭᠠᠨᠢᠭ ᠢᠶᠠᠷ ᠤᠶᠠᠯᠳᠤᠭᠤᠯᠵᠤ᠂ ᠰᠢᠰᠲ᠋ᠧᠮᠲᠣ ᠦᠵᠡᠯᠳᠠ ᠶᠢ ᠭᠡᠷᠡᠭᠯᠡᠵᠤ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠳᠦᠭᠡᠯ ᠢ ᠠᠰᠢᠬᠯᠠᠬᠤ ᠶᠢ ᠨᠢᠭᠡᠳᠤᠯᠳᠠᠢ ᠲᠦᠯᠦᠪᠵᠢᠬᠦᠯᠤᠨ ᠰᠠᠶᠢᠳᠤᠷ ᠠᠳᠬᠤᠬᠤ ᠭᠡᠷᠡᠭᠳᠠᠢ᠃ ᠪᠦᠬᠦ ᠲᠠᠯ᠎ᠡ ᠪᠠᠷ ᠴᠡᠭᠴᠡᠯᠡᠨ ᠰᠠᠶᠢᠵᠢᠷᠠᠭᠤᠯᠬᠤ᠂ ᠪᠠᠷᠢᠨ ᠭᠡᠷᠡᠭᠵᠢᠬᠦᠯᠵᠤ ᠪᠠᠷᠢᠨ ᠦᠭᠡᠷᠡᠴᠢᠯᠡᠬᠦ᠂ ᠲᠠᠷᠦ᠋ᠢᠬᠠᠨ ᠮᠠᠳᠠᠵᠤ ᠲᠠᠷᠦ᠋ᠢᠬᠠᠨ ᠵᠠᠰᠠᠬᠤ᠂ ᠦᠨᠡᠨ ᠬᠦ ᠵᠠᠰᠠᠵᠤ ᠪᠤᠳᠠᠳᠠᠢ ᠵᠠᠰᠠᠬᠤ ᠶᠢ ᠪᠠᠷᠢᠮᠳᠠᠯᠠᠵᠤ᠂ ᠴᠡᠭᠴᠡᠯᠡᠨ ᠰᠠᠶᠢᠵᠢᠷᠠᠭᠤᠯᠬᠤ ᠤᠷᠳᠤ ᠬᠤᠭᠤᠴᠠᠭᠠᠨ ᠤ ᠪᠦᠳᠦᠮᠵᠢᠳᠠᠢ ᠲᠤᠬᠳᠠᠴᠠ ᠶᠢ ᠪᠠᠶᠢᠭᠤᠯᠤᠨ ᠪᠦᠷᠢᠨᠰᠢᠬᠦᠯᠵᠤ᠂ ᠲᠠᠬᠢᠨ ᠲᠠᠪᠳᠠᠨ ᠢᠯᠡᠷᠡᠬᠦ᠂ ᠨᠡᠶᠢᠳᠡᠮ ᠡᠬᠦᠰᠬᠦ ᠠᠰᠠᠭᠤᠳᠠᠯ ᠢ ᠲᠦᠷᠢᠮ ᠲᠤᠬᠳᠠᠴᠠ ᠶᠢᠨ ᠲᠠᠯ᠎ᠡ ᠠᠴᠠ ᠰᠢᠯᠳᠠᠭᠠᠨ ᠡᠷᠢᠬᠦ ᠶᠢ ᠴᠢᠬᠤᠯᠠᠴᠢᠯᠠᠵᠤ᠂ ᠦᠡᠭᠭᠡᠨ ᠲᠠᠯ᠎ᠡ ᠪᠡ ᠦᠨᠳᠤᠰᠤ ᠠᠴᠠ ᠨᠢ ᠵᠠᠰᠠᠬᠤ ᠶᠢ ᠬᠦᠨᠵᠡᠭᠡᠶᠢᠷᠠᠬᠦᠯᠬᠦ ᠭᠡᠷᠡᠭᠳᠠᠢ᠃ ᠲᠤᠭᠤᠷᠢᠨ ᠪᠠᠶᠢᠴᠠᠭᠠᠬᠤ ᠪᠠ ᠰᠠᠬᠢᠯᠭ᠎ᠠ ᠪᠠᠳᠤ᠂ ᠬᠢᠨᠡᠨ ᠪᠠᠶᠢᠴᠠᠭᠠᠬᠤ᠂ ᠲᠤᠮᠢᠯᠠᠨ ᠰᠠᠭᠤᠯᠭᠠᠬᠤ᠂ ᠵᠤᠬᠢᠶᠠᠨ ᠪᠠᠶᠢᠭᠤᠯᠬᠤ ᠵᠡᠷᠭᠡ ᠶᠢᠨ ᠬᠢᠨᠡᠯᠳᠠ ᠲᠠᠯᠪᠢᠬᠤ ᠶᠢ ᠨᠢᠭᠡᠳᠤᠯᠳᠠᠢ ᠲᠦᠯᠦᠪᠵᠢᠬᠦᠯᠤᠨ ᠵᠤᠯᠭᠠᠭᠤᠯᠬᠤ ᠶᠢ ᠴᠢᠩᠭᠠᠳᠬᠠᠵᠤ᠂ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠪᠠᠶᠢᠭᠤᠯᠭ᠎ᠠ ᠪᠠ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠤᠨ ᠬᠢᠨ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠳᠠᠬᠢ ᠡᠳᠦᠷ ᠲᠤᠳᠤᠮ ᠤᠨ ᠬᠢᠨᠡᠯᠳᠠ ᠲᠠᠯᠪᠢᠬᠤ ᠪᠠᠨ ᠴᠢᠩᠭᠠᠳᠬᠠᠵᠤ᠂ ᠦᠷᠬᠦᠯᠵᠢᠯᠡᠨ ᠮᠦᠷᠳᠡᠨ ᠱᠠᠯᠠᠪᠳᠠᠭᠤᠯᠤᠨ ᠰᠢᠢᠳᠪᠤᠷᠢᠯᠡᠵᠤ᠂ ᠬᠢᠨᠡᠯᠳᠠ ᠲᠠᠯᠪᠢᠬᠤ ᠬᠠᠮᠳᠤᠷᠠᠯ ᠬᠦᠴᠤᠨ ᠢ ᠪᠦᠷᠢᠯᠳᠦᠬᠦᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠬᠰᠡᠨ ᠪᠠᠶᠢᠳᠠᠯ ᠢ ᠤᠳᠤᠷᠢᠳᠬᠤ ᠪᠠᠭ ᠤᠨ ᠶᠡᠷᠤᠩᠭᠡᠶᠢᠯᠡᠭᠰᠡᠨ ᠰᠢᠯᠭᠠᠨ ᠪᠠᠶᠢᠴᠠᠭᠠᠯᠳᠠ ᠳᠤ ᠤᠷᠤᠭᠤᠯᠵᠤ᠂ ᠠᠯᠪᠡ ᠬᠠᠰᠢᠵᠤ ᠴᠡᠭᠴᠡᠯᠡᠨ ᠰᠠᠶᠢᠵᠢᠷᠠᠭᠤᠯᠬᠤ᠂ ᠴᠡᠭᠴᠡᠯᠡᠨ ᠰᠠᠶᠢᠵᠢᠷᠠᠭᠤᠯᠤᠬᠰᠡᠨ ᠢᠶᠠᠷ ᠬᠦᠴᠤᠳᠠᠢ ᠪᠢᠰᠢ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠬᠰᠡᠨ ᠢ ᠴᠢᠩᠭ᠎ᠠ ᠬᠠᠷᠢᠭᠤᠴᠠᠯᠭ᠎ᠠ ᠨᠡᠭᠡᠮᠵᠢᠯᠡᠬᠦ ᠭᠡᠷᠡᠭᠳᠠᠢ ᠭᠡᠵᠤ ᠴᠢᠬᠤᠯᠠᠴᠢᠯᠠᠪᠠ᠃      ᠱᠢ ᠲᠠᠢ ᠹᠧᠩ᠂ ᠲᠦᠪ ᠤᠨ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠬᠤ ᠳᠤ ᠵᠢᠭᠠᠵᠤ ᠭᠠᠷᠭᠠᠬᠰᠡᠨ ᠠᠰᠠᠭᠤᠳᠠᠯ ᠨᠢ ᠭᠤᠤᠯᠳᠠᠯᠭ᠎ᠠ ᠶᠢ ᠠᠳᠬᠤᠨ ᠠᠮᠢᠨ ᠭᠠᠵᠠᠷ ᠢ ᠤᠨᠤᠭᠠᠵᠤ᠂ ᠲᠤᠷᠠᠳᠤᠬᠰᠡᠨ ᠴᠡᠭᠴᠡᠯᠡᠨ ᠰᠠᠶᠢᠵᠢᠷᠠᠭᠤᠯᠬᠤ ᠬᠠᠷᠠᠯᠲᠠ ᠱᠠᠭᠠᠷᠳᠠᠯᠭ᠎ᠠ ᠨᠢ ᠨᠠᠷᠢᠨ ᠤᠨᠤᠴᠠᠲᠠᠢ ᠪᠠᠶᠢᠵᠤ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠤᠳᠠᠳᠤ ᠪᠠᠶᠢᠳᠠᠯ ᠲᠠᠢ ᠨᠠᠶᠢᠴᠡᠪᠠ᠂ ᠪᠢᠳᠠ ᠴᠢᠩ ᠦᠨᠡᠨᠴᠢ ᠪᠠᠷ ᠬᠦᠯᠢᠶᠠᠨ ᠠᠪᠴᠤ᠂ ᠱᠠᠭᠠᠷᠳᠠᠯᠭ᠎ᠠ ᠶᠤᠰᠤᠭᠠᠷ ᠪᠦᠬᠦᠨ ᠢ ᠬᠦᠯᠢᠶᠠᠨ ᠠᠪᠴᠤ᠂ ᠨᠠᠮ ᠤᠨ ᠲᠦᠪ ᠬᠤᠷᠢᠶᠠᠨ ᠤ ᠱᠠᠭᠠᠷᠳᠠᠯᠭ᠎ᠠ ᠶᠤᠰᠤᠭᠠᠷ ᠴᠡᠭᠴᠡᠯᠡᠨ ᠰᠠᠶᠢᠵᠢᠷᠠᠭᠤᠯᠬᠤ ᠶᠢ ᠡᠷᠡᠰ ᠲᠦᠢᠯᠪᠤᠷᠢᠳᠠᠢ ᠰᠠᠶᠢᠳᠤᠷ ᠠᠳᠬᠤᠵᠤ᠂ ᠨᠠᠶᠢᠳᠠᠪᠤᠷᠢᠵᠢᠭᠤᠯᠤᠯᠳᠠ ᠶᠢ ᠲᠡᠷᠡ ᠶᠤᠰᠤᠭᠠᠷ ᠨᠢ ᠰᠠᠶᠢᠳᠤᠷ ᠠᠳᠬᠤᠨ᠎ᠠ᠃ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠬᠦᠯᠵᠤ᠂ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠬᠤ ᠤᠯᠤᠰ ᠲᠦᠷᠦ ᠶᠢᠨ ᠠᠴᠢ ᠬᠤᠯᠪᠤᠬᠳᠠᠯ᠂ ᠤᠯᠤᠰ ᠲᠦᠷᠦ ᠶᠢᠨ ᠬᠦᠨᠳᠤᠴᠠ ᠶᠢ ᠬᠦᠢᠴᠡᠳ ᠲᠠᠨᠢᠵᠤ᠂ ᠶᠡᠷᠤᠩᠭᠡᠢ ᠱᠦᠵᠢ ᠰᠢ ᠶᠢᠨ ᠫᠢᠩ ᠤᠨ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠦᠪ ᠤᠨ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠢ ᠱᠠᠭᠠᠷᠳᠠᠯᠭ᠎ᠠ ᠶᠢ ᠪᠦᠬᠦ ᠲᠠᠯ᠎ᠡ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠬᠤ ᠦᠵᠡᠯ ᠰᠠᠨᠠᠭᠠᠨ ᠤ ᠤᠬᠠᠮᠰᠠᠷ ᠤᠯᠤᠰ ᠲᠦᠷᠦ ᠶᠢᠨ ᠤᠬᠠᠮᠰᠠᠷ ᠦᠢᠯᠠ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠡᠨᠡ ᠬᠦ ᠴᠢᠬᠤᠯᠠ ᠶᠡᠭᠡ ᠤᠯᠤᠰ ᠲᠦᠷᠦ ᠶᠢᠨ ᠡᠬᠦᠷᠭᠡ ᠶᠢ ᠦᠨᠡᠨ ᠬᠦ ᠴᠢᠩᠭ᠎ᠠ ᠠᠳᠬᠤᠵᠤ ᠪᠤᠳᠠᠳᠠᠢ ᠠᠳᠬᠤᠵᠤ ᠪᠠᠶᠢᠭᠠᠳ ᠪᠤᠲᠠᠳᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠪᠤᠳᠠᠳᠠᠢ ᠦᠢᠯᠡ ᠠᠵᠢᠯᠯᠠᠭ᠎ᠠ ᠪᠠ ᠦᠷ᠎ᠡ ᠪᠦᠳᠦᠮᠵᠢ ᠪᠠᠷ ︽ᠬᠤᠶᠠᠷ ᠢ ᠬᠠᠮᠠᠭᠠᠯᠠᠬᠤ︾ ᠶᠢ ᠦᠢᠯᠡᠳᠤᠯᠭᠡᠵᠢᠬᠦᠯᠵᠤ᠂ ᠬᠠᠷᠢᠴᠠᠯᠠᠰᠢᠬᠦᠢ ᠦᠨᠡᠨᠴᠢ ᠰᠢᠳᠤᠷᠭᠤ ᠶᠢ ᠲᠠᠶᠢᠯᠪᠤᠷᠢᠯᠠᠨ᠎ᠠ᠃ ᠬᠠᠷᠢᠭᠤᠴᠠᠯᠭ᠎ᠠ ᠡᠬᠦᠷᠭᠡᠯᠡᠯ ᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠬᠢᠨᠠᠯᠳᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠰᠢᠰᠲ᠋ᠧᠮᠲᠣ ᠵᠠᠰᠠᠯᠳᠠ ᠶᠢ ᠪᠠᠷᠢᠮᠳᠠᠯᠠᠵᠤ᠂ ᠨᠦᠬᠦᠴᠡᠯ ᠲᠤᠷᠠᠳᠬᠤ ᠦᠭᠡᠢ᠂ ᠰᠢᠯᠳᠠᠭ ᠬᠡᠯᠡᠬᠦ ᠦᠭᠡᠢ᠂ ᠲᠡᠷᠡ ᠶᠤᠰᠤᠭᠠᠷ ᠨᠢ᠂ ᠪᠦᠬᠦ ᠬᠦᠴᠤᠨ ᠢᠶᠠᠷ ᠢᠶᠠᠨ ᠲᠦᠪ ᠤᠨ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠬᠰᠡᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠨ᠎ᠠ᠃ ᠦᠷ᠎ᠡ ᠪᠦᠳᠤᠭᠡᠯ ᠢ ᠠᠰᠢᠬᠯᠠᠬᠤ ᠶᠢ ᠦᠨᠡᠨ ᠬᠦ ᠰᠠᠶᠢᠳᠤᠷ ᠠᠳᠬᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠪᠦᠬᠦ᠋ᠢᠯᠡ ᠠᠵᠢᠯ ᠤᠨ ᠲᠦᠪᠰᠢᠨ ᠤ ᠲᠠᠭᠡᠭᠰᠢᠯᠡᠯᠳᠠ ᠶᠢ ᠲᠠᠶᠢᠴᠢᠯᠠᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠶᠢ ᠴᠢᠩᠭᠠᠳᠬᠠᠬᠤ᠂ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ᠂ ᠦᠨᠳᠤᠰᠤᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ᠂ ᠪᠦᠬᠦ ᠲᠠᠯ᠎ᠡ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠲᠠᠯ᠎ᠠ ᠪᠠᠷ ᠦᠷᠬᠦᠯᠵᠢᠯᠡᠨ ᠬᠦᠴᠦᠯᠡᠵᠦ᠂ ᠡᠯ᠎ᠡ ᠵᠦᠢᠯ ᠤᠨ ᠠᠵᠢᠯ ᠦᠢᠯᠡᠰ ᠤᠨ ᠬᠦᠭᠵᠢᠯᠳᠠ ᠶᠢᠨ ᠰᠢᠨ᠎ᠡ ᠪᠠᠶᠢᠳᠠᠯ ᠢ ᠴᠢᠷᠮᠠᠶᠢᠨ ᠡᠬᠦᠳᠦᠨ᠎ᠡ ᠭᠡᠵᠤ ᠢᠯᠡᠳᠭᠡᠪᠡ᠃      ᠲᠦᠪ ᠤᠨ ᠨᠠᠢᠮᠠᠳᠤᠭᠠᠷ ᠲᠤᠭᠤᠷᠢᠨ ᠪᠠᠶᠢᠴᠠᠭᠠᠬᠤ ᠲᠤᠭᠤᠢᠢᠯᠠᠩ᠂ ᠲᠦᠪ ᠤᠨ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠠᠯᠪᠡᠨ ᠭᠡᠷ ᠤᠨ ᠬᠤᠯᠪᠤᠬᠳᠠᠯ ᠪᠦᠬᠦᠢ ᠨᠦᠬᠦᠳ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ ᠪᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠡ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠢᠢᠯᠠᠩ ᠤᠨ ᠤᠳᠤᠷᠢᠳᠬᠤ ᠪᠠᠭ ᠤᠨ ᠪᠦᠷᠢᠯᠳᠤᠬᠦᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠬᠦᠬᠦ ᠬᠤᠷᠢᠶ᠎ᠡ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ ᠲᠤᠬᠠᠢ ᠶᠢᠨ ᠲᠠᠯᠠᠪᠠᠢ ᠶᠢᠨ ᠬᠠᠷᠢᠭᠤ ᠲᠤᠰᠬᠠᠬᠤ ᠬᠤᠷᠠᠯ ᠳᠤ ᠤᠷᠤᠯᠴᠠᠪᠠ︔ ᠦᠪᠡᠷᠳᠡᠭᠡᠨ ᠵᠠᠰᠠᠬᠤ ᠤᠷᠤᠨ ᠤ ᠪᠤᠰᠤᠳ ᠲᠡᠳ᠋ ᠮᠤᠵᠢ ᠶᠢᠨ ᠲᠡᠰ ᠤᠨ ᠤᠳᠤᠷᠢᠳᠬᠤ ᠺᠠᠳ᠋ᠷ᠂ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠡ ᠬᠢᠨᠡᠨ ᠪᠠᠶᠢᠴᠠᠭᠠᠬᠤ ᠵᠦᠪᠯᠡᠯ ᠪᠠ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ ᠤᠨ ᠤᠳᠤᠷᠢᠳᠬᠤ ᠪᠠᠭ ᠤᠨ ᠪᠦᠷᠢᠯᠳᠦᠬᠦᠨ᠂ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠯᠪᠡᠨ ᠭᠡᠷ ᠤᠨ ᠡᠷᠬᠢᠯᠡᠭᠴᠢ ᠪᠠ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠵᠢᠯ ᠤᠨ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠨᠦᠬᠦᠳ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠦᠷᠢᠯᠳᠦᠬᠦᠨ ᠰᠠᠯᠠᠭ᠎ᠠ ᠮᠦᠴᠢᠷ ᠪᠠ ᠰᠢᠭᠤᠳ ᠬᠠᠷᠢᠶ᠎ᠡ ᠪᠠᠶᠢᠭᠤᠯᠤᠮᠵᠢ ᠶᠢᠨ ᠨᠠᠮ ᠤᠨ ᠤᠳᠤᠷᠢᠳᠬᠤ ᠲᠤᠭᠤᠢᠢᠯᠠᠩ ᠤᠨ ᠭᠤᠤᠯ ᠬᠠᠷᠢᠭᠤᠴᠠᠯᠭᠠᠳᠠᠨ ᠨᠦᠬᠦᠳ ᠬᠤᠷᠠᠯ ᠳᠤ ᠰᠤᠯᠠ ᠤᠷᠤᠯᠴᠠᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ