ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | 2020 ᠣᠨ ᠤ ᠪᠦᠬᠦ ᠤᠯᠤᠰ ᠤᠨ ᠬᠤᠶᠠᠷ ᠬᠤᠷᠠᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠤᠰᠪᠠ | ᠤᠯᠠᠨ ᠤ ᠤᠶᠤᠨ ᠤᠬᠠᠭᠠᠨ ᠢ ᠨᠢᠭᠲᠠᠷᠠᠭᠤᠯᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠶᠢ ᠠᠬᠢᠭᠤᠯᠵᠤ ᠠᠵᠤ ᠠᠬᠤᠢ ᠨᠡᠶᠢᠭᠡᠮ ᠤᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ | | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 2 ᠳ᠋ᠤᠭᠠᠷ ᠰᠠᠷ᠎ᠠ ᠶᠢᠨ 18 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ | ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 2020 ᠣᠨ ᠤ ᠪᠦᠬᠦ ᠤᠯᠤᠰ ᠤᠨ ᠬᠤᠶᠠᠷ ᠬᠤᠷᠠᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ | ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠠᠨ ᠤ ᠤᠶᠤᠨ ᠤᠬᠠᠭᠠᠨ ᠢ ᠨᠢᠭᠲᠠᠷᠠᠭᠤᠯᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ | ᠬᠢᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠭᠦᠢᠴᠡᠳᠬᠡᠬᠦ ᠪᠣᠯ ᠵᠠᠰᠠᠭ ᠤᠨ ᠣᠷᠳᠣᠨ ᠠᠷᠠᠳ ᠤᠨ ᠲᠦᠯᠦᠭᠡ ᠡᠭᠦᠷᠭᠡ ᠲᠤᠰᠢᠶᠠᠯ | ᠭᠦᠢᠴᠡᠳᠬᠡᠬᠦ ᠶᠢᠨ ᠳᠣᠲᠣᠭᠠᠳᠤ ᠱᠠᠭᠠᠷᠳᠠᠯᠭ᠎ᠠ ᠮᠥᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠶᠢᠨ | ᠲᠦᠷᠢᠮ ᠤᠨ ᠴᠢᠨᠠᠷᠲᠠᠢ ᠲᠤᠬᠢᠷᠠᠭᠤᠯᠤᠯᠳᠠ ᠮᠥᠨ᠃ ᠨᠢᠳᠤᠨᠤᠨ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢᠨ ᠲᠤᠭ᠎ᠠ ᠨᠡᠮᠡᠭᠳᠡᠵᠦ᠂ ᠭᠦᠢᠴᠡᠳᠬᠡᠬᠦ ᠴᠠᠭ ᠨᠢ ᠣᠬᠤᠷ ᠵᠡᠷᠭᠡ | ᠪᠠᠶᠢᠳᠠᠯ ᠳᠤ ᠬᠠᠨᠳᠤᠨ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠬᠢᠵᠢᠭ ᠤᠨ ᠪᠠᠶᠢᠳᠠᠯ ᠤᠨ ᠨᠥᠯᠥᠭᠡ ᠵᠡᠷᠭᠡ ᠣᠯᠠᠨ ᠳᠠᠪᠬᠤᠷ ᠬᠦᠴᠢᠷᠳᠡᠯ ᠢ | ᠢᠯᠠᠨ ᠳᠠᠪᠠᠵᠤ᠂ ᠭᠦᠢᠴᠡᠳᠬᠡᠬᠦ ᠠᠵᠢᠯ ᠤᠨ ᠲᠣᠭᠲᠠᠴᠠ ᠶᠢ ᠰᠢᠨ᠎ᠡ ᠶᠢ ᠡᠭᠦᠳᠦᠨ ᠪᠦᠷᠢᠨᠰᠢᠭᠦᠯᠵᠦ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠨᠡᠶᠢᠲᠡ 8108 ᠬᠤᠪᠢ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ | ᠳᠤᠷᠠᠳᠤᠯᠭ᠎ᠠ ᠶᠢ ᠨᠡᠶᠢᠲᠡ 4115 ᠬᠤᠪᠢ ᠲᠦᠷᠦᠭᠦᠯᠡᠨ ᠭᠦᠢᠴᠡᠳᠬᠡᠵᠦ᠂ ᠡᠨᠡ ᠨᠢ ᠲᠤᠰ ᠲᠤᠰ ᠰᠠᠨᠠᠭᠤᠯᠭ᠎ᠠ ᠰᠠᠨᠠᠯ ᠳᠤᠷᠠᠳᠤᠯᠭ᠎ᠠ ᠶᠢᠨ ᠪᠥᠬᠦ ᠲᠣᠭᠠᠨ ᠤ | 88.3% ᠪᠠ 84.9% ᠶᠢ ᠡᠵᠡᠯᠡᠪᠡ᠃ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠬᠦ ᠪᠠᠷ ᠳᠠᠮᠵᠢᠭᠤᠯᠤᠨ᠂ ᠡᠯ᠎ᠡ ᠰᠠᠯᠠᠭ᠎ᠠ ᠮᠥᠴᠢᠷ ᠤᠨ ᠬᠢᠨ | ᠲᠥᠯᠥᠭᠡᠯᠡᠭᠴᠢ ᠭᠡᠰᠢᠭᠦᠨ ᠤ ᠰᠠᠨᠠᠯ ᠰᠠᠨᠠᠭᠤᠯᠭ᠎ᠠ ᠶᠢ ᠨᠡᠶᠢᠲᠡ 3700 ᠭᠠᠷᠤᠢ ᠵᠤᠷᠪᠤᠰ ᠬᠦᠯᠢᠶᠡᠨ ᠠᠪᠴᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ 1500 ᠭᠠᠷᠤᠢ ᠵᠦᠢᠯ ᠨᠡᠶᠢᠲᠡᠯᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠬᠦᠴᠦᠲᠡᠶ ᠳᠥᠯᠭᠢᠨ | ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠪᠡᠷᠬᠡ ᠠᠰᠠᠭᠤᠳᠠᠯ ᠢ ᠰᠢᠢᠳᠪᠦᠷᠢᠯᠡᠬᠦ ᠵᠡᠷᠭᠡ ᠬᠠᠮᠢᠶ᠎ᠠ ᠪᠥᠬᠦᠶ | ᠠᠵᠢᠯ ᠢ ᠠᠬᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠦᠯᠦᠪᠵᠢᠭᠦᠯᠦᠨ ᠠᠬᠢᠭᠤᠯᠬᠤ᠂ | ᠪᠥᠬᠦ ᠵᠢᠯ ᠤᠨ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠳᠤ ᠢᠳᠡᠪᠬᠢᠲᠡᠶ ᠦᠢᠯᠡᠳᠦᠯ ᠦᠵᠡᠭᠦᠯᠪᠡ ᠭᠡᠪᠡ᠃ ᠬᠤᠷᠠᠯ ᠠᠴᠠ ᠱᠠᠭᠠᠷᠳᠠᠭᠰᠠᠨ ᠨᠢ᠂ ᠨᠢᠭᠡᠨᠲᠡ ᠬᠦᠯᠢᠶᠡᠨ | ᠠᠪᠤᠭᠰᠠᠨ ᠰᠠᠨᠠᠯ ᠰᠠᠨᠠᠭᠤᠯᠭ᠎ᠠ ᠶᠢ ᠦᠷᠭᠦᠯᠵᠢᠯᠡᠨ ᠦᠷ᠎ᠡ ᠪᠦᠲᠦᠮᠵᠢ ᠭᠠᠷᠲᠠᠯ᠎ᠠ ᠠᠳᠬᠤᠬᠤ ᠬᠡᠷᠡᠭᠲᠡᠢ ᠭᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠳᠠᠯ ᠦᠭᠡᠢ ᠪᠣᠯᠬᠤ ᠭᠡᠵᠦ ᠪᠠᠶᠢᠨ᠎ᠠ᠂ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠠᠵᠤ ᠠᠬᠤᠢ ᠶᠢᠨ ᠠᠵᠢᠯ ᠤᠨ | ᠬᠤᠷᠠᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠲᠣᠭᠤᠷᠢᠨ ᠳᠤ᠂ ᠲᠥᠯᠥᠭᠡᠯᠡᠭᠴᠢ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠬᠤ᠂ ᠰᠠᠨᠠᠭᠤᠯᠭ᠎ᠠ | ᠰᠠᠨᠠᠯ ᠳᠤᠷᠠᠳᠤᠯᠭ᠎ᠠ ᠶᠢ ᠭᠦᠢᠴᠡᠳᠬᠡᠬᠦ ᠶᠢ ᠵᠠᠰᠠᠭ ᠤᠨ ᠣᠷᠳᠣᠨ ᠤ ᠠᠵᠢᠯ ᠤᠨ ᠴᠢᠬᠤᠯᠠ ᠠᠭᠤᠯᠭ᠎ᠠ ᠪᠣᠯᠭᠠᠵᠤ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ | ᠪᠣᠯᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠳᠤ ᠠᠭᠤᠰᠤᠯᠴᠠᠭᠤᠯᠵᠤ᠂ ᠨᠡᠶᠢᠭᠡᠮ ᠵᠢᠷᠦᠮᠲᠤ ᠣᠳᠣᠬᠢᠴᠢᠯᠠᠭᠰᠠᠨ ᠤᠯᠤᠰ ᠢ | ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠶᠢ ᠰᠠᠶᠢᠲᠤᠷ ᠡᠬᠢᠯᠡᠭᠦᠯᠵᠦ᠂ ᠰᠠᠶᠢᠨ ᠡᠬᠢᠯᠡᠯᠲᠡ ᠲᠠᠢ ᠪᠣᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ ᠨᠢᠭᠡ ᠳᠤ | ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠰᠠᠨᠠᠯ ᠰᠠᠨᠠᠭᠤᠯᠭ᠎ᠠ ᠶᠢ ᠰᠣᠨᠣᠰᠬᠤ ᠪᠠ ᠴᠤᠭᠯᠠᠭᠤᠯᠬᠤ ᠬᠤᠯᠪᠤᠭᠳᠠᠯ ᠪᠦᠬᠦᠢ ᠠᠵᠢᠯ ᠢ ᠨᠠᠷᠢᠨ ᠬᠢᠨᠠᠮᠠᠭᠠᠢ | ᠰᠠᠶᠢᠲᠤᠷ ᠬᠢᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠤᠯᠠ ᠣᠷᠤᠯᠴᠠᠨ ᠰᠤᠯᠠ ᠰᠣᠨᠣᠰᠬᠤ ᠳᠤ ᠣᠷᠤᠯᠴᠠᠬᠤ ᠳᠤ ᠪᠠᠨ ᠲᠥᠯᠥᠭᠡᠯᠡᠭᠴᠢ | ᠭᠡᠰᠢᠭᠦᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠰᠦᠯᠵᠢᠶ᠎ᠡ᠂ ᠬᠠᠯᠠᠮᠰᠢᠯ ᠤᠲᠠᠰᠤ ᠵᠢᠵᠢᠭᠦᠷᠯᠡᠬᠦ | ᠤᠲᠠᠰᠤ᠂ ᠸᠢᠳᠢᠣ᠋ ᠪᠠᠷ ᠬᠤᠯᠪᠣᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠶᠢ ᠢᠳᠡᠪᠬᠢᠲᠡᠢ ᠥᠷᠭᠡᠳᠬᠡᠵᠦ᠂ ᠲᠥᠯᠥᠭᠡᠯᠡᠭᠴᠢ ᠭᠡᠰᠢᠭᠦᠳ ᠲᠠᠢ ᠰᠠᠭᠠᠳ ᠦᠭᠡᠢ | ᠰᠣᠯᠢᠯᠴᠠᠭ᠎ᠠ ᠬᠢᠬᠦ ᠬᠡᠷᠡᠭᠲᠡᠢ᠃ ᠬᠤᠶᠠᠷ ᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠬᠦ ᠶᠠᠪᠤᠳᠠᠯ ᠢ ᠡᠯ᠎ᠡ | ᠵᠦᠢᠯ ᠤᠨ ᠲᠤᠬᠠᠶᠢᠯᠠᠭᠰᠠᠨ ᠠᠵᠢᠯ ᠢ ᠲᠦᠯᠬᠢᠨ ᠠᠬᠢᠭᠤᠯᠬᠤ ᠲᠠᠢ ᠨᠢᠭᠲᠠ ᠤᠶᠠᠯᠳᠤᠭᠤᠯᠬᠤ ᠬᠡᠷᠡᠭᠲᠡᠢ᠃ ᠲᠥᠯᠥᠭᠡᠯᠡᠭᠴᠢ ᠭᠡᠰᠢᠭᠦᠳ ᠤᠨ ᠰᠠᠨᠠᠯ ᠰᠠᠨᠠᠭᠤᠯᠭ᠎ᠠ ᠶᠢ | ᠨᠠᠷᠢᠨ ᠬᠢᠨᠠᠮᠠᠭᠠᠶ ᠰᠤᠳᠤᠯᠵᠤ᠂ ᠵᠠᠷᠢᠮ ᠢ ᠨᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠣᠷᠤᠭᠤᠯᠬᠤ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠦᠲᠦᠯᠪᠦᠷᠢ ᠳᠤ ᠵᠠᠰᠠᠪᠤᠷᠢ ᠣᠷᠣᠭᠤᠯᠬᠤ ᠶᠠᠪᠤᠴᠠ ᠳᠤ ᠣᠷᠣᠭᠤᠯᠵᠤ᠂ ᠵᠠᠷᠢᠮ ᠢ ᠨᠢ ᠬᠤᠶᠢᠰᠢᠳᠠ ᠶᠢᠨ ᠬᠠᠮᠢᠶ᠎ᠠ ᠪᠦᠬᠦᠢ ᠠᠵᠢᠯ ᠪᠤᠶᠤ | ᠲᠦᠷᠦ ᠶᠢᠨ ᠪᠤᠳᠤᠯᠭ᠎ᠠ ᠶᠢᠨ ᠨᠥᠭᠡᠴᠡ ᠳᠤ ᠣᠷᠤᠭᠤᠯᠤᠨ᠂ ᠲᠥᠯᠥᠭᠡᠯᠡᠭᠴᠢ ᠭᠡᠰᠢᠭᠦᠳ ᠤᠨ ᠦᠨᠡᠨ ᠮᠡᠳᠡᠯᠭᠡ ᠨᠡᠪᠲᠡᠷᠬᠡᠶ ᠦᠵᠡᠯᠲᠡ ᠶᠢ ᠵᠠᠰᠠᠭ ᠤᠨ ᠣᠷᠳᠣᠨ ᠤ | ᠠᠵᠢᠯ ᠢ ᠰᠠᠶᠢᠲᠤᠷ ᠬᠢᠬᠦ ᠶᠢᠨ ᠪᠣᠳᠠᠲᠠᠶ ᠠᠷᠭ᠎ᠠ ᠮᠡᠷᠭᠡᠨ ᠠᠷᠭ᠎ᠠ ᠪᠣᠯᠭᠠᠨ ᠤᠯᠠᠷᠢᠭᠤᠯᠬᠤ ᠬᠡᠷᠡᠭᠲᠡᠶ᠃ ᠭᠤᠷᠪᠠ ᠳᠤ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠬᠦ | ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠠᠵᠢᠯ ᠢ ᠰᠣᠳᠤᠯᠬᠤ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ | ᠬᠢᠬᠦ ᠳᠤ ᠪᠠᠨ ᠰᠠᠨᠠᠭᠠᠴᠢᠯᠠᠭ᠎ᠠ ᠠᠴᠠ ᠪᠠᠨ ᠬᠠᠮᠢᠶ᠎ᠠ ᠪᠦᠬᠦᠢ ᠲᠥᠯᠥᠭᠡᠯᠡᠭᠴᠢ ᠭᠡᠰᠢᠭᠦᠳ ᠢ ᠤᠷᠢᠨ ᠣᠷᠣᠯᠴᠠᠭᠤᠯᠵᠤ᠂ ᠭᠦᠢᠴᠡᠳᠬᠡᠬᠦ ᠠᠵᠢᠯ ᠲᠠᠢ ᠤᠶᠠᠯᠳᠤᠭᠤᠯᠤᠨ | ᠭᠤᠣᠯᠳᠠᠯᠭ᠎ᠠ ᠲᠠᠢ ᠬᠦᠴᠢᠷᠲᠡᠢ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠲᠥᠯᠥᠭᠡᠯᠡᠬᠦ ᠴᠢᠨᠠᠷ ᠢᠶᠠᠷ ᠴᠢᠩᠭ᠎ᠠ᠂ ᠠᠩᠬᠠᠷᠬᠤ ᠬᠡᠮᠵᠢᠶ᠎ᠡ ᠪᠠᠷ ᠥᠨᠳᠥᠷ | ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠬᠦᠴᠦᠨ ᠢᠶᠠᠨ ᠲᠥᠪᠯᠡᠷᠡᠭᠦᠯᠦᠨ ᠰᠤᠳᠤᠯᠤᠨ ᠭᠦᠢᠴᠡᠳᠬᠡᠵᠦ᠂ ᠭᠤᠣᠯᠳᠠᠯᠭ᠎ᠠ ᠲᠠᠢ ᠪᠠᠷ ᠰᠢᠪᠲᠤᠯᠬᠤ ᠬᠡᠷᠡᠭᠲᠡᠶ᠃ ᠰᠠᠨᠠᠭᠤᠯᠭ᠎ᠠ | ᠰᠠᠨᠠᠯ ᠳᠤᠷᠠᠳᠤᠯᠭ᠎ᠠ ᠳᠤ ᠬᠤᠯᠪᠣᠭᠳᠠᠭᠰᠠᠨ ᠣᠯᠠᠨᠲᠠ ᠳᠤᠷᠠᠳᠤᠭᠰᠠᠨ ᠴᠤ ᠭᠦᠢᠴᠡᠳᠬᠡᠬᠦ ᠳᠤ ᠪᠡᠷᠬᠡᠲᠡᠶ ᠲᠤᠪᠤᠶᠢᠮ᠎ᠠ ᠠᠰᠠᠭᠤᠳᠠᠯ ᠳᠤ ᠠᠵᠢᠯ ᠤᠨ ᠲᠤᠰᠬᠠᠢ ᠲᠦᠰᠦᠯ | ᠲᠣᠭᠲᠠᠭᠠᠵᠤ ᠲᠥᠪᠯᠡᠷᠡᠭᠦᠯᠦᠨ ᠰᠢᠪᠲᠤᠯᠬᠤ ᠬᠡᠷᠡᠭᠲᠡᠶ᠃ ᠭᠦᠢᠴᠡᠳᠬᠡᠬᠦ ᠳᠤ ᠬᠦᠴᠢᠷᠲᠡᠢ᠂ ᠣᠷᠣᠨ ᠨᠤᠲᠤᠭ ᠲᠤ ᠬᠤᠯᠪᠤᠭᠳᠠᠭᠰᠠᠨ ᠰᠠᠨᠠᠭᠤᠯᠭ᠎ᠠ ᠰᠠᠨᠠᠯ | ᠳᠤᠷᠠᠳᠤᠯᠭ᠎ᠠ ᠳᠤ ᠰᠠᠯᠠᠭ᠎ᠠ ᠮᠥᠴᠢᠷ ᠪᠣᠯᠤᠨ ᠲᠥᠯᠥᠭᠡᠯᠡᠭᠴᠢ ᠭᠡᠰᠢᠭᠦᠨ᠂ ᠣᠷᠣᠨ ᠨᠤᠲᠤᠭ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠭᠦᠢᠴᠡᠳᠬᠡᠬᠦ ᠶᠢ | ᠬᠠᠮᠲᠤ ᠪᠠᠷ ᠠᠬᠢᠭᠤᠯᠬᠤ ᠬᠡᠷᠡᠭᠲᠡᠢ᠃ ᠳᠥᠷᠪᠡ ᠳᠤ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ ᠴᠢᠩᠭᠠᠳᠬᠠᠵᠤ᠂ ᠭᠦᠢᠴᠡᠳᠬᠡᠬᠦ ᠡᠬᠡ ᠲᠠᠩᠰᠠ ᠪᠠᠶᠢᠭᠤᠯᠤᠨ᠂ ᠴᠠᠭ ᠤᠨ | ᠬᠢᠵᠠᠭᠠᠷ ᠢ ᠲᠣᠳᠣᠷᠬᠠᠶᠢᠯᠠᠵᠤ᠂ ᠴᠠᠭ ᠲᠤᠬᠠᠶ ᠳᠤ ᠨᠢ ᠭᠦᠢᠴᠡᠳᠬᠡᠵᠦ ᠳᠠᠭᠤᠰᠬᠠᠬᠤ ᠬᠡᠷᠡᠭᠲᠡᠶ᠃ ᠭᠦᠢᠴᠡᠳᠬᠡᠬᠦ ᠶᠠᠪᠤᠴᠠ ᠳᠤ ᠰᠠᠨᠠᠭᠠᠴᠢᠯᠠᠭ᠎ᠠ ᠠᠴᠠ ᠪᠠᠨ | ᠲᠥᠯᠥᠭᠡᠯᠡᠭᠴᠢ ᠭᠡᠰᠢᠭᠦᠳ ᠲᠤ ᠠᠵᠢᠯ ᠤᠨ ᠠᠬᠢᠴᠠ ᠶᠢ ᠲᠠᠨᠢᠯᠴᠠᠭᠤᠯᠵᠤ᠂ ᠴᠠᠭ ᠲᠤᠬᠠᠶ ᠳᠤ ᠨᠢ ᠬᠠᠷᠢᠭᠤ ᠲᠤᠰᠬᠠᠬᠤ ᠪᠠ ᠬᠠᠷᠢᠭᠤᠯᠲᠠ ᠶᠢᠨ ᠠᠭᠤᠯᠭ᠎ᠠ ᠶᠢ | ᠲᠠᠶᠢᠯᠪᠤᠷᠢᠯᠠᠵᠤ ᠥᠭᠬᠦ ᠬᠡᠷᠡᠭᠲᠡᠶ᠃ ᠲᠠᠪᠤ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠭᠦᠢᠴᠡᠳᠬᠡᠬᠦ ᠠᠵᠢᠯ ᠢ ᠨᠢᠭᠡᠳᠦᠯᠲᠡᠶ ᠲᠦᠯᠦᠪᠵᠢᠭᠦᠯᠦᠨ | ᠵᠣᠬᠢᠴᠠᠭᠤᠯᠬᠤ ᠪᠠ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠬᠢᠨ ᠪᠦᠲᠦᠮᠵᠢᠲᠡᠶ ᠲᠤᠷᠰᠢᠯᠭ᠎ᠠ ᠬᠢᠳᠡᠯ ᠢᠶᠠᠨ | ᠨᠠᠷᠢᠨ ᠬᠢᠨᠠᠮᠠᠭᠠᠶ ᠳ᠋ᠦᠩᠨᠡᠵᠦ᠂ ᠭᠦᠢᠴᠡᠳᠬᠡᠬᠦ ᠠᠵᠢᠯ ᠤᠨ ᠳᠦᠷᠢᠮᠵᠢᠯᠲᠡ ᠪᠠ ᠵᠢᠷᠤᠮᠵᠢᠯᠲᠠ ᠶᠢ ᠠᠬᠢᠭᠤᠯᠬᠤ ᠬᠡᠷᠡᠭᠲᠡᠶ᠃ ᠰᠠᠨᠠᠭᠤᠯᠭ᠎ᠠ ᠰᠠᠨᠠᠯ ᠳᠤᠷᠠᠳᠤᠯᠭ᠎ᠠ ᠶᠢ | ᠭᠦᠢᠴᠡᠳᠬᠡᠬᠦ ᠬᠠᠮᠢᠶ᠎ᠠ ᠪᠦᠬᠦᠢ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠲᠥᠯᠥᠭᠡᠯᠡᠭᠴᠢ ᠭᠡᠰᠢᠭᠦᠳ ᠪᠠ ᠨᠡᠶᠢᠭᠡᠮ ᠤᠨ | ᠬᠢᠨᠠᠯᠲᠠ ᠶᠢ ᠬᠦᠯᠢᠶᠡᠬᠦ ᠬᠡᠷᠡᠭᠲᠡᠢ ᠭᠡᠵᠡᠢ᠃ | |